ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ  ᠬᠤᠷᠠᠯᠳᠤᠪᠠ                                                              ᠬᠢᠶ᠎ᠠ ᠪᠠᠭᠰᠢ ᠲᠤᠭᠤᠷᠢᠭ ᠤᠨ ᠤᠳᠤᠷᠢᠳᠤᠯᠭ᠎ᠠ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ  ᠳᠤ ᠤᠷᠤᠯᠴᠠᠪᠠ
ᠨᠡᠶᠢᠲᠡᠯᠡᠭᠰᠡᠨ ᠴᠠᠭ᠄
2021/2/20
          2 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠨᠠᠩ ᠶᠡᠭᠡ ᠡᠷᠴᠢᠮ ᠪᠠ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠬᠤᠳᠠᠯᠳᠤᠭ᠎ᠠ  ᠡᠷᠬᠢᠯᠡᠬᠦ  ᠣᠷᠴᠢᠨ ᠨᠥᠬᠦᠴᠡᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠠᠷᠰᠢ ᠰᠠᠭᠠᠳ ᠪᠠ ᠰᠤᠷᠲᠠᠯ ᠤᠨ ᠠᠷᠬᠠᠭ ᠬᠡᠮ ᠪᠠ ᠢᠯᠵᠠᠷᠠᠯ ᠤᠨ ᠠᠷᠬᠠᠭ ᠬᠡᠮ ᠢ ᠠᠷᠢᠯᠭᠠᠵᠤ᠂ ᠬᠤᠳᠠᠯᠳᠤᠭ᠎ᠠ ᠡᠷᠬᠢᠯᠡᠬᠦ  ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢᠨ ᠪᠦᠬᠦᠯᠢ ᠴᠣᠭᠴᠠ  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ  ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
          ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ 12 ᠠᠶᠢᠮᠠᠭ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃           ᠱᠢ ᠲᠠᠢ ᠹᠧᠩ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯ ᠬᠥᠭᠵᠢᠯᠲᠡ ᠶᠢᠨ ᠣᠷᠴᠢᠨ ᠨᠥᠬᠦᠴᠡᠯ ᠤᠨ ᠴᠢᠬᠤᠯᠠ ᠠᠭᠤᠯᠭ᠎ᠠ ᠮᠥᠨ᠂ ᠨᠢᠭᠡ ᠭᠠᠵᠠᠷ ᠣᠷᠣᠨ ᠤ ᠠᠵᠤ ᠠᠬᠤᠢ ᠶᠢᠨ ᠵᠥᠭᠡᠯᠡᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠤ ᠲᠥᠪᠯᠡᠷᠡᠩᠭᠦᠢ ᠢᠯᠡᠷᠡᠯ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠥᠬᠦ ᠲᠠᠯ᠎ᠠ ᠶᠢᠨ ᠠᠵᠢᠯ ᠤᠨ ᠭᠤᠤᠯ ᠪᠠᠶᠢᠷᠢᠨ ᠳᠤ ᠲᠠᠯᠪᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ ᠨᠢᠭᠡ ᠶᠡᠭᠡ ᠶᠠᠪᠤᠳᠠᠯ ᠪᠣᠯᠭᠠᠨ ᠠᠳᠬᠤᠵᠤ ᠪᠠᠶᠢᠬᠤ ᠶᠢᠨ ᠰᠢᠯᠲᠠᠭᠠᠨ ᠨᠢ᠂ ᠣᠳᠣᠬᠠᠨ ᠳᠤ ᠥᠪᠥᠷ ᠮᠣᠩᠭᠤᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠰᠠᠭᠤᠳᠠᠯ ᠨᠢᠭᠡᠨᠲᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠤᠰᠬᠠᠯ ᠢᠶᠠᠷ ᠬᠠᠮᠤᠭ ᠤᠨ ᠴᠢᠩᠭ᠎ᠠ᠂ ᠨᠥᠯᠥᠭᠡᠯᠡᠬᠦ ᠭᠠᠵᠠᠷ ᠣᠷᠣᠨ ᠤ ᠳᠦᠷᠢ ᠲᠥᠷᠬᠦ ᠪᠠᠷ ᠬᠠᠮᠤᠭ ᠤᠨ ᠲᠣᠪᠤᠶᠢᠮ᠎ᠠ᠂ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠬᠤ ᠬᠠᠮᠤᠭ ᠤᠨ ᠬᠦᠨᠳᠦ ᠨᠣᠴᠢᠲᠠᠶ ᠠᠰᠠᠭᠤᠳᠠᠯ ᠪᠣᠯᠵᠣ᠂ ᠨᠢᠭᠡᠨᠲᠡ ᠪᠥᠬᠦ ᠲᠠᠯ᠎ᠠ ᠪᠠᠷ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠯᠠᠯ ᠢ ᠡᠬᠢᠯᠡᠭᠦᠯᠬᠦ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ᠂ ᠬᠠᠤᠯᠢ ᠪᠠᠷ ᠵᠠᠰᠠᠬᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠪᠠ ᠵᠠᠰᠠᠨ ᠰᠡᠷᠭᠦᠭᠡᠬᠦ  ᠳᠤ ᠵᠠᠪᠠᠯ ᠰᠢᠶ᠋ᠳᠪᠦᠷᠢᠯᠡᠬᠦ ᠠᠰᠠᠭᠤᠳᠠᠯ ᠪᠣᠯᠤᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠡᠷᠬᠡᠪᠰᠢ ᠤᠯᠤᠰ ᠲᠦᠷᠦ ᠶᠢᠨ ᠶᠡᠭᠡ ᠲᠠᠯ᠎ᠠ ᠪᠠ ᠬᠥᠭᠵᠢᠯᠲᠡ ᠶᠢᠨ ᠪᠦᠬᠦ ᠲᠠᠯ᠎ᠠ ᠠᠴᠠ ᠮᠠᠨ ᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠲᠠᠨᠢᠵᠤ ᠡᠵᠡᠮᠰᠢᠬᠦ ᠬᠡᠷᠡᠭᠲᠡᠢ᠂ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ  ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠬᠤᠳᠠᠯᠳᠤᠭ᠎ᠠ ᠡᠷᠬᠢᠯᠡᠬᠦ  ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠤᠯᠭᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠬᠢᠨᠠᠯᠲᠠ ᠲᠠᠯᠪᠢᠵᠤ ᠬᠢᠨᠠᠨ ᠰᠢᠯᠭᠠᠷᠠᠭᠤᠯᠤᠯᠳᠠ ᠶᠢ ᠴᠢᠩᠭᠠᠷᠠᠭᠤᠯᠵᠤ᠂ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠂ ᠡᠯ᠎ᠡ  ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠤᠳᠠᠯᠳᠤᠭ᠎ᠠ ᠡᠷᠬᠢᠯᠡᠬᠦ  ᠣᠷᠴᠢᠨ ᠨᠥᠬᠦᠴᠡᠯ ᠢ ᠲᠦᠷᠭᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠷᠭᠦᠯᠵᠢᠯᠡᠨ ᠰᠢᠯᠢᠳᠡᠭᠵᠢᠭᠦᠯᠬᠦ ᠬᠡᠷᠡᠭᠳᠠᠢ  ᠬᠡᠵᠦ ᠵᠢᠭᠠᠨ ᠭᠠᠷᠭᠠᠪᠠ᠃           ᠱᠢ ᠲᠠᠢ ᠹᠧᠩ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ  ᠣᠷᠴᠢᠨ ᠨᠥᠬᠦᠴᠡᠯ ᠤᠨ ᠲᠣᠪᠤᠶᠢᠮ᠎ᠠ ᠠᠰᠠᠭᠤᠳᠠᠯ ᠢ ᠦᠨᠳᠦᠰᠦ ᠠᠴᠠ ᠨᠢ ᠰᠠᠶᠢᠲᠤᠷ  ᠰᠢᠢᠳᠪᠦᠷᠢᠯᠡᠬᠦ ᠬᠡᠷᠡᠭᠲᠡᠶ᠃ ᠦᠵᠡᠯ ᠰᠠᠨᠠᠭᠠᠨ ᠤ ᠲᠠᠯ᠎ᠠ  ᠪᠠᠷ ᠬᠠᠲᠠᠭᠤ ᠴᠢᠩᠭ᠎ᠠ ᠬᠦᠴᠦ ᠣᠷᠣᠭᠤᠯᠵᠤ᠂ ᠦᠵᠡᠯ ᠰᠠᠨᠠᠭᠠᠨ ᠤ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠥᠷᠭᠡᠨ ᠤᠯᠠᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ ᠢ ᠨᠢ ᠴᠢᠩᠭᠠᠳᠬᠠᠵᠤ᠂ ᠤᠬᠠᠮᠰᠠᠷ ᠠᠴᠠ ᠪᠠᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠪᠠᠷ ᠠᠵᠢᠯ ᠢᠶᠠᠨ ᠥᠷᠨᠢᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠤ ᠬᠡᠷᠡᠭᠴᠡᠭᠡ ᠠᠴᠠ ᠡᠭᠦᠰᠦᠨ ᠠᠰᠠᠭᠤᠳᠠᠯ ᠢ ᠨᠡᠩ ᠤᠯᠠᠨ ᠰᠢᠢᠳᠪᠦᠷᠢᠯᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠢᠲᠡᠭᠡᠮᠵᠢ ᠲᠠᠢ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ᠂ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠰᠤᠷᠲᠠᠯ ᠤᠨ ᠠᠷᠬᠠᠭ ᠭᠡᠮ ᠢ ᠵᠠᠯᠠᠷᠠᠭᠤᠯᠬᠤ ᠳᠡᠭᠡᠷ᠎ᠡ ᠬᠦᠴᠦ ᠲᠠᠯᠪᠢᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠪᠣᠯᠤᠨ ᠦᠢᠯᠡᠴᠢᠯᠡᠭᠡᠨ ᠤ ᠴᠤᠩᠬᠤᠪᠴᠢ ᠶᠢ ᠴᠢᠩᠭ᠎ᠠ ᠠᠩᠬᠠᠷᠴᠤ᠂ ᠨᠡᠶᠢᠳᠡᠮ ᠣᠷᠣᠰᠢᠵᠤ ᠪᠠᠶᠢᠭ᠎ᠠ᠂ ᠲᠤᠰᠬᠠᠯ ᠴᠢᠩᠭ᠎ᠠ ᠪᠠᠶᠢᠭ᠎ᠠ᠂ ᠵᠠᠰᠠᠭᠠᠳ ᠳᠠᠭᠤᠰᠤᠭ᠎ᠠ ᠦᠭᠡᠢ ᠪᠠᠶᠢᠭ᠎ᠠ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠲᠦᠷᠢᠮ ᠢᠶᠠᠷ ᠵᠠᠯᠬᠠᠭᠠᠨ ᠴᠡᠭᠡᠷᠯᠡᠭᠦᠯᠬᠦ᠂ ᠰᠤᠷᠭᠠᠨ ᠬᠥᠮᠦᠵᠢᠭᠦᠯᠵᠦ ᠬᠦᠳᠦᠯᠥᠨ ᠳᠠᠭᠠᠭᠤᠯᠬᠤ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠣᠬᠢᠷᠲᠤᠭᠤᠯᠤᠭᠰᠠᠨ ︽ᠪᠤᠯᠬᠢ ᠰᠤᠷᠲᠠᠯ︾ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠡᠪᠳᠡᠭᠰᠡᠨ ᠨᠠᠵᠠᠭᠠᠢ ᠪᠠᠶᠢᠳᠠᠯ ᠢ ᠡᠷᠡᠰ ᠠᠷᠢᠯᠭᠠᠵᠤ᠂ ᠺᠠᠳ᠋ᠷ ᠤᠨ ᠬᠥᠭᠵᠢᠯᠲᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠡᠷᠬᠡ ᠶᠢᠨ ᠦᠵᠡᠯᠲᠡ᠂ ᠤᠯᠠᠨ ᠲᠦᠮᠡᠨᠴᠢ ᠦᠵᠡᠯᠲᠡ ᠶᠢ ᠦᠨᠡᠨ ᠬᠦ ᠲᠥᠪ ᠪᠣᠯᠭᠠᠬᠤ ᠬᠡᠷᠡᠭᠲᠡᠢ᠃ ᠢᠯᠵᠡᠷᠡᠯ ᠢ ᠵᠠᠯᠬᠠᠭᠠᠨ ᠰᠢᠢᠳᠬᠡᠬᠦ ᠲᠠᠯ᠎ᠠ ᠪᠠᠷ ᠶᠡᠭᠡ ᠬᠦᠴᠦ ᠣᠷᠣᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠠᠰᠠᠭᠤᠳᠠᠯ ᠤᠨ ᠠᠷᠤ ᠳᠠᠬᠢ ᠢᠯᠵᠠᠷᠠᠯ ᠤᠨ ᠠᠰᠠᠭᠤᠳᠠᠯ ᠢ ᠪᠦᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ᠂ ᠰᠢᠢᠳᠪᠦᠷᠢᠲᠦ ᠪᠤᠳᠤᠯᠭ᠎ᠠ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ᠂ ᠢᠨᠵᠧᠨᠧᠷᠢᠩ  ᠤᠨ ᠲᠦᠷᠦᠯ ᠵᠦᠢᠯ ᠵᠡᠷᠭᠡ ᠠᠰᠠᠭᠤᠳᠠᠯ ᠤᠨ ᠲᠥᠪᠯᠡᠷᠡᠩᠭᠦᠢ ᠬᠦᠷᠢᠶᠡᠨ ᠳᠤ ᠲᠤᠰᠬᠠᠢ ᠰᠡᠳᠦᠪ ᠭᠠᠷᠭᠠᠵᠤ᠂ ᠲᠦᠷᠦᠯ ᠬᠤᠪᠢᠶᠠᠨ ᠲᠤᠰᠬᠠᠢ ᠵᠠᠰᠠᠵᠤ᠂ ᠢᠯᠵᠡᠷᠡᠯ ᠢ ᠡᠰᠡᠷᠭᠦᠴᠡᠬᠦ ᠬᠦᠴᠦᠲᠡᠢ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠷᠭᠢᠯᠲᠡ ᠶᠢᠨ ᠴᠡᠭ ᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃           ᠱᠢ ᠲᠠᠢ ᠹᠧᠩ  ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ  ᠣᠷᠴᠢᠨ ᠨᠥᠬᠦᠴᠡᠯ ᠢ ᠦᠷᠭᠦᠯᠵᠢᠯᠡᠨ ᠪᠥᠬᠦ ᠲᠠᠯ᠎ᠠ ᠪᠠᠷ ᠰᠢᠯᠢᠳᠡᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠲᠠᠯ᠎ᠠ ᠠᠴᠠ ᠳᠠᠪᠬᠤᠷᠳᠠᠭᠤᠯᠤᠨ ᠬᠢᠨᠠᠨ ᠵᠥᠪᠰᠢᠶᠡᠷᠡᠬᠦ ᠶᠢ ᠱᠠᠯᠠᠪᠳᠠᠨ ᠴᠡᠪᠡᠷᠯᠡᠵᠦ᠂ ᠵᠣᠷᠢᠭ ᠰᠢᠭᠤᠳᠤᠨ ᠴᠢᠬᠤᠯᠠ ᠦᠭᠡᠢ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠵᠤ᠂ ᠬᠢᠨᠠᠨ ᠵᠥᠪᠰᠢᠶᠡᠷᠡᠬᠦ ᠠᠷᠭ᠎ᠠ ᠬᠡᠯᠪᠡᠷᠢ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠰᠠᠶᠢᠲᠤᠷ ᠬᠡᠷᠡᠭᠵᠢᠭᠦᠯᠵᠦ ᠳᠡᠶᠢᠯᠬᠦ ᠡᠷᠬᠡ ᠶᠢ ᠦᠷᠭᠦᠯᠵᠢᠯᠡᠨ ᠳᠣᠷᠣᠭᠰᠢ ᠪᠠᠭᠤᠯᠭᠠᠬᠤ ᠬᠡᠷᠡᠭᠲᠡᠢ᠃ ᠬᠠᠤᠯᠢ ᠶᠣᠰᠣᠭᠠᠷ ᠲᠥᠪ ᠭᠤᠣᠯᠴᠢ ᠪᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ︽ᠡᠭᠡᠭᠡ ᠠᠳᠠᠯᠢ ᠪᠠᠶᠢᠯᠭᠠᠬᠤ︾ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠨ ᠪᠦᠲᠦᠮᠵᠢᠲᠡᠢ ᠰᠡᠷᠭᠡᠶᠢᠯᠡᠵᠦ᠂ ᠲᠥᠪ ᠭᠤᠣᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠨᠠᠷᠢᠨ ᠨᠢᠮᠪᠠᠢ  ᠦᠢᠯᠡᠴᠢᠯᠡᠭᠡ ᠶᠢ ᠰᠠᠶᠢᠲᠤᠷ ᠬᠢᠵᠦ᠂ ᠲᠣᠭᠠᠴᠢᠯᠠᠭᠰᠠᠨ ᠵᠠᠰᠠᠭ ᠤᠨ ᠣᠷᠳᠣᠨ  ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠲᠢᠩᠬᠢᠮ ᠤᠨ ︽ᠨᠢᠭᠡ ᠥᠷᠲᠡᠭᠡ︾   ᠪᠠᠷ ᠦᠢᠯᠡᠴᠢᠯᠡᠭᠦ  ᠴᠢᠳᠠᠮᠵᠢ ᠶᠢ  ᠭᠦᠢᠴᠡᠳ ᠪᠠᠳᠠᠷᠠᠭᠤᠯᠵᠤ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂   ᠦᠢᠯᠡᠴᠢᠯᠡᠭᠦ ᠬᠡᠯᠪᠡᠷᠢ ᠶᠢᠨ ᠵᠠᠰᠠᠭ  ᠤᠨ ᠣᠷᠳᠣᠨ ᠤ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂  ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ︽ᠨᠡᠮᠡᠬᠦ ᠠᠷᠭ᠎ᠠ︾ ᠶᠢ ᠰᠠᠶᠢᠲᠤᠷ ᠬᠢᠬᠦ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠥᠪᠡᠷ ᠤᠨ ᠦᠷᠳᠡᠭ ᠢ ᠪᠠᠭᠤᠷᠠᠭᠤᠯᠵᠤ᠂ ᠤᠯᠤᠰ ᠤᠨ ᠨᠡᠩ ᠶᠡᠭᠡ ᠬᠡᠪᠴᠢᠶᠡᠨ ᠤ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ ᠪᠣᠯᠤᠨ ᠢᠵᠢ ᠪᠦᠷᠢᠳᠦᠭᠰᠡᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠵᠤ ᠠᠬᠤᠶᠢᠯᠠᠯ ᠳᠤ ᠦᠨᠡᠨ ᠪᠣᠳᠠᠲᠠᠢ ᠠᠰᠢᠭ ᠬᠦᠷᠲᠡᠭᠡᠬᠦ ᠬᠡᠷᠡᠭᠲᠡᠢ᠃ ᠬᠠᠤᠯᠢᠵᠢᠯ ᠤᠨ ᠪᠠᠲᠤᠯᠠᠭ᠎ᠠ ᠶᠢ ᠰᠢᠰᠲ᠋ᠧᠮ ᠲᠠᠢ ᠴᠢᠩᠭᠠᠳᠬᠠᠵᠤ᠂ ᠡᠷᠬᠡ ᠲᠡᠭᠰᠢ ᠪᠠᠷ ᠬᠠᠮᠠᠭᠠᠯᠠᠬᠤ ᠶᠢ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠴᠢᠮ ᠪᠠ ᠬᠠᠶᠢᠷ᠎ᠠ ᠬᠠᠯᠠᠮᠵᠢ ᠶᠢ ᠣᠨᠣᠪᠴᠢᠲᠠᠢ ᠡᠵᠡᠮᠳᠡᠵᠦ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ  ᠤ ᠬᠠᠤᠯᠢ ᠶᠣᠰᠣᠨ ᠤ ᠡᠳ᠋ ᠬᠦᠷᠦᠩᠭᠡ ᠶᠢ ᠰᠠᠶᠢᠲᠤᠷ ᠬᠠᠮᠠᠭᠠᠯᠠᠵᠤ᠂ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠶᠢ ᠪᠣᠳᠠᠲᠠᠢ ᠬᠡᠷᠡᠭᠵᠢᠭᠦᠯᠬᠦ᠂ ᠣᠨᠣᠪᠴᠢᠲᠠᠢ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃           ᠯᠢᠨ ᠱᠤᠤ ᠴᠦᠨ᠂ ᠡᠨᠡ  ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠬᠤ  ᠳᠤ᠂ ᠨᠢᠭᠡᠳᠦᠯᠲᠡᠢ ᠦᠵᠡᠯ ᠰᠠᠨᠠᠭᠠᠨ ᠤ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠦᠨᠵᠡᠭᠡᠢ ᠪᠣᠳᠣᠯᠬᠢᠯᠠᠵᠤ᠂ ᠰᠤᠷᠭᠠᠮᠵᠢ ᠠᠪᠴᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ᠃ ᠦᠨᠡᠨ ᠬᠦ ᠬᠠᠲᠠᠭᠤ ᠲᠠᠢ ᠨᠢ ᠬᠠᠯᠳᠠᠬᠤ ᠶᠢ ᠨᠠᠶᠢᠳᠠᠪᠤᠷᠢᠵᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠰ ᠵᠣᠷᠢᠭ ᠢᠶᠠᠷ ᠰᠢᠨ᠎ᠡ ᠬᠠᠭᠤᠴᠢᠨ ᠠᠰᠠᠭᠤᠳᠠᠯ ᠢ ᠬᠠᠮᠲᠤ ᠪᠠᠷ ᠰᠢᠢᠳᠪᠦᠷᠢᠯᠡᠬᠦ ᠬᠡᠷᠡᠭᠲᠡᠢ︔ ᠪᠣᠳᠠᠲᠤ ᠦᠷ᠎ᠡ ᠪᠦᠲᠦᠮᠵᠢ ᠤᠯᠬᠤ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠮᠠᠨ  ᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠯᠠᠪᠳᠠᠭᠤᠨ ᠪᠠᠲᠤᠲᠠᠢ  ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ   ᠵᠢᠭᠠᠨ ᠭᠠᠷᠭᠠᠪᠠ᠃           ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ  ᠳᠣᠬᠠᠢ ᠳᠠᠯᠳᠠᠭᠤᠷ ᠪᠠᠶᠢᠴᠠᠭᠠᠭᠰᠠᠨ《 ᠬᠤᠳᠠᠯᠳᠤᠭ᠎ᠠ  ᠡᠷᠬᠢᠯᠡᠭᠦ ᠣᠷᠴᠢᠨ ᠨᠦᠬᠦᠴᠡᠯ〈 ᠮᠠᠭᠤᠳᠠᠵᠤ ᠪᠤᠯᠬᠤ ᠦᠭᠡᠢ〉》 ᠬᠡᠬᠦ ᠹᠢᠯᠢᠮ ᠢ ᠦᠵᠡᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ  ᠶᠢᠨ ᠵᠥᠪᠯᠡᠯ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ  ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠭᠤᠤᠯ ᠬᠠᠷᠢᠭᠤᠴᠠᠯᠭᠠᠲᠠᠨ  ᠨᠠᠷ  ᠦᠭᠡ ᠬᠡᠯᠡᠪᠡ᠃
          ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ ᠯᠢ ᠳ᠋ᠦᠩ᠂ ᠯᠢ ᠰᠢᠶᠤᠤ ᠴᠢᠩ᠂ ᠸᠠᠩ ᠰᠢᠤᠸᠠᠢ ᠹᠧᠩ᠂  ᠠᠯᠳ᠋ᠬᠠᠤᠷᠬᠢᠯ ᠵᠡᠷᠭᠡ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠬᠡᠷ ᠲᠡᠭᠡᠨ ᠪᠠᠶᠢᠭ᠎ᠠ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ