ᠵᠢᠷᠭᠤᠳᠤᠭᠠᠷ ᠪᠥᠯᠥᠭ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠨᠢᠭᠡᠳᠦᠭᠡᠷ ᠭᠡᠰᠡᠭ ᠡ᠊ᠩ ᠤᠨ ᠲᠣᠭᠲᠠᠭᠠᠯ | ᠵᠠᠭᠤ ᠭᠤᠴᠢᠨ ᠭᠤᠷᠪᠠᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠪᠣᠯ ᠢᠷᠭᠡᠨ ᠤ ᠬᠡᠷᠡᠭ ᠤᠨ ᠪᠡᠶᠡᠴᠢ ᠴᠣᠭᠴᠠ ᠶᠢᠨ ᠰᠠᠨᠠᠭ᠎ᠠ ᠪᠠᠨ ᠢᠯᠡᠳᠬᠡᠬᠦ ᠪᠠᠷ ᠳᠠᠮᠵᠢᠭᠤᠯᠤᠨ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠬᠠᠷᠢᠴᠠᠭ᠎ᠠ ᠶᠢ ᠪᠠᠶᠢᠭᠤᠯᠬᠤ᠂ ᠬᠤᠪᠢᠷᠠᠭᠤᠯᠬᠤ᠂ ᠳᠠᠭᠤᠰᠬᠠᠬᠤ ᠦᠢᠯᠡ | ᠠᠵᠢᠯᠯᠠᠭ᠎ᠠ ᠮᠦᠨ᠃ | ᠵᠠᠭᠤ ᠭᠤᠴᠢᠨ ᠲᠦᠷᠪᠡᠳᠦᠭᠡᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ | ᠠᠵᠢᠯᠯᠠᠭ᠎ᠠ ᠨᠢ ᠬᠤᠶᠠᠷ ᠲᠠᠯ᠎ᠠ ᠶᠢᠨ ᠪᠤᠶᠤ ᠤᠯᠠᠨ ᠲᠠᠯ᠎ᠠ ᠶᠢᠨ ᠰᠠᠨᠠᠭᠠᠨ ᠤ ᠢᠯᠡᠳᠬᠡᠯᠲᠡ ᠨᠢᠭᠡᠳᠦᠭᠰᠡᠨ ᠰᠠᠭᠤᠷᠢᠨ | ᠳᠡᠭᠡᠷ᠎ᠡ ᠪᠠᠶᠢᠭᠤᠯᠤᠭᠳᠠᠵᠤ ᠪᠣᠯᠣᠨ᠎ᠠ᠂ ᠭᠠᠭᠴᠠ ᠲᠠᠯ᠎ᠠ ᠶᠢᠨ ᠰᠠᠨᠠᠭᠠᠨ ᠤ ᠢᠯᠡᠳᠬᠡᠯᠲᠡ ᠶᠢᠨ ᠰᠠᠭᠤᠷᠢᠨ ᠳᠡᠭᠡᠷ᠎ᠡ ᠴᠤ | ᠪᠠᠶᠢᠭᠤᠯᠤᠭᠳᠠᠵᠤ ᠪᠣᠯᠣᠨ᠎ᠠ᠃ | ᠬᠠᠤᠯᠢ ᠶᠢᠨ ᠬᠥᠮᠦᠨ᠂ ᠬᠠᠤᠯᠢ ᠶᠢᠨ ᠬᠦᠮᠤᠨ ᠪᠤᠰᠤ ᠵᠤᠬᠢᠶᠠᠨ ᠪᠠᠶᠢᠭᠤᠯᠤᠯᠳᠠ ᠬᠠᠤᠯᠢ ᠴᠠᠭᠠᠵᠠ ᠪᠤᠶᠤ | ᠳᠦᠷᠢᠮ ᠳᠤ ᠲᠣᠭᠲᠠᠭᠠᠭᠰᠠᠨ ᠬᠡᠷᠡᠭ ᠵᠥᠪᠯᠡᠬᠦ ᠠᠷᠭ᠎ᠠ ᠮᠠᠶ᠋ᠢᠭ ᠪᠣᠯᠤᠨ ᠪᠠᠲᠤᠯᠠᠬᠤ ᠵᠢᠷᠤᠮ ᠶᠣᠰᠣᠭᠠᠷ ᠰᠢᠢᠳᠪᠦᠷᠢ | ᠭᠠᠷᠭᠠᠭᠰᠠᠨ ᠪᠠᠶᠢᠪᠠᠯ᠂ ᠲᠤᠰ ᠰᠢᠢᠳᠪᠦᠷᠢ ᠭᠠᠷᠭᠠᠭᠰᠠᠨ ᠦᠢᠯᠡ ᠠᠵᠢᠯᠯᠠᠭ᠎ᠠ ᠪᠠᠶᠢᠭᠤᠯᠤᠭᠳᠠᠨ᠎ᠠ᠃ | ᠵᠠᠭᠤ ᠭᠤᠴᠢᠨ ᠲᠠᠪᠣᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ | ᠠᠵᠢᠯᠯᠠᠭ᠎ᠠ ᠨᠢ ᠪᠢᠴᠢᠭ ᠤᠨ ᠬᠡᠯᠪᠡᠷᠢ᠂ ᠠᠮᠠᠨ ᠬᠡᠯᠪᠡᠷᠢ ᠪᠤᠶᠤ ᠪᠤᠰᠤᠳ ᠬᠡᠯᠪᠡᠷᠢ ᠶᠢ ᠠᠪᠴᠤ ᠪᠣᠯᠤᠨ᠎ᠠ︔ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠣᠨᠴᠠ ᠲᠣᠭᠲᠠᠭᠰᠠᠨ ᠬᠡᠯᠪᠡᠷᠢ ᠶᠢ ᠬᠡᠷᠡᠭᠯᠡᠬᠦ ᠪᠠᠷ | ᠲᠣᠭᠲᠠᠭᠠᠭᠰᠠᠨ ᠪᠤᠶᠤ ᠲᠤᠬᠠᠶ ᠶᠢᠨ ᠬᠥᠮᠦᠨ ᠣᠨᠴᠠ ᠲᠣᠭᠲᠠᠭᠰᠠᠨ ᠬᠡᠯᠪᠡᠷᠢ ᠶᠢ ᠬᠡᠷᠡᠭᠯᠡᠬᠦ ᠪᠠᠷ ᠪᠣᠯᠵᠣᠨ | ᠲᠣᠭᠲᠠᠭᠰᠠᠨ ᠪᠠᠶᠢᠪᠠᠯ᠂ ᠣᠨᠴᠠ ᠲᠣᠭᠲᠠᠭᠰᠠᠨ ᠬᠡᠯᠪᠡᠷᠢ ᠶᠢ ᠬᠡᠷᠡᠭᠯᠡᠬᠦ ᠬᠡᠷᠡᠭᠲᠡᠶ᠃ | ᠵᠠᠭᠤ ᠭᠤᠴᠢᠨ ᠵᠢᠷᠭᠤᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠪᠠᠶᠢᠭᠤᠯᠤᠭᠳᠠᠭᠰᠠᠨ ᠴᠠᠭ ᠠᠴᠠ ᠪᠠᠨ ᠬᠦᠴᠦᠨ ᠲᠠᠢ ᠪᠣᠯᠤᠨ᠎ᠠ᠂ ᠭᠡᠪᠡᠴᠦ ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠪᠤᠶᠤ ᠲᠤᠬᠠᠶ ᠶᠢᠨ ᠬᠥᠮᠦᠨ ᠠᠰᠲᠠᠭᠠᠨ ᠪᠣᠯᠵᠣᠯ ᠲᠠᠢ ᠨᠢ ᠡᠭᠦᠨ ᠳᠤ ᠪᠠᠭᠲᠠᠬᠤ ᠦᠭᠡᠢ᠃ | ᠦᠢᠯᠡ ᠠᠵᠢᠯᠯᠠᠭᠠᠳᠠᠨ ᠬᠠᠤᠯᠢ ᠴᠠᠭᠠᠵᠠ ᠶᠢᠨ ᠲᠣᠭᠲᠠᠭᠠᠯ ᠳᠤ ᠦᠨᠳᠦᠰᠦᠯᠡᠭᠰᠡᠨ ᠦᠭᠡᠢ ᠪᠤᠶᠤ | ᠨᠦᠬᠦᠭᠡ ᠲᠠᠯ᠎ᠠ ᠶᠢᠨ ᠵᠥᠪᠰᠢᠶᠡᠷᠡᠯ ᠢ ᠣᠯᠤᠭᠰᠠᠨ ᠦᠭᠡᠢ ᠪᠣᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ | ᠠᠵᠢᠯᠯᠠᠭ᠎ᠠ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠴᠤᠴᠠᠯᠵᠤ ᠪᠣᠯᠬᠤ ᠦᠭᠡᠢ᠃ | ᠬᠤᠶᠠᠳᠤᠭᠠᠷ ᠬᠡᠰᠡᠭ ᠰᠠᠨᠠᠭ᠎ᠠ ᠪᠠᠨ ᠢᠯᠡᠳᠬᠡᠬᠦ | ᠵᠠᠭᠤ ᠭᠤᠴᠢᠨ ᠲᠣᠯᠣᠳᠣᠭᠠᠷ ᠵᠦᠢᠯ ᠶᠠᠷᠢᠯᠴᠠᠭᠠᠨ ᠤ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ | ᠢᠯᠡᠳᠬᠡᠯᠲᠡ ᠨᠢ ᠬᠠᠷᠢᠴᠠᠩᠭᠤᠶ ᠬᠥᠮᠦᠨ ᠠᠭᠤᠯᠭ᠎ᠠ ᠶᠢ ᠨᠢ ᠮᠡᠳᠡᠭᠰᠡᠨ ᠴᠠᠬ ᠠᠴᠠ ᠬᠦᠴᠦᠨ ᠲᠠᠢ ᠪᠣᠯᠤᠨ᠎ᠠ᠃ | ᠶᠠᠷᠢᠯᠴᠠᠭᠠᠨ ᠤ ᠪᠤᠰᠤ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ ᠢᠯᠡᠳᠬᠡᠯᠲᠡ ᠨᠢ ᠬᠠᠷᠢᠴᠠᠩᠭᠤᠶ | ᠬᠥᠮᠦᠨ ᠳᠤ ᠬᠦᠷᠦᠭᠰᠡᠨ ᠴᠠᠭ ᠠᠴᠠ ᠬᠦᠴᠦᠨ ᠲᠠᠢ ᠪᠣᠯᠤᠨ᠎ᠠ᠃ ᠳ᠋ᠡᠶᠢᠲ᠋ᠠ ᠡᠯᠧᠺᠲᠷᠤᠨ ᠪᠢᠴᠢᠭ ᠤᠨ ᠬᠡᠯᠪᠡᠷᠢ ᠶᠢ | ᠬᠡᠷᠡᠭᠯᠡᠵᠦ ᠶᠠᠷᠢᠯᠴᠠᠭᠠᠨ ᠤ ᠪᠤᠰᠤ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ ᠢᠯᠡᠳᠬᠡᠯᠲᠡ ᠨᠢ ᠬᠠᠷᠢᠴᠠᠩᠭᠤᠶ ᠬᠥᠮᠦᠨ | ᠳ᠋ᠡᠶᠢᠲ᠋ᠠ ᠡᠯᠧᠺᠲᠷᠤᠨ ᠪᠢᠴᠢᠭ ᠢ ᠣᠨᠴᠠ ᠲᠣᠭᠲᠠᠭᠰᠠᠨ ᠰᠢᠰᠲ᠋ᠧᠮ ᠢᠶᠠᠷ ᠬᠦᠯᠢᠶᠡᠨ ᠠᠪᠬᠤ ᠪᠠᠷ ᠵᠢᠭᠠᠨ | ᠲᠣᠭᠲᠠᠭᠠᠭᠰᠠᠨ ᠪᠠᠶᠢᠪᠠᠯ᠂ ᠳᠤᠰ ᠳ᠋ᠡᠶᠢᠲ᠋ᠠ ᠡᠯᠧᠺᠲᠷᠤᠨ ᠪᠢᠴᠢᠭ ᠤᠨ ᠲᠡᠷᠡ ᠣᠨᠴᠠ ᠲᠣᠭᠲᠠᠭᠰᠠᠨ ᠰᠢᠰᠲ᠋ᠧᠮ ᠳᠤ | ᠣᠷᠣᠭᠰᠠᠨ ᠴᠠᠭ ᠠᠴᠠ ᠬᠦᠴᠦᠨ ᠲᠠᠢ ᠪᠣᠯᠤᠨ᠎ᠠ︔ ᠣᠨᠴᠠ ᠲᠣᠭᠲᠠᠭᠰᠠᠨ ᠰᠢᠰᠲ᠋ᠧᠮ ᠢ ᠵᠢᠭᠠᠨ ᠲᠣᠭᠲᠠᠭᠠᠭᠰᠠᠨ | ᠤᠢᠭᠡᠢ ᠪᠠᠶᠢᠪᠠᠯ ᠬᠠᠷᠢᠴᠠᠩᠭᠤᠶ ᠬᠥᠮᠦᠨ ᠲᠤᠰ ᠳ᠋ᠠᠶᠢᠲ᠋ᠠ ᠡᠯᠧᠺᠳ᠋ᠷᠣᠨ ᠪᠢᠴᠢᠭ ᠲᠡᠭᠦᠨ ᠤ ᠰᠢᠰᠲ᠋ᠧᠮ ᠳᠤ | ᠣᠷᠣᠭᠰᠠᠨ ᠢ ᠮᠡᠳᠡᠭᠦ ᠪᠤᠶᠤ ᠮᠡᠳᠡᠬᠦ ᠶᠣᠰᠣᠲᠠᠶ ᠴᠠᠭ ᠠᠴᠠ ᠬᠦᠴᠦᠨ ᠲᠠᠢ ᠪᠣᠯᠤᠨ᠎ᠠ᠃ ᠲᠤᠬᠠᠶ ᠶᠢᠨ ᠬᠥᠮᠦᠨ ᠨᠢ | ᠳ᠋ᠠᠶᠢᠲ᠋ᠠᠡᠯᠧᠺᠲᠷᠤᠨ ᠪᠢᠴᠢᠭ ᠤᠨ ᠬᠡᠯᠪᠡᠷᠢ ᠶᠢ ᠬᠡᠷᠡᠭᠯᠡᠬᠦ ᠰᠠᠨᠠᠭᠠᠨ ᠤ ᠢᠯᠡᠳᠬᠡᠯᠲᠡ ᠶᠢᠨ ᠬᠦᠴᠦᠨ ᠲᠠᠢ ᠪᠣᠯᠬᠤ ᠴᠠᠭ | ᠬᠤᠭᠤᠴᠠᠭ᠎ᠠ ᠶᠢᠨ ᠲᠤᠬᠠᠶ ᠠᠰᠳᠠᠭᠠᠨ ᠪᠤᠯᠵᠤᠯ ᠲᠠᠢ ᠪᠠᠶᠢᠪᠠᠯ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ | ᠵᠠᠭᠤ ᠭᠤᠴᠢᠨ ᠨᠠᠢᠮᠠᠳᠣᠭᠠᠷ ᠵᠦᠢᠯ ᠬᠠᠷᠢᠴᠠᠩᠭᠤᠶ ᠬᠥᠮᠦᠨ ᠦᠭᠡᠢ ᠰᠠᠨᠠᠭᠠᠨ ᠤ ᠢᠯᠡᠳᠬᠡᠯᠲᠡ ᠨᠢ | ᠢᠯᠡᠳᠬᠡᠯᠲᠡ ᠳᠠᠭᠤᠰᠤᠭᠰᠠᠨ ᠴᠠᠭ ᠠᠴᠠ ᠬᠦᠴᠦᠨ ᠲᠠᠢ ᠪᠣᠯᠤᠨ᠎ᠠ᠃ ᠬᠠᠤᠯᠢ ᠴᠠᠭᠠᠵᠠ ᠳᠤ ᠠᠰᠳᠠᠭᠠᠨ | ᠲᠤᠭᠳᠠᠭᠠᠯ ᠲᠠᠢ ᠪᠠᠶᠢᠪᠠᠯ ᠲᠠᠷᠠ ᠲᠤᠭᠳᠠᠭᠠᠯ ᠶᠤᠰᠤᠭᠠᠷ ᠶᠠᠪᠤᠭᠤᠯᠤᠨ᠎ᠠ᠃ | ᠵᠠᠭᠤ ᠭᠤᠴᠢ ᠶᠢᠰᠦᠳᠦᠭᠡᠷ ᠵᠦᠢᠯ ᠵᠠᠷᠯᠠᠯ ᠤᠨ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ | ᠢᠯᠡᠳᠬᠡᠯᠲᠡ ᠨᠢ ᠵᠠᠷᠯᠠᠯ ᠢ ᠨᠡᠶᠢᠲᠡᠯᠡᠭᠰᠡᠨ ᠴᠠᠭ ᠠᠴᠠ ᠬᠦᠴᠦᠨ ᠲᠠᠢ ᠪᠣᠯᠤᠨ᠎ᠠ᠃ | ᠵᠠᠭᠤ ᠳᠥᠴᠢᠳᠦᠭᠡᠷ ᠵᠦᠢᠯ ᠦᠢᠯᠡ ᠠᠵᠢᠯᠯᠠᠭᠠᠲᠠᠨ ᠰᠠᠨᠠᠭᠠᠨ ᠤ ᠢᠯᠡᠳᠬᠡᠯᠲᠡ ᠪᠠᠨ ᠲᠤᠳᠤᠷᠬᠠᠢ | ᠢᠯᠡᠳᠬᠡᠬᠦ ᠪᠤᠶᠤ ᠳᠠᠮ ᠢᠶᠠᠷ ᠢᠯᠡᠳᠬᠡᠵᠦ ᠪᠣᠯᠣᠨ᠎ᠠ᠃ | ᠳᠤᠭᠤᠢ ᠪᠠᠶᠢᠬᠤ ᠶᠢ ᠵᠦᠪᠬᠡᠨ ᠬᠠᠤᠯᠢ ᠴᠠᠭᠠᠵᠠ ᠶᠢᠨ ᠲᠣᠭᠲᠠᠭᠠᠯ ᠲᠠᠢ᠂ ᠲᠤᠬᠠᠶ ᠶᠢᠨ ᠬᠥᠮᠦᠨ | ᠪᠣᠯᠵᠣᠯ ᠲᠠᠢ ᠪᠤᠶᠤ ᠲᠤᠬᠠᠶ ᠶᠢᠨ ᠬᠥᠮᠦᠨ ᠤ ᠬᠤᠭᠤᠷᠣᠨᠳᠤᠬᠢ ᠠᠷᠠᠯᠵᠢᠶᠠᠨ ᠤ ᠵᠤᠷᠰᠢᠯ ᠳᠤ ᠨᠠᠶᠢᠴᠡᠭᠦ ᠦᠶ᠎ᠡ ᠳᠤ | ᠰᠠᠶ᠋ᠢ ᠰᠠᠨᠠᠭᠠᠨ ᠤ ᠢᠯᠡᠳᠬᠡᠯᠲᠡ ᠪᠠᠷ ᠦᠵᠡᠵᠦ ᠪᠣᠯᠤᠨ᠎ᠠ᠃ | ᠵᠠᠭᠤ ᠳᠥᠴᠢᠨ ᠨᠢᠭᠡᠳᠦᠭᠡᠷ ᠵᠦᠢᠯ ᠦᠢᠯᠡ ᠠᠵᠢᠯᠯᠠᠭᠠᠲᠠᠨ ᠰᠠᠨᠠᠭᠠᠨ ᠤ ᠢᠯᠡᠳᠬᠡᠯᠲᠡ ᠪᠠᠨ ᠪᠣᠴᠠᠭᠠᠨ | ᠠᠪᠴᠤ ᠪᠣᠯᠤᠨ᠎ᠠ᠃ ᠰᠠᠨᠠᠭᠠᠨ ᠤ ᠢᠯᠡᠳᠬᠡᠯᠲᠡ ᠪᠠᠨ ᠪᠤᠴᠠᠭᠠᠨ ᠠᠪᠬᠤ ᠮᠡᠳᠡᠭᠳᠡᠯ ᠨᠢ ᠰᠠᠨᠠᠭᠠᠨ ᠤ ᠢᠯᠡᠳᠬᠡᠯᠲᠡ | ᠬᠠᠷᠢᠴᠠᠩᠭᠤᠶ ᠬᠥᠮᠦᠨ ᠳᠤ ᠬᠥᠷᠬᠦ ᠠᠴᠠ ᠡᠮᠦᠨ᠎ᠡ ᠪᠤᠶᠤ ᠰᠠᠨᠠᠭᠠᠨ ᠤ ᠢᠯᠡᠳᠬᠡᠯᠲᠡ ᠲᠠᠢ ᠵᠡᠷᠭᠡ ᠪᠠᠷ ᠬᠠᠷᠢᠴᠠᠩᠭᠤᠶ | ᠬᠥᠮᠦᠨ ᠳᠤ ᠬᠦᠷᠦᠭᠰᠡᠨ ᠪᠠᠶᠢᠬᠤ ᠬᠡᠷᠡᠭᠲᠡᠢ᠃ | ᠵᠠᠭᠤ ᠳᠥᠴᠢᠨ ᠬᠤᠶᠠᠳᠣᠭᠠᠷ ᠵᠦᠢᠯ ᠬᠠᠷᠢᠴᠠᠩᠭᠤᠶ ᠬᠥᠮᠦᠨ ᠲᠠᠢ ᠰᠠᠨᠠᠭᠠᠨ ᠤ ᠢᠯᠡᠳᠬᠡᠯᠲᠡ ᠶᠢ | ᠲᠠᠶᠢᠯᠪᠤᠷᠢᠯᠠᠬᠤ ᠳᠤ᠂ ᠬᠡᠷᠡᠭᠯᠡᠭᠰᠡᠨ ᠦᠭᠡ ᠥᠭᠦᠯᠡᠪᠦᠷᠢ ᠶᠢ ᠨᠢ ᠦᠨᠳᠦᠰᠦᠯᠡᠵᠦ᠂ ᠬᠤᠯᠪᠣᠭᠳᠠᠯ ᠪᠦᠬᠦᠢ ᠵᠦᠢᠯ | ᠵᠤᠷᠪᠤᠰ᠂ ᠦᠢᠯᠡ ᠠᠵᠢᠯᠯᠠᠭ᠎ᠠ ᠶᠢᠨ ᠰᠢᠨᠵᠢ ᠴᠢᠨᠠᠷ ᠪᠠ ᠵᠣᠷᠢᠯᠭ᠎ᠠ᠂ ᠲᠠᠳᠬᠠᠯ ᠵᠢᠴᠢ ᠦᠨᠡᠨᠴᠢ ᠢᠲᠡᠭᠡᠮᠵᠢᠲᠡᠶ | ᠪᠠᠶᠢᠬᠤ ᠵᠠᠷᠴᠢᠮ ᠲᠠᠢ ᠤᠶᠠᠯᠳᠤᠭᠤᠯᠤᠨ᠂ ᠰᠠᠨᠠᠭᠠᠨ ᠤ ᠢᠯᠡᠳᠬᠡᠯᠲᠡ ᠶᠢᠨ ᠤᠳᠬ᠎ᠠ ᠶᠢ ᠲᠣᠭᠲᠠᠭᠠᠬᠤ ᠬᠡᠷᠡᠭᠲᠡᠶ᠃ | ᠬᠠᠷᠢᠴᠠᠩᠭᠤᠶ ᠬᠥᠮᠦᠨ ᠦᠭᠡᠢ ᠰᠠᠨᠠᠭᠠᠨ ᠤ ᠢᠯᠡᠳᠬᠡᠯᠲᠡ ᠶᠢ ᠲᠠᠶᠢᠯᠪᠤᠷᠢᠯᠠᠬᠤ ᠳᠤ᠂ ᠬᠡᠷᠡᠭᠯᠡᠭᠰᠡᠨ ᠦᠭᠡ | ᠥᠭᠦᠯᠡᠪᠦᠷᠢ ᠳᠤᠨᠢ ᠪᠦᠷᠢᠮᠦᠰᠦᠨ ᠪᠠᠷᠢᠭᠳᠠᠵᠤ ᠪᠣᠯᠬᠤ ᠤᠢᠭᠡᠢ᠂ ᠬᠠᠷᠢᠨ ᠬᠤᠯᠪᠣᠭᠳᠠᠯ ᠪᠦᠬᠦᠢ ᠵᠦᠢᠯ ᠵᠤᠷᠪᠤᠰ᠂ | ᠦᠢᠯᠡ ᠠᠵᠢᠯᠯᠠᠭ᠎ᠠ ᠶᠢᠨ ᠰᠢᠨᠵᠢ ᠴᠢᠨᠠᠷ ᠪᠠ ᠵᠣᠷᠢᠯᠭ᠎ᠠ᠂ ᠲᠠᠳᠬᠠᠯ ᠵᠢᠴᠢ ᠦᠨᠡᠨᠴᠢ ᠢᠲᠡᠭᠡᠮᠵᠢᠲᠡᠶ ᠪᠠᠶᠢᠬᠤ | ᠵᠠᠷᠴᠢᠮ ᠲᠠᠢ ᠤᠶᠠᠯᠳᠤᠭᠤᠯᠤᠨ᠂ ᠦᠢᠯᠡ ᠠᠵᠢᠯᠯᠠᠭᠠᠳᠠᠨ ᠤ ᠦᠨᠡᠨ ᠰᠠᠨᠠᠭ᠎ᠠ ᠶᠢ ᠲᠣᠭᠲᠠᠭᠠᠬᠤ ᠬᠡᠷᠡᠭᠲᠡᠢ᠃ | ︵ᠦᠷᠬᠦᠯᠵᠢᠯᠡᠯ ᠪᠤᠢ︶ | |