ᠬᠦᠳᠡᠭᠡ ᠲᠤᠰᠬᠤᠨ ᠤ ᠤᠷᠤᠨ ᠰᠠᠭᠤᠴᠠ ᠶᠢᠨ ᠰᠠᠭᠤᠷᠢᠨ ᠭᠠᠵᠠᠷ ᠤᠨ ᠭᠡᠷᠡᠭᠯᠡᠬᠦ ᠡᠷᠭᠡ ᠶᠢ ᠬᠤᠳᠠ ᠪᠠᠯᠭᠠᠰᠤᠨ ᠳᠤ ᠡᠷᠤᠭᠡ ᠠᠮᠠ ᠲᠠᠢ ᠦᠷ᠎ᠠ ᠭᠡᠤᠭᠡᠳ ᠨᠢ ᠵᠠᠯᠭᠠᠮᠵᠢᠯᠠᠵᠤ ᠪᠤᠯᠤᠨ᠎ᠠ
ᠨᠡᠶᠢᠲᠡᠯᠡᠭᠰᠡᠨ ᠴᠠᠭ᠄
2021/2/2
         ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠤᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠲᠠᠢ ᠵᠦᠪᠳᠡᠯᠴᠡᠬᠦ ᠪᠠᠷ ᠲᠠᠮᠵᠢᠨ᠂ ᠣᠶᠢᠷ᠎ᠠ ᠳᠤ ︽ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ 3226 ᠳ᠋ᠤᠭᠠᠷ ᠰᠠᠨᠠᠭᠤᠯᠭ᠎ᠠ︾ ᠳᠤ ᠳᠤᠷᠠᠳᠤᠭᠰᠠᠨ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢᠨ ᠭᠠᠵᠠᠷ ᠤᠨ ᠬᠡᠷᠡᠭᠯᠡᠬᠦ ᠡᠷᠬᠡ ᠶᠢ ᠳᠠᠩᠰᠠᠯᠠᠬᠤ ᠠᠰᠠᠭᠤᠳᠠᠯ︾ ᠤᠨ ᠲᠤᠬᠠᠢ ᠬᠠᠷᠢᠭᠤᠯᠳᠠ ᠥᠭᠬᠦ ᠳᠡᠭᠡᠨ᠄ ︽ᠲᠠᠷᠢᠶᠠᠴᠢᠳ ᠤᠨ ᠣᠷᠣᠨ ᠰᠠᠭᠤᠴᠠ ᠶᠢᠨ ᠰᠠᠭᠤᠷᠢᠨ ᠭᠠᠵᠠᠷ ᠤᠨ ᠬᠡᠷᠡᠭᠯᠡᠬᠦ ᠡᠷᠬᠡ ᠶᠢ ᠬᠤᠲᠠ ᠪᠠᠯᠭᠠᠰᠤᠨ ᠳᠤ ᠡᠷᠦᠭᠡ ᠠᠮᠠ ᠶᠢᠨ ᠲᠠᠩᠰᠠ ᠲᠠᠢ ᠦᠷ᠎ᠡ ᠬᠡᠦᠬᠡᠳ ᠨᠢ ᠬᠠᠤᠯᠢ ᠶᠣᠰᠣᠭᠠᠷ ᠦᠪ ᠵᠠᠯᠭᠠᠮᠵᠢᠯᠠᠬᠤ ᠶᠢᠨ ᠬᠠᠮᠲᠤ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠬᠢᠵᠦ ᠪᠣᠯᠤᠨ᠎ᠠ︾ ᠭᠡᠪᠡ᠃          ᠬᠠᠷᠢᠭᠤᠯᠲᠠ ᠳᠤ ᠵᠢᠭᠠᠵᠤ ᠭᠠᠷᠭᠠᠭᠰᠠᠨ ᠨᠢ᠄ ︽ᠥᠪ ᠵᠠᠯᠭᠠᠮᠵᠢᠯᠠᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠥᠪ ᠵᠠᠯᠭᠠᠮᠵᠢᠯᠠᠭᠤᠯᠤᠭᠴᠢ ᠶᠢᠨ ᠭᠡᠷ ᠪᠠᠶᠢᠰᠢᠩ ᠢ ᠥᠪ ᠬᠥᠷᠥᠩᠭᠡ ᠶᠢᠨ ᠬᠤᠪᠢ ᠪᠠᠷ ᠥᠪ ᠵᠠᠯᠭᠠᠮᠵᠢᠯᠠᠭᠴᠢ ᠵᠠᠯᠭᠠᠮᠵᠢᠯᠠᠨ᠎ᠠ᠂ ᠭᠡᠷ ᠭᠠᠵᠠᠷ ᠰᠢᠷᠣᠶ ᠶᠢ ᠨᠢᠭᠡ ᠴᠣᠭᠴᠠ ᠪᠣᠯᠭᠠᠬᠤ ᠵᠠᠷᠴᠢᠮ ᠶᠣᠰᠣᠭᠠᠷ ᠥᠪ ᠵᠠᠯᠭᠠᠮᠵᠢᠯᠠᠭᠴᠢ ᠨᠢ ᠭᠡᠷ ᠪᠠᠶᠢᠰᠢᠩ ᠢ ᠥᠮᠴᠢᠯᠡᠬᠦ ᠡᠷᠬᠡ ᠪᠠ ᠤᠷᠤᠨ ᠰᠠᠭᠤᠴᠠ ᠶᠢᠨ ᠰᠠᠭᠤᠷᠢᠨ ᠭᠠᠵᠠᠷ ᠤᠨ ᠬᠡᠷᠡᠭᠯᠡᠬᠦ ᠡᠷᠬᠡ ᠶᠢ ᠵᠠᠯᠭᠠᠮᠵᠢᠯᠠᠵᠤ᠂ ᠬᠥᠳᠡᠭᠡ ᠲᠣᠰᠬᠤᠨ ᠤ ᠤᠷᠤᠨ ᠰᠠᠭᠤᠴᠠ ᠪᠠ ᠣᠷᠣᠨ ᠰᠠᠭᠤᠴᠠ ᠶᠢᠨ ᠭᠠᠵᠠᠷ ᠢ ᠠᠰ ᠠᠰ ᠲᠤᠨᠢ ᠵᠠᠯᠭᠠᠮᠵᠢᠯᠠᠵᠤ ᠪᠣᠯᠬᠤ ᠦᠭᠡᠢ᠃ ︽ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯᠯᠠᠭᠠᠨ ᠤ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠳᠤ ᠲᠣᠳᠣᠷᠬᠠᠶ ᠲᠣᠭᠲᠠᠭᠠᠭᠰᠠᠨ ᠨᠢ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠣᠰ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠢᠰᠢ ᠬᠡᠰᠢᠬᠦᠨ ︵ᠬᠤᠲᠠ ᠪᠠᠯᠭᠠᠰᠤᠨ ᠤ ᠰᠠᠭᠤᠭᠠᠯᠢ ᠠᠷᠠᠳ ᠪᠠᠭᠲᠠᠨ᠎ᠠ︶ ᠭᠡᠷ ᠪᠠᠶᠢᠰᠢᠩ ᠢ ᠵᠠᠯᠭᠠᠮᠵᠢᠯᠠᠭᠰᠠᠨ ᠠᠴᠠ ᠪᠣᠯᠵᠤ ᠣᠷᠣᠨ ᠰᠠᠭᠤᠴᠠ ᠶᠢᠨ ᠰᠠᠭᠤᠷᠢᠨ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠡᠷᠬᠡ ᠶᠢ ᠨᠤᠲᠠᠯᠠᠨ ᠳᠡᠩᠰᠡᠯᠡᠵᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠭᠤᠯᠤᠭᠰᠠᠨ ᠳᠡᠪᠲᠡᠷ ᠵᠢᠴᠢ ᠦᠨᠡᠮᠯᠡᠯ ᠤᠨ ᠳᠠᠭᠠᠯᠳᠤᠭᠤᠯᠤᠯ ᠬᠦᠰᠦᠨᠦᠭ ᠲᠤ ︽ᠲᠣᠰ ᠡᠷᠬᠡᠲᠦ ᠬᠥᠮᠦᠨ ᠪᠣᠯ ᠲᠣᠰ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠤᠤᠯ ᠤᠨ ᠪᠦᠷᠢᠯᠳᠦᠬᠦᠨ ᠬᠡᠰᠢᠬᠦᠨ ᠤ ᠣᠷᠣᠨ ᠰᠠᠭᠤᠴᠠ ᠶᠢᠨ ᠰᠠᠭᠤᠷᠢᠨ ᠭᠠᠵᠠᠷ ᠤᠨ ᠬᠠᠤᠯᠢ ᠶᠣᠰᠣᠨ ᠤ ᠥᠪ ᠵᠠᠯᠭᠠᠮᠵᠢᠯᠠᠭᠴᠢ︾ ᠭᠡᠵᠦ ᠲᠡᠮᠳᠡᠭᠯᠡᠨ᠎ᠡ᠃          ᠡᠭᠦᠨ ᠠᠴᠠ ᠭᠠᠳᠠᠨ᠎ᠠ᠂ ︽ᠥᠯᠥ ᠬᠥᠳᠡᠯᠬᠦ ᠬᠥᠷᠥᠩᠭᠡ ᠶᠢ ᠬᠠᠮᠲᠤ ᠪᠠᠷ ᠥᠮᠴᠢᠯᠡᠬᠦ ᠳᠡᠩᠰᠡᠯᠡᠯᠲᠡ︾ ᠵᠡᠷᠭᠡ ᠠᠰᠠᠭᠤᠳᠠᠯ ᠤᠨ ᠲᠤᠬᠠᠶ ᠴᠤ ᠲᠣᠳᠣᠷᠬᠠᠶ ᠬᠠᠷᠢᠭᠤᠯᠲᠠ ᠥᠭᠴᠡᠶ᠃ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠪᠠᠶᠢᠭᠤᠯᠤᠮᠵᠢ ᠴᠥᠭᠡᠨ ᠲᠣᠭᠠᠨ ᠤ ᠬᠠᠮᠲᠤ ᠪᠠᠷ ᠥᠮᠴᠢᠯᠡᠭᠴᠢ ᠬᠠᠮᠵᠢᠯᠴᠠᠭᠰᠠᠨ ᠦᠭᠡᠢ ᠠᠴᠠ ᠪᠤᠯᠵᠤ ᠲᠠᠩᠰᠠᠯᠠᠯᠳᠠ ᠬᠢᠬᠦ ᠦᠭᠡᠢ ᠪᠠᠶᠢᠬᠤ ᠠᠰᠠᠭᠤᠳᠠᠯ ᠨᠢ ᠬᠦᠢᠴᠡᠳᠬᠡᠬᠦ ᠲᠠᠪᠬᠤᠷᠭ᠎ᠠ ᠶᠢᠨ ᠠᠰᠠᠭᠤᠳᠠᠯ ᠳᠤ ᠲᠣᠭᠠᠴᠠᠭᠳᠠᠨ᠎ᠠ᠃ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠬᠠᠤᠯᠢ ᠴᠠᠭᠠᠵᠠ ᠪᠠ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠥᠯᠥ ᠬᠥᠳᠡᠯᠬᠦ ᠬᠥᠷᠥᠩᠭᠡ ᠶᠢᠨ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠶᠢ ᠬᠠᠮᠠᠭᠠᠯᠠᠬᠤ ᠬᠡᠷᠡᠭᠳᠠᠢ ᠭᠡᠵᠡᠢ᠃ ︵ᠬᠤᠶᠡᠷ ᠡᠭᠡ ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ ︾ ᠠᠴᠠ ᠲᠡᠮᠵᠢᠭᠤᠯᠪᠠ︶
ᠢᠷᠡᠯᠲᠡ᠄ ᠣᠷᠳᠣᠰ ᠮᠣᠩᠭᠤᠯ ᠰᠦᠯᠵᠢᠶ᠎ᠡ