2021 ᠤᠨ ᠤ  ᠵᠢᠷᠭᠤᠳᠤᠭᠠᠷ ᠰᠠᠷ᠎ᠠ ᠶᠢᠨ ᠬᠢᠶ᠎ᠠ ᠪᠠᠭᠰᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2021/12/15
        6 ᠳ᠋ᠤᠭᠠᠷ ᠰᠠᠷ᠎ᠠ ᠶᠢᠨ 2 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠥᠬᠦ ᠤᠯᠤᠰ ᠤᠨ ︽  ᠲᠠᠯᠪᠢᠬᠤ   ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠬᠤᠷᠠᠯᠳᠤᠭᠤᠯᠪᠠ᠃  ᠳᠤᠮᠳᠠᠳᠤ ᠤᠯᠣᠰ ᠤᠨ ᠡᠪ  ᠬᠠᠮᠲᠤ ᠨᠠᠮ ᠤᠨ ᠲᠥᠪ ᠬᠤᠷᠢᠶᠠᠨ ᠤ ᠤᠯᠣᠰ  ᠲᠦᠷᠦ  ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠪᠠ᠃ ᠲᠣᠭᠤᠷᠢᠭ ᠤᠨ ᠤᠳᠤᠷᠢᠳᠤᠯᠭ᠎ᠠ ᠸᠠᠩ ᠰᠢᠤᠸᠠᠢ ᠹᠧᠩ᠂ ᠸᠠᠩ ᠵᠢᠶᠤᠤ᠂ ᠯᠢᠦ ᠴᠦᠨ ᠹᠠᠩ᠂ ᠾᠧ ᠹᠸᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃        6 ᠳ᠋ᠤᠭᠠᠷ ᠰᠠᠷ᠎ᠠ ᠶᠢᠨ 4 ᠤ ᠡᠳᠦᠷ᠂ ᠮᠥᠩᠭᠦᠨ ᠭᠦᠢᠯᠭᠡᠭᠡᠨ  ᠤ ᠴᠢᠳᠠᠪᠤᠷᠢᠲᠠᠨ ᠤ ᠣᠷᠳᠣᠰ ᠤᠨ ᠠᠵᠢᠯ ᠤᠨ ᠰᠠᠭᠤᠷᠢᠨ ᠭᠠᠵᠠᠷ ᠤᠨ ᠠᠵᠤ  ᠦᠢᠯᠡᠰ ᠬᠢᠭᠡᠳ ᠬᠥᠷᠥᠩᠭᠡ ᠶᠢᠨ ᠭᠦᠨᠵᠡᠭᠡᠶ ᠠᠭᠤᠰᠤᠯᠴᠠᠯ ᠤᠨ ᠶᠠᠷᠢᠯᠴᠠᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂  ᠳᠡᠳ᠋ ᠲᠣᠭᠤᠷᠢᠭ ᠤᠨ ᠳᠠᠷᠤᠭ᠎ᠠ ᠵᠠᠩ ᠫᠢᠩ ᠬᠤᠷᠠᠯ ᠳᠤ ᠣᠷᠣᠯᠴᠠᠪᠠ᠃ ᠬᠤᠷᠠᠯ ᠠᠴᠠ   ᠴᠧᠩᠳᠦ  ᠶᠢᠨ ᠲᠢᠶᠠᠨ ᠹᠦ᠋ ᠤᠯᠠᠨ ᠤᠯᠤᠰ ᠤᠨ ᠰᠠᠭᠤᠷᠢ ᠮᠥᠩᠭᠦᠨ ᠤ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ᠂ ᠱᠧᠨᠵᠧᠨ ᠤ ᠵᠦᠩ ᠺᠧ ᠲᠡᠷᠢᠭᠦᠨ ᠤ ᠠᠵᠤ ᠦᠢᠯᠡᠰ ᠢ ᠨᠡᠶᠢᠯᠡᠭᠦᠯᠦᠨ ᠠᠪᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠪᠠ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠥᠪ ᠤᠨ ᠪᠦᠳᠦᠭᠡᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ ᠳᠡᠪᠰᠢᠭᠦᠯᠵᠡᠢ᠃ ᠸᠠᠩ ᠰᠢᠤᠸᠠᠢ  ᠹᠧᠩ ᠂ ᠬᠢᠶ᠎ᠠ ᠪᠠᠭᠰᠢ ᠲᠤᠭᠤᠷᠢᠭ ᠤᠨ ᠲᠤᠬᠢᠯᠢᠭ  ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠪᠠ ᠭᠠᠵᠠᠷ ᠣᠷᠣᠨ ᠤ ᠠᠵᠤ ᠠᠬᠤᠶ ᠶᠢᠨ ᠢᠳᠡᠪᠬᠢᠴᠡ ᠵᠢᠴᠢ ᠴᠢᠨᠠᠷ ᠰᠠᠶᠢᠲᠠᠶ ᠠᠮᠢ ᠠᠬᠤᠶ᠂ ᠰᠤᠷᠭᠠᠨ ᠬᠥᠮᠦᠵᠢᠯ ᠤᠨ ᠣᠷᠴᠢᠨ ᠨᠥᠬᠦᠴᠡᠯ ᠨᠢ ᠮᠥᠩᠭᠦᠨ  ᠭᠦᠢᠯᠭᠡᠭᠡᠨ ᠤ ᠠᠵᠤ  ᠦᠢᠯᠡᠰ ᠤᠨ ᠲᠥᠪᠯᠡᠷᠡᠯ ᠪᠠ ᠬᠥᠭᠵᠢᠯᠲᠡ ᠳᠤ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠶ ᠬᠠᠩᠭᠠᠬᠤ ᠪᠣᠯᠤᠨ᠎ᠠ ᠭᠡᠵᠡᠶ᠃              6  ᠳ᠋ᠤᠭᠠᠷ ᠰᠠᠷ᠎ᠠ ᠶᠢᠨ 11 ᠤ ᠡᠳᠦᠷ᠂ ᠬᠢᠶ᠎ᠠ ᠪᠠᠭᠰᠢ ᠲᠣᠭᠤᠷᠢᠭ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠲᠤᠬᠢᠷᠠᠭᠤᠯᠤᠯᠳᠠ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠲᠣᠭᠲᠠᠭᠠᠯ ᠢ ᠨᠡᠶᠢᠲᠡᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠱᠧ ᠰᠢ  ᠸᠧᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠠᠩ  ᠫᠧᠩ ᠴᠧᠩ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠥᠬᠦᠶ ᠲᠣᠭᠲᠠᠭᠠᠯ ᠢ ᠤᠩᠰᠢᠨ ᠨᠡᠶᠢᠲᠡᠯᠡᠪᠡ᠃ ᠰᠢᠩ ᠵᠧᠩ ᠨᠥᠬᠦᠷ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠪᠡ᠃ ᠲᠣᠭᠤᠷᠢᠭ ᠤᠨ ᠳᠦᠷᠪᠡᠨ ᠶᠡᠭᠡ ᠤᠳᠤᠷᠢᠳᠬᠤ  ᠪᠠᠭ ᠤᠨ ᠬᠢᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ  ᠪᠠ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ᠂ ᠡᠯ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃               6 ᠳ᠋ᠤᠭᠠᠷ ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠪᠦᠬᠦ  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠲᠣᠭᠤᠷᠢᠭ ᠤᠨ ᠳᠠᠷᠤᠭ᠎ᠠ ᠸᠠᠩ ᠵᠢᠶᠤᠤ᠂ ᠳᠡᠳ᠋  ᠲᠣᠭᠤᠷᠢᠭ ᠤᠨ ᠳᠠᠷᠤᠭ᠎ᠠ ᠯᠢᠦ ᠴᠦᠨ ᠹᠠᠩ᠂ ᠸᠠᠩ ᠷᠦᠢ ᠰᠢᠶᠠᠩ ᠬᠠᠮᠲᠤ ᠪᠠᠷ  ᠪᠠᠶᠢᠴᠠᠭᠠᠪᠠ᠃        ᠸᠠᠩ ᠰᠢᠤᠸᠠᠢ ᠹᠧᠩ ᠤᠷᠢᠳ ᠬᠤᠵᠢᠳ ᠭᠤᠣᠯ ᠲᠤᠰᠤ ᠨᠡᠮᠡᠬᠦ ᠦᠷᠳᠡᠭᠡ᠂ ᠺᠠᠩ ᠵᠧᠨ᠂ ᠪᠠᠢ ᠯᠢᠶᠠᠨ ᠪᠠᠢ ᠱᠧᠩ ᠬᠡᠳᠦ ᠳᠡᠯᠭᠡᠭᠦᠷ᠂ ᠺᠠᠩ ᠴᠧᠩ ᠮᠢᠩ ᠶᠤᠸᠠᠨ᠂ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠳᠠᠯᠳᠠ ᠭᠡᠮ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠤᠬᠢᠷᠠᠭᠤᠯᠬᠤ᠂ ᠰᠢᠲᠠᠮᠠᠬᠠᠢ ᠬᠡᠢ ᠶᠢᠨ ᠬᠡᠷᠡᠭᠯᠡᠯᠲᠡ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠡᠢ᠃ ᠸᠠᠩ ᠰᠢᠤᠸᠠᠢ  ᠹᠧᠩ ᠂ ᠠᠶᠤᠯᠭᠦᠶ ᠦᠢᠯᠡᠳᠪᠦᠷᠢᠯᠡᠯ  ᠤᠨ ᠬᠥᠮᠦᠨ ᠤ ᠠᠮᠢ ᠨᠠᠰᠤ ᠲᠠᠢ ᠬᠤᠯᠪᠣᠭᠳᠠᠬᠤ ᠤᠴᠢᠷ ᠠᠴᠠ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠦᠵᠡᠯ ᠰᠠᠨᠠᠭ᠎ᠠ ᠲᠠᠨᠢᠯᠲᠠ ᠪᠠᠨ ᠪᠠᠲᠤ ᠪᠠᠬᠢ ᠪᠣᠶ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠳᠤ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ  ᠭᠡᠵᠤ ᠴᠢᠬᠤᠯᠠᠴᠢᠯᠠᠵᠠᠢ ᠃        6 ᠳ᠋ᠤᠭᠠᠷ  ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠤᠷᠢᠯᠭ᠎ᠠ ᠪᠠᠷ ︽ᠴᠢᠨᠡᠭᠡᠯᠢᠭ  ᠠᠮᠢᠳᠤᠷᠠᠯ ᠤᠨ ᠵᠠᠮ ᠳᠡᠭᠡᠷᠡᠬᠢ ᠪᠣᠬᠢᠷᠲᠤᠯ ᠥᠬᠡᠶ ᠬᠦᠴᠦᠨ︾ ᠭᠡᠬᠦ ᠳᠣᠯᠣᠳᠤᠭᠠᠷ ᠬᠤᠭᠤᠴᠠᠭᠠᠨ ᠤ ᠪᠣᠬᠢᠷᠲᠤᠯ ᠥᠬᠡᠶ ᠬᠥᠭᠵᠢᠯᠲᠡ ᠶᠢᠨ  ᠦᠭᠦᠯᠡᠯ ᠤᠨ ᠲᠠᠪᠴᠠᠩ ᠳᠤ ᠣᠷᠣᠯᠴᠠᠭᠰᠠᠨ ᠪᠥᠭᠡᠳ ᠭᠤᠤᠯ ᠵᠣᠷᠢᠯᠲᠠ ᠶᠢᠨ ᠶᠠᠷᠢᠶ᠎ᠠ ᠲᠠᠯᠪᠢᠵᠠᠶ᠃ ᠸᠠᠩ ᠰᠢᠤᠸᠠᠢ  ᠹᠧᠩ ︽  ᠪᠤᠬᠢᠷᠳᠤᠯ ᠦᠭᠡᠢ ᠰᠠᠭᠤᠬᠤ ᠳᠤ ᠲᠠᠭᠠᠲᠠᠢ ᠺᠠᠩ ᠴᠧᠩ     ᠲᠠᠯ᠎ᠠ ᠨᠤᠲᠤᠭ ᠤᠨ ᠲᠤᠷᠭᠠᠨ ᠵᠠᠮ ᠤᠨ ᠲᠠᠩᠰᠤᠭ ᠬᠠᠭᠤᠳᠠᠰᠤ ᠶᠢ  ᠤᠩᠰᠢᠵᠤ ᠰᠤᠨᠢᠷᠬᠠᠨ᠎ᠠ ︾  ᠭᠡᠬᠦ ᠭᠤᠣᠯ  ᠰᠡᠳᠦᠪ ᠤᠨ ᠲᠤᠭᠤᠷᠢᠨ ᠳᠤ ᠶᠠᠷᠢᠶ᠎ᠠ ᠲᠠᠯᠪᠢᠬᠤ ᠳᠠᠭᠠᠨ᠂ ᠬᠢᠶ᠎ᠠ ᠪᠠᠭᠰᠢ ᠲᠣᠭᠤᠷᠢᠭ ᠪᠣᠯ ᠥᠨᠳᠦᠷᠯᠢᠭ ᠤᠨ ᠳᠣᠲᠣᠭᠠᠳᠤ ᠬᠠᠭᠤᠷᠠᠢ ᠳᠤ  ᠰᠠᠭᠤᠷᠢᠰᠢᠭᠰᠠᠨ ᠦᠵᠡᠰᠬᠦᠯᠡᠩᠲᠦ ᠰᠠᠶᠢᠬᠠᠨ ᠬᠤᠳᠠ ᠪᠣᠯᠤᠨ᠎ᠠ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ  ᠱᠤ᠋ ᠸᠧᠢ ᠶᠠᠷᠢᠶᠠᠨ ᠤ ᠲᠠᠪᠴᠠᠩ ᠳᠤ ᠣᠷᠣᠯᠴᠠᠪᠠ᠃        6 ᠳ᠋ᠤᠭᠠᠷ  ᠰᠠᠷ᠎ᠠ ᠶᠢᠨ 24 ᠤ ᠡᠳᠦᠷ᠂ ᠬᠢᠶ᠎ᠠ ᠪᠠᠭᠰᠢ ᠲᠣᠭᠤᠷᠢᠭ ᠥᠪᠥᠷ ᠮᠣᠩᠭᠤᠯ ᠳᠤ ᠰᠠᠭᠤᠭ᠎ᠠ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠨ ᠲᠠᠢ ᠶᠠᠷᠢᠯᠴᠠᠬᠤ ᠬᠤᠷᠠᠯ ᠬᠢᠵᠦ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠶᠠᠷᠢᠯᠴᠠᠵᠤ᠂ ᠬᠠᠮᠲᠤᠷᠠᠯᠴᠠᠭᠠᠨ ᠤ ᠶᠠᠪᠤᠳᠠᠯ ᠢ ᠬᠠᠮᠲᠤᠪᠠᠷ ᠵᠥᠪᠳᠡᠯᠴᠡᠪᠡ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠭᠤᠷᠢᠭ ᠤᠨ ᠤᠳᠤᠷᠢᠳᠤᠯᠭ᠎ᠠ ᠸᠠᠩ ᠵᠢᠶᠤᠤ᠂ ᠶᠠᠩ ᠴᠠᠩ ᠴᠢᠩ᠂ ᠵᠠᠩ ᠫᠢᠩ ᠶᠠᠷᠢᠯᠴᠠᠬᠤ ᠬᠤᠷᠠᠯ ᠳᠤ ᠣᠷᠣᠯᠴᠠᠪᠠ᠃ ᠭᠤᠸᠠᠩᠳᠦ᠋ᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠭᠦᠢᠴᠡᠳᠬᠡᠭᠴᠢ ᠳᠠᠷᠤᠭ᠎ᠠ᠂ ᠬᠠᠮᠵᠢᠯᠴᠠᠬᠤ ᠬᠦᠷᠦᠩᠭᠡ ᠶᠢᠨ ᠬᠤᠷᠰᠢᠬᠴᠢ᠂  ᠸᠧᠢ ᠬᠠᠢ  ᠬᠤᠪᠢ ᠣᠷᠣᠭᠤᠯᠤᠭᠰᠠᠨ ᠬᠡᠷᠡᠭ ᠮᠡᠳᠡᠭᠴᠢᠳ ᠤᠨ ᠳᠠᠷᠤᠭ᠎ᠠ ᠯᠢᠦ ᡁᠢ  ᠬᠤᠢ ᠵᠡᠷᠭᠡ ᠥᠪᠥᠷ ᠮᠣᠩᠭᠤᠯ ᠳᠤ ᠰᠠᠭᠤᠭ᠎ᠠ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠳ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ