ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ 1 ᠰᠠᠷ᠎ᠠ ᠶᠢᠨ 28 ᠤ ᠡᠳᠦᠷ ᠤᠨ ᠮᠡᠳᠡᠭᠡ ᠰᠤᠷᠭᠠᠨᠬᠥ᠋ᠮᠦᠵᠢᠯ ᠤᠨ ᠶᠠᠮᠤᠨ ᠤ | ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠰᠤᠷᠭᠠᠨ ᠬᠥᠮᠦᠵᠢᠯ ᠤᠨ ᠶᠠᠮᠤᠨ 28 ᠤ ᠡᠳᠦᠷᠰᠠᠨᠠᠭᠤᠯᠤᠮᠵᠢ ᠨᠡᠶᠢᠲᠡᠯᠡᠵᠦ᠂ ᠡᠪᠦᠯ ᠤᠨ ᠠᠮᠠᠷᠠᠯᠲᠠ ᠶᠢᠨ | ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨᠲ᠋ᠠᠯᠠᠪᠤᠷ ᠤᠨ ᠬᠢᠵᠢᠭ ᠢ ᠰᠡᠷᠭᠡᠶᠢᠯᠡᠨ ᠬᠤᠷᠢᠬᠯᠠᠬᠤ ᠪᠠ ᠵᠢᠷᠤᠮᠵᠢᠭᠤᠯᠤᠨ ᠬᠠᠮᠢᠶᠠᠷᠬᠤ | ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠳᠤᠮᠳᠠ ᠵᠡᠷᠭᠡ ᠶᠢᠨ ᠠᠶᠤᠯ ᠲᠦᠭᠰᠢᠭᠦᠷᠢ ᠪᠠ ᠲᠦᠭᠰᠢᠭᠦᠷᠢ ᠶᠡᠬᠡᠲᠡᠶ ᠭᠠᠵᠠᠷ | ᠣᠷᠣᠨ ᠨᠢᠰᠦ᠋ᠯᠵᠢᠶᠡᠨ ᠭᠠᠳᠠᠨᠠᠬᠢ ᠰᠤᠷᠭᠠᠭᠤᠯᠢ ᠶᠢᠨ ᠭᠠᠳᠠᠨᠠᠬᠢ ᠠᠯᠢᠪᠠ ᠪᠤᠯᠪᠠᠰᠤᠷᠠᠯ ᠤᠨ ᠠᠵᠢᠯᠯᠠᠭ᠎ᠠ ᠪᠠᠨ ᠡᠷᠬᠡᠪᠰᠢ ᠵᠣᠭᠰᠣᠭᠠᠬᠤᠬᠡᠷᠡᠭᠲᠡᠶ ᠭᠡᠵᠦ | ᠱᠠᠭᠠᠷᠳᠠᠪᠠ᠃ | ᠰᠤᠷᠭᠠᠨ ᠬᠥᠮᠦᠵᠢᠯ ᠤᠨ ᠶᠠᠮᠤᠨ ᠠᠴᠠ᠂ ᠤᠢᠢᠷ᠎ᠠ ᠶᠢᠨ ᠬᠤᠭᠤᠴᠠᠭᠠᠨ ᠳᠤ᠂ ᠮᠠᠨ ᠤ ᠤᠯᠤᠰ ᠤᠨ ᠲᠤᠰ ᠭᠠᠵᠠᠷ ᠤᠨᠬᠢᠵᠢᠭ ᠤᠨ ᠪᠠᠶᠢᠳᠠᠯ ᠬᠡᠰᠡᠭ | ᠪᠤᠰᠠᠭ ᠢᠶᠠᠷ ᠡᠭᠦᠰᠬᠦ ᠪᠠ ᠬᠡᠰᠡᠭ ᠭᠠᠵᠠᠷ ᠲᠤ ᠴᠤᠬᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯᠰᠣᠯᠪᠢᠴᠠᠨ ᠳᠠᠪᠬᠤᠴᠠᠬᠤ ᠪᠠᠶᠢᠳᠠᠯ ᠢᠯᠡᠷᠡᠵᠦ᠂ ᠡᠭᠦᠨ ᠤ ᠳᠡᠭᠡᠷ᠎ᠡ | ᠴᠠᠭᠠᠨ ᠰᠠᠷ᠎ᠠ᠂ ᠡᠪᠦᠯ ᠤᠨ ᠠᠮᠠᠷᠠᠯᠲᠠ ᠬᠦᠷᠴᠦ ᠢᠷᠡᠭᠦ ᠭᠡᠵᠦᠪᠠᠶᠢᠭᠠ ᠪᠤᠯᠬᠤᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠲᠠᠯᠠᠪᠤᠷ ᠤᠨ ᠬᠢᠵᠢᠭ ᠢ ᠰᠡᠷᠭᠡᠶᠢᠯᠡᠨ | ᠬᠤᠷᠢᠬᠯᠠᠬᠤ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠠᠴᠠ ᠪᠣᠯᠵᠣ | ᠬᠢᠵᠢᠭᠲ᠋ᠡᠯᠭᠡᠷᠡᠬᠦ ᠶᠢ ᠰᠡᠷᠭᠡᠶᠢᠯᠡᠵᠦ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨᠪᠠᠶᠢᠭᠤᠯᠤᠮᠵᠢ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠂ ᠰᠤᠷᠤᠭᠴᠢᠳ ᠤᠨ ᠬᠡᠲᠦ ᠬᠦᠨᠳᠦ ᠰᠤᠷᠭᠠᠭᠤᠯᠢ ᠶᠢᠨ ᠭᠠᠳᠠᠨᠠᠬᠢᠪᠤᠯᠪᠠᠰᠤᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ | ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ᠳᠣᠤᠷᠠᠬᠢ ᠮᠡᠲᠦᠰᠠᠨᠠᠭᠤᠯᠤᠮᠵᠢ ᠭᠠᠷᠭᠠᠪᠠ᠄ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠲᠤᠬᠠᠶ ᠶᠢᠨ ᠭᠠᠵᠠᠷ ᠤᠨᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠪᠠᠶᠢᠷᠢᠯᠠᠭᠤᠯᠤᠯᠲᠠ ᠪᠠᠱᠠᠭᠠᠷᠳᠠᠯᠭᠠ ᠶᠢ ᠦᠨᠳᠦᠰᠦᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡᠰᠠᠯᠠᠭᠠ ᠮᠥᠴᠢᠷ ᠲᠠᠢ ᠬᠠᠮᠲᠤᠷᠠᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠯᠠᠪᠤᠷ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠷᠬᠡᠪᠰᠢ ᠬᠢᠵᠢᠭ ᠢ | ᠰᠡᠷᠭᠡᠶᠢᠯᠡᠨᠬᠤᠷᠢᠬᠯᠠᠬᠤ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠴᠢᠩᠭ᠎ᠠ ᠬᠠᠮᠢᠶᠠᠷᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨᠪᠤᠯᠪᠠᠰᠤᠷᠠᠯ ᠤᠨ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠳᠤᠮᠳᠠᠳᠤ ᠪᠠᠭ᠎ᠠ ᠰᠤᠷᠭᠠᠭᠤᠯᠢ ᠵᠢᠨᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠦᠨᠡᠨ ᠬᠦ ᠬᠠᠮᠠᠭᠠᠯᠠᠬᠤ ᠬᠡᠷᠡᠭᠲᠡᠶ᠃ ᠬᠢᠵᠢᠭ ᠤᠨ ᠪᠠᠶᠢᠳᠠᠯ ᠤᠨᠲ᠋ᠤᠮᠳᠠ ᠵᠡᠷᠭᠡ ᠶᠢᠨ ᠠᠶᠤᠯ ᠲᠦᠭᠰᠢᠭᠦᠷᠢ ᠪᠠ ᠲᠦᠭᠰᠢᠭᠦᠷᠢ ᠶᠡᠬᠡᠲᠡᠶ ᠭᠠᠵᠠᠷ | ᠣᠷᠣᠨ ᠨᠢ ᠰᠦᠯᠵᠢᠶᠡᠨ ᠭᠠᠳᠠᠨᠠᠬᠢᠰᠤᠷᠭᠠᠭᠤᠯᠢ ᠶᠢᠨ ᠭᠠᠳᠠᠨᠠᠬᠢ ᠠᠯᠢᠪᠠ ᠪᠤᠯᠪᠠᠰᠤᠷᠠᠯ ᠤᠨ ᠠᠵᠢᠯᠯᠠᠭ᠎ᠠ ᠪᠠᠨ ᠡᠷᠬᠡᠪᠰᠢ ᠵᠣᠭᠰᠣᠭᠠᠬᠤ ᠬᠡᠷᠡᠭᠲᠡᠶ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠳᠤᠮᠳᠠᠳᠤ ᠪᠠᠭ᠎ᠠᠰᠤᠷᠭᠠᠭᠤᠯᠢ ᠶᠢᠨ | ᠰᠤᠷᠤᠭᠴᠢᠳ ᠲᠤ ᠬᠠᠨᠳᠤᠭᠤᠯᠤᠭᠰᠠᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠲᠤᠬᠠᠶ ᠶᠢᠨ ᠭᠠᠵᠠᠷ ᠤᠨ ᠬᠢᠵᠢᠭ ᠢ | ᠰᠡᠷᠭᠡᠶᠢᠯᠡᠨ ᠬᠤᠷᠢᠬᠯᠠᠬᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠠᠵᠢᠯ ᠳᠤ ᠥᠨᠴᠥᠭ ᠪᠤᠯᠤᠩ | ᠦᠯᠡᠳᠡᠭᠡᠬᠦ ᠥᠬᠡᠶ ᠪᠠᠶᠢᠬᠤ ᠶᠢ ᠦᠨᠡᠨ ᠬᠦᠪᠠᠲᠤᠯᠠᠬᠤ ᠶᠢ ᠰᠠᠨᠠᠭᠤᠯᠬᠤ ᠬᠡᠷᠡᠭᠲᠡᠢ᠃ ᠡᠭᠦᠨ ᠤ ᠬᠠᠮᠲᠤ ᠰᠤᠷᠭᠠᠭᠤᠯᠢ ᠶᠢᠨ ᠭᠠᠳᠠᠨᠠᠬᠢ | ᠪᠤᠯᠪᠠᠰᠤᠷᠠᠯ ᠤᠨ ᠦᠢᠯᠡᠠᠵᠢᠯᠯᠠᠭ᠎ᠠ ᠶᠢ ᠵᠢᠷᠤᠮᠵᠢᠭᠤᠯᠵᠤ᠂ ᠪᠠᠷᠢᠮᠵᠢᠶ᠎ᠠ ᠠᠴᠠ ᠬᠡᠲᠦᠷᠡᠭᠦᠯᠦᠨ ᠤᠷᠢᠳᠴᠢᠯᠠᠬᠰᠠᠨ ᠪᠤᠯᠪᠠᠰᠤᠷᠠᠯ ᠬᠢᠵᠦ | ᠰᠣᠷᠣᠭᠴᠢᠳ ᠤᠨᠲ᠋ᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ 3 ᠰᠠᠷ᠎ᠠ ᠠᠴᠠ ᠲᠠᠪᠠᠭᠤᠯᠤᠬᠰᠠᠨ ᠰᠦᠢᠳᠬᠡᠯ ᠢ ᠨᠢᠭᠡ ᠯᠡ ᠤᠳᠠᠭ᠎ᠠ ᠳ᠋ᠤ᠋ᠬᠤᠷᠢᠶᠠᠬᠤ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠵᠤ ᠰᠦᠢᠳᠬᠡᠯ ᠪᠤᠴᠠᠭᠠᠬᠤ ᠳᠤ ᠬᠦᠴᠢᠷᠲᠡᠶ ᠳᠠᠯᠳᠠ ᠬᠡᠮ ᠢ ᠪᠣᠶᠪᠣᠯᠭᠠᠵᠤ᠂ ᠬᠡᠷ ᠪᠦᠯᠢ ᠶᠢᠨ ᠠᠵᠤ ᠠᠬᠤᠶ ᠶᠢᠨ | ᠳᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠥᠷᠭᠡᠨ ᠣᠯᠠᠨᠰᠤᠷᠤᠭᠴᠢᠳ ᠤᠨ ᠭᠡᠷ ᠤᠨ | ᠠᠬᠠᠮᠠᠳ ᠲᠤ ᠰᠠᠨᠠᠭᠤᠯᠬᠤ ᠨᠢ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠤᠬᠠᠶ ᠶᠢᠨ ᠭᠠᠵᠠᠷ ᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠰᠡᠷᠭᠡᠶᠢᠯᠡᠬᠦᠱᠠᠭᠠᠷᠳᠠᠯᠭᠠ ᠶᠢ ᠠᠩᠬᠠᠷᠤᠨ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠯᠠᠪᠤᠷ ᠤᠨ | ᠬᠢᠵᠢᠭ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠵᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠶ᠃ | ᠰᠤᠷᠤᠭᠴᠢᠳ ᠤᠨᠭᠡᠷ ᠤᠨ ᠠᠬᠠᠮᠠᠳ ᠵᠥᠪ ᠰᠤᠷᠭᠠᠨ ᠬᠥᠮᠦᠵᠢᠯ ᠤᠨ ᠦᠵᠡᠯᠲᠡ ᠪᠠ ᠴᠢᠳᠠᠪᠤᠷᠢᠲᠠᠨ ᠪᠣᠯᠬᠤ ᠦᠵᠡᠯᠲᠡ ᠶᠢ ᠪᠤᠢ ᠪᠣᠯᠭᠠᠵᠤ᠂ ᠬᠡᠲᠦᠷᠬᠡᠢ | ᠳᠠᠷᠤᠯᠲᠠ ᠦᠵᠡᠭᠦᠯᠵᠦ ᠪᠣᠯᠬᠤ ᠦᠭᠡᠢ᠂ ᠬᠡᠦᠬᠡᠳ ᠤᠨ ᠡᠪᠦᠯ ᠤᠨ ᠠᠮᠠᠷᠠᠯᠲᠠ ᠶᠢᠨ ᠰᠤᠷᠤᠯᠭ᠎ᠠ᠂ ᠠᠮᠢᠳᠤᠷᠠᠯ ᠪᠠ ᠪᠣᠯᠪᠠᠰᠤᠷᠠᠯ ᠢ ᠰᠢᠨᠵᠢᠯᠡᠬᠦ ᠤᠬᠠᠭᠠᠨᠴᠢ ᠪᠠᠷ | ᠵᠣᠬᠢᠰᠲᠠᠢ ᠲᠤᠬᠢᠷᠠᠭᠤᠯᠵᠤ᠂ ᠬᠡᠦᠬᠡᠳ ᠢ ᠡᠪᠦᠯ ᠤᠨ ᠠᠮᠠᠷᠠᠯᠲᠠ ᠪᠠᠨ ᠠᠮᠤᠷ ᠲᠦᠪᠰᠢᠨ᠂ ᠪᠠᠶᠠᠷ ᠬᠦᠷ ᠲᠠᠢ᠂ ᠬᠠᠯᠠᠭᠤᠨ ᠳᠤᠯᠠᠭᠠᠨ ᠥᠩᠭᠡᠷᠡᠭᠦᠯᠬᠦ ᠪᠤᠯᠭᠠᠬᠤ | ᠬᠡᠷᠡᠭᠲᠡᠢ᠃ | | | | |