ᠬᠤᠶᠠᠳᠤᠭᠠᠷ ᠰᠠᠷ᠎ᠠ ᠠᠴᠠ ᠡᠬᠢᠯᠡᠨ ᠬᠡᠷᠡᠭᠵᠢᠬᠦᠯᠦᠭᠰᠡᠨ ᠲᠦᠷᠢᠮ ᠲᠤᠭᠳᠠᠭᠠᠯ ᠤᠳ
ᠨᠡᠶᠢᠲᠡᠯᠡᠭᠰᠡᠨ ᠴᠠᠭ᠄
2021/2/22
           ᠡᠨᠡ ᠵᠢᠯ ᠤᠨ 2 ᠰᠠᠷ᠎ᠠ ᠠᠴᠠ ᠡᠬᠢᠯᠡᠨ ᠬᠡᠷᠡᠭᠵᠢᠬᠦᠯᠦᠭᠰᠡᠨ ᠨᠢᠬᠡ ᠪᠦᠯᠦᠭ ᠲᠦᠷᠢᠮ ᠲᠤᠭᠳᠠᠭᠠᠯ ᠨᠢ ᠲᠠ ᠪᠢᠳᠠᠨ ᠤ ᠠᠮᠢᠳᠤᠷᠠᠯ ᠢ ᠬᠡᠷᠬᠢᠨ ᠨᠦᠯᠦᠭᠡᠯᠡᠬᠦ ᠪᠤᠢ︖ ᠠᠩᠬᠠᠷᠤᠯ ᠢᠶᠠᠨ ᠬᠠᠨᠳᠤᠭᠤᠯᠤᠨ᠎ᠠ ᠤᠤ︕            1᠂ ᠲᠦᠷᠦ ᠶᠢᠨ ᠪᠤᠳᠤᠯᠭ᠎ᠠ ᠶᠢ ᠪᠦᠲᠦᠮᠵᠢᠳᠡᠢ ᠨᠠᠶᠢᠳᠠᠪᠤᠷᠢᠵᠢᠭᠤᠯᠤᠭᠰᠠᠨ ᠤᠤ︖ ᠰᠢᠨ᠎ᠠ ᠲᠤᠭᠳᠠᠭᠠᠯ ᠨᠢ ᠵᠠᠰᠠᠭ ᠤᠨ ᠤᠷᠳᠤᠨ ᠤ ᠡᠬᠦᠷᠬᠡ ᠲᠤᠰᠢᠶᠠᠯ ᠢᠶᠠᠨ ᠪᠡᠶᠡᠯᠡᠬᠦᠯᠦᠭᠰᠡᠨ ᠡᠰᠡᠬᠦ ᠳᠤ ᠬᠢᠨᠠᠯᠳᠠ ᠲᠠᠯᠪᠢᠨ᠎ᠠ            2 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠬᠦ ︽ᠵᠠᠰᠠᠭ ᠤᠨ ᠤᠷᠳᠤᠨ ᠢ ᠱᠠᠯᠠᠪᠳᠠᠭᠤᠯᠤᠨ ᠪᠠᠶᠢᠴᠠᠭᠠᠬᠤ ᠲᠦᠷᠢᠮ︾ ᠨᠢ ᠵᠠᠰᠠᠭ ᠤᠨ ᠤᠷᠳᠤᠨ ᠤ ᠬᠠᠤᠯᠢ ᠶᠤᠰᠤᠭᠠᠷ ᠡᠬᠦᠷᠬᠡ ᠲᠤᠰᠢᠶᠠᠯ ᠢᠶᠠᠨ ᠪᠡᠶᠡᠯᠡᠬᠦᠯᠬᠦ ᠳᠤ ᠬᠢᠨᠠᠯᠳᠠ ᠲᠠᠯᠪᠢᠬᠤ ᠪᠤᠯᠤᠨ᠎ᠠ᠃ ︽ᠲᠦᠷᠢᠮ︾ ᠳᠤ ᠲᠤᠭᠳᠠᠭᠠᠭᠰᠠᠨ ᠨᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠤᠮᠳᠠ ᠠᠯᠪᠠᠨ ᠠᠵᠢᠯᠳᠠᠨ ᠬᠡᠬᠡᠯᠢ ᠲᠦᠯᠬᠢᠵᠤ ᠬᠠᠭ᠋ᠤᠤᠯᠢ ᠢᠳᠡᠭᠰᠡᠨ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠳᠤᠭᠠᠭᠰᠠᠨ᠂ ᠲᠤᠰᠢᠶᠠᠯ ᠢᠶᠠᠨ ᠠᠰᠢᠭᠯᠠᠵᠤ ᠶᠠᠯ᠎ᠠ ᠬᠢᠭᠰᠡᠨ ᠰᠦᠪᠡᠭᠴᠢ ᠲᠤᠰᠪᠠᠯ ᠵᠠᠰᠠᠭ ᠤᠨ ᠤᠷᠳᠤᠨ ᠤ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠠᠴᠠ ᠪᠠᠶᠢᠴᠠᠭᠠᠬᠤ ᠬᠤᠷᠢᠶ᠎ᠠ ᠳᠤ ᠰᠢᠯᠵᠢᠬᠦᠯᠦᠨ᠂ ᠪᠠᠶᠢᠴᠠᠭᠠᠬᠤ ᠬᠤᠷᠢᠶ᠎ᠠ ᠠᠴᠠ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃ ᠪᠤᠰᠤᠳ ᠬᠠᠤᠯᠢ ᠠᠴᠠ ᠵᠦᠷᠢᠴᠡᠭᠰᠡᠨ ᠠᠰᠠᠭᠤᠳᠠᠯ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠲᠤᠰᠢᠶᠠᠨ᠎ᠠ᠃            2᠂ ᠡᠮ ᠡᠮᠨᠡᠯᠬᠡ ᠶᠢᠨ ᠲᠠᠭᠠᠳᠬᠠᠯ ᠤᠨ ᠰᠢᠨ᠎ᠠ ᠡᠬᠢ ᠪᠠᠶᠠᠯᠢᠭ ᠬᠠᠨᠭ᠍ᠭᠠᠬᠤ ᠬᠦᠷᠢᠶ᠎ᠠ ᠬᠡᠪᠴᠢᠶ᠎ᠠ ᠪᠠᠨ ᠦᠷᠬᠡᠳᠬᠡᠵᠦ᠂ ᠡᠮ ᠡᠮᠨᠡᠯᠬᠡ ᠶᠢᠨ ᠦᠢᠯᠡᠴᠢᠯᠡᠭᠡ ᠤᠯᠠᠮ ᠲᠦᠬᠦᠮ ᠲᠦᠳᠡ ᠪᠤᠯᠤᠨ᠎ᠠ            2 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠬᠦ ︽ᠡᠮ ᠡᠮᠨᠡᠯᠬᠡ ᠶᠢᠨ ᠪᠠᠶᠢᠭᠤᠯᠤᠮᠵᠢ ᠳᠤ ᠡᠮᠨᠡᠯᠬᠡ ᠶᠢᠨ ᠲᠠᠭᠠᠳᠬᠠᠯ ᠤᠨ ᠲᠤᠭᠳᠠᠭᠰᠠᠨ ᠴᠡᠭ ᠤᠨ ᠬᠠᠮᠢᠶᠠᠷᠤᠯᠳᠠ ᠶᠢ ᠲᠦᠷ ᠬᠡᠷᠡᠭᠵᠢᠬᠦᠯᠬᠦ ᠲᠦᠷᠢᠮ︾ ᠪᠠ ︽ᠰᠤᠯᠠ ᠪᠠᠷ ᠬᠤᠳᠠᠯᠳᠤᠬᠤ ᠡᠮ ᠤᠨ ᠲᠡᠯᠬᠡᠬᠦᠷ ᠲᠤ ᠡᠮᠨᠡᠯᠬᠡ ᠶᠢᠨ ᠲᠠᠭᠠᠳᠬᠠᠯ ᠤᠨ ᠲᠤᠭᠳᠠᠭᠰᠠᠠ ᠴᠡᠭ ᠤᠨ ᠬᠠᠮᠢᠶᠠᠷᠤᠯᠳᠠ ᠶᠢ ᠲᠦᠷ ᠬᠡᠷᠡᠭᠵᠢᠬᠦᠯᠬᠦ ᠲᠦᠷᠢᠮ︾ ᠨᠢ ᠨᠦᠬᠦᠴᠡᠯ ᠳᠤ ᠲᠤᠬᠢᠷᠠᠬᠤ ᠡᠮ ᠡᠮᠨᠡᠯᠬᠡ ᠶᠢᠨ ᠪᠠᠶᠢᠭᠤᠯᠤᠮᠵᠢ ᠪᠠ ᠡᠮ ᠤᠨ ᠲᠡᠯᠬᠡᠬᠦᠷ ᠨᠢ ᠡᠮᠨᠡᠯᠬᠡ ᠶᠢᠨ ᠲᠠᠭᠠᠳᠬᠠᠯ ᠤᠨ ᠵᠦᠪᠳᠡᠯᠴᠡᠬᠡᠷ ᠲᠤᠭᠳᠠᠵᠤ᠂ ᠡᠮᠨᠡᠯᠬᠡ ᠶᠢ ᠲᠠᠭᠠᠳᠬᠠᠯ ᠤᠨ ᠲᠤᠭᠳᠠᠭᠰᠠᠨ ᠴᠡᠭ ᠤᠨ ᠬᠠᠮᠢᠶᠠᠷᠤᠯᠳᠠ ᠳᠤ ᠤᠷᠤᠬᠤ ᠪᠠᠷ ᠭᠤᠶᠤᠴᠢᠯᠠᠵᠤ ᠪᠤᠯᠤᠨ᠎ᠠ ᠬᠡᠵᠡᠢ᠃ ᠭᠤᠶᠤᠴᠢᠯᠠᠭᠰᠠᠨ ᠤ ᠰᠡᠬᠦᠯᠡᠷ ᠡᠮᠨᠡᠯᠬᠡ ᠶᠢᠨ ᠲᠠᠭᠠᠳᠬᠠᠯ ᠤᠨ ᠬᠦᠢᠴᠡᠳᠬᠡᠬᠦ ᠪᠠᠶᠢᠭᠤᠯᠤᠮᠵᠢ ᠶᠢᠨ ᠬᠢᠨᠠᠨ ᠰᠢᠯᠭᠠᠬᠤ ᠬᠤᠭᠤᠴᠠᠭ᠎ᠠ ᠨᠢ 3 ᠰᠠᠷ᠎ᠠ ᠠᠴᠠ ᠬᠡᠳᠦᠷᠡᠵᠦ ᠪᠤᠯᠬᠤ ᠦᠬᠡᠢ ᠬᠡᠵᠡᠢ᠃            3᠂ ᠬᠦᠳᠡᠯᠮᠦᠷᠢᠯᠡᠭᠴᠢᠳ ᠤᠨ ᠡᠷᠡᠬᠦᠯ ᠮᠡᠨᠳᠦ ᠶᠢ ᠪᠠᠳᠤᠯᠠᠵᠤ᠂ ᠬᠦᠮᠦᠨ ᠬᠡᠷᠡᠭᠯᠡᠬᠦ ᠨᠢᠬᠡᠴᠢ ᠨᠢ ᠭᠤᠤᠯ ᠴᠤᠬᠴᠠ ᠶᠢᠨ ᠬᠠᠷᠢᠭᠤᠴᠠᠯᠭ᠎ᠠ ᠡᠬᠦᠷᠬᠡᠯᠡᠨ᠎ᠡ            ︽ᠪᠡᠶ᠎ᠡ ᠪᠠᠶᠢᠪᠠᠯ ᠪᠡᠬᠡᠵᠢᠩ︾ ᠬᠡᠳᠡᠭᠴᠢᠯᠡᠨ ᠴᠦᠬᠡᠨ ᠪᠤᠰᠤ ᠬᠦᠳᠡᠯᠮᠦᠷᠢᠯᠡᠭᠴᠢᠳ ᠲᠤ ᠠᠪᠴᠤ ᠬᠡᠯᠡᠪᠡᠯ ᠡᠷᠡᠬᠦᠯ ᠮᠡᠨᠳᠦ ᠪᠠᠷ ᠠᠵᠢᠯᠯᠠᠬᠤ ᠨᠢ ᠠᠵᠠ ᠵᠢᠷᠭᠠᠯ ᠪᠢᠯᠡ᠃            2 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠬᠦ ︽ᠠᠵᠢᠯ ᠤᠨ ᠲᠠᠯᠠᠪᠤᠷ ᠲᠠᠬᠢ ᠠᠵᠢᠯ ᠤᠨ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾ ᠨᠢ ᠬᠦᠮᠦᠨ ᠬᠡᠷᠡᠭᠯᠡᠬᠦ ᠨᠢᠬᠡᠴᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠲᠤᠪᠤᠶᠢᠯᠭᠠᠭᠰᠠᠨ ᠪᠠᠶᠢᠨ᠎ᠠ᠃ ᠲᠤᠰ ᠲᠤᠭᠳᠠᠭᠠᠯ ᠳᠤ ᠬᠦᠮᠦᠨ ᠬᠡᠷᠡᠭᠯᠡᠬᠦ ᠨᠢᠬᠡᠴᠢ ᠠᠴᠠ ᠬᠦᠳᠡᠯᠮᠦᠷᠢᠯᠡᠭᠴᠢᠳ ᠲᠤ ᠬᠠᠤᠯᠢ ᠲᠦᠷᠢᠮ ᠳᠤ ᠨᠡᠶᠢᠴᠡᠭᠰᠡᠨ᠂ ᠤᠯᠤᠰ ᠤᠨ ᠠᠵᠢᠯ ᠲᠦᠷᠦᠯ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠭᠰᠡᠨ ᠠᠵᠢᠯ ᠤᠨ ᠤᠷᠴᠢᠨ ᠲᠤᠭᠤᠷᠢᠨ ᠬᠠᠨᠭ᠍ᠭᠠᠬᠤ ᠬᠡᠷᠡᠭᠳᠡᠢ ᠬᠡᠵᠦ ᠲᠤᠭᠳᠠᠭᠠᠵᠠᠢ᠃            4᠂  ᠢᠨᠲ᠋ᠧᠷ ᠰᠦᠯᠵᠢᠶ᠎ᠠ ᠶᠢᠨ ᠲᠠᠭᠠᠳᠬᠠᠯ ᠤᠨ ᠲᠤᠬᠠᠢᠢᠢᠯᠠᠭᠰᠠᠨ ᠠᠵᠢᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠲᠠᠭᠠᠳᠬᠠᠯ ᠤᠨ ᠪᠤᠰᠤ ᠪᠠᠶᠢᠭᠤᠯᠤᠮᠵᠢ ᠬᠠᠤᠯᠢ ᠴᠠᠭᠠᠵᠠ ᠶᠢᠨ ᠵᠠᠪᠰᠠᠷ ᠢ ᠠᠰᠢᠭᠯᠠᠨ ᠠᠵᠢᠯᠯᠠᠵᠤ ᠪᠤᠯᠬᠤ ᠦᠬᠡᠢ            2 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠬᠦ ︽ᠢᠨᠲ᠋ᠧᠷ ᠰᠦᠯᠵᠢᠶ᠎ᠠ ᠶᠢᠨ ᠲᠠᠭᠠᠳᠬᠠᠯ ᠤᠨ ᠲᠤᠬᠠᠢᠢᠯᠠᠭᠰᠠᠨ ᠠᠵᠢᠯ ᠢ ᠬᠢᠨᠠᠨ ᠬᠠᠮᠢᠶᠠᠷᠬᠤ ᠠᠷᠭ᠎ᠠ︾ ᠳᠤ᠂ ᠢᠨᠲᠧᠷ ᠰᠦᠯᠵᠢᠶᠠᠨ ᠤ ᠲᠠᠭᠠᠳᠬᠠᠯ ᠤᠨ ᠲᠤᠬᠠᠢᠢᠯᠠᠭᠰᠠᠨ ᠠᠵᠢᠯ ᠢ ᠬᠠᠤᠯᠢ ᠶᠤᠰᠤᠭᠠᠷ ᠪᠠᠶᠢᠭᠤᠯᠤᠭᠰᠠᠨ ᠲᠠᠭᠠᠳᠬᠠᠯ ᠤᠨ ᠪᠠᠶᠢᠭᠤᠯᠤᠮᠵᠢ ᠠᠴᠠ ᠪᠤᠰᠤᠳ ᠪᠠᠶᠢᠭᠤᠯᠤᠮᠵᠢ ᠪᠠ ᠬᠤᠪᠢ ᠬᠦᠮᠦᠨ ᠢᠨᠲ᠋ᠧᠷ ᠰᠦᠯᠵᠢᠶᠠᠨ ᠤ ᠲᠠᠭᠠᠳᠬᠠᠯ ᠤᠨ ᠲᠤᠬᠠᠢᠢᠯᠠᠭᠰᠠᠨ ᠠᠵᠢᠯ ᠢ ᠦᠷᠨᠢᠬᠦᠯᠵᠦ ᠪᠤᠯᠬᠤ ᠦᠬᠡᠢ ᠬᠡᠵᠦ ᠲᠤᠭᠳᠠᠭᠠᠪᠠ᠃            ᠲᠤᠭᠳᠠᠭᠠᠯ ᠳᠤ᠂ ᠲᠠᠭᠠᠳᠬᠠᠯ ᠤᠨ ᠪᠤᠰᠤ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠵᠠᠪᠰᠠᠷ ᠢ ᠠᠰᠢᠭᠯᠠᠨ ᠠᠵᠢᠯᠯᠠᠭᠰᠠᠨ ᠵᠢᠱᠢᠶ᠎ᠠ ᠶᠢ ᠵᠢᠭᠰᠠᠭᠠᠵᠤ᠂ ᠡᠬᠦᠨ ᠳᠤ ᠲᠠᠭᠠᠳᠬᠠᠯ ᠤᠨ ᠦᠢᠯᠡᠳᠬᠦᠨ ᠤ ᠠᠰᠠᠭᠤᠨ ᠯᠠᠪᠯᠠᠭ᠎ᠠ ᠶᠢᠨ ᠦᠢᠯᠡᠴᠢᠯᠡᠭᠡ ᠬᠠᠨᠭ᠍ᠭᠠᠬᠤ᠂ ᠲᠠᠭᠠᠳᠬᠠᠯ ᠳᠤ ᠤᠷᠤᠬᠤ ᠭᠠᠷ ᠬᠦᠢᠴᠡᠳᠬᠡᠯ ᠢ ᠤᠷᠤᠯᠠᠨ ᠬᠢᠬᠦ᠂ ᠲᠠᠭᠠᠳᠬᠠᠯ ᠤᠨ ᠰᠦᠢᠳᠬᠡᠯ ᠢ ᠤᠷᠤᠯᠠᠨ ᠬᠤᠷᠢᠶᠠᠬᠤ ᠵᠡᠷᠬᠡ ᠪᠠᠭᠳᠠᠨ᠎ᠠ᠃            5᠂ ᠬᠡᠷᠡᠭᠯᠡᠭᠴᠢ ᠶᠢᠨ ᠵᠦᠪᠰᠢᠶᠡᠷᠡᠯ ᠦᠬᠡᠢ ᠪᠠᠷ ᠵᠢᠷᠬᠢᠶ᠎ᠠ ᠶᠢᠨ ᠤᠯᠠᠨ ᠨᠠᠶᠢᠳᠠ ᠶᠢᠨ ᠲᠠᠪᠴᠠᠩ ᠠᠯᠪᠠᠳᠠᠯᠭ᠎ᠠ ᠪᠠᠷ ᠠᠩᠬᠠᠷᠤᠭᠤᠯᠬᠤ ᠪᠤᠶᠤ ᠬᠡᠯᠪᠡᠷᠢ ᠶᠢ ᠨᠢ ᠦᠬᠡᠷᠡᠳᠦᠬᠦᠯᠵᠦ ᠠᠯᠪᠠᠳᠠᠨ ᠠᠩᠬᠠᠷᠤᠭᠤᠯᠵᠤ ᠪᠤᠯᠬᠤ ᠦᠬᠡᠢ            ᠤᠯᠤᠰ ᠤᠨ ᠢᠨᠲ᠋ᠧᠷ ᠰᠦᠯᠵᠢᠶ᠎ᠠ ᠶᠢᠨ ᠮᠡᠳᠡᠭᠡ ᠵᠠᠩᠭᠢ ᠶᠢᠨ ᠠᠯᠪᠠᠨ ᠬᠡᠷ ᠠᠴᠠ ᠲᠠᠷᠤᠮᠠᠯᠯᠠᠨ ᠲᠠᠷᠬᠠᠭᠠᠭᠰᠠᠨ ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠢᠨᠲ᠋ᠧᠷ ᠰᠦᠯᠵᠢᠶᠠᠨ ᠤ ᠬᠡᠷᠡᠭᠯᠡᠭᠴᠢ ᠶᠢᠨ ᠵᠢᠷᠬᠢᠶ᠎ᠠ ᠶᠢᠨ ᠤᠯᠠᠨ ᠨᠠᠶᠢᠳᠠ ᠶᠢᠨ ᠲᠠᠪᠴᠡᠩ ᠤᠨ ᠮᠡᠳᠡᠭᠡ ᠵᠠᠩᠭᠢ ᠶᠢᠨ ᠦᠢᠯᠡᠴᠢᠯᠡᠬᠡᠨ ᠤ ᠬᠠᠮᠢᠶᠠᠷᠤᠯᠳᠠ ᠶᠢᠨ ᠲᠤᠭᠳᠠᠭᠠᠯ︾ ᠢ 2 ᠰᠠᠷ᠎ᠠ ᠶᠢᠨ 22 ᠤᠨ ᠡᠳᠦᠷ ᠠᠴᠠ ᠡᠬᠢᠯᠡᠨ ᠬᠡᠷᠡᠭᠵᠢᠬᠦᠯᠬᠦ ᠪᠤᠯᠤᠨ᠎ᠠ᠃            ᠲᠤᠭᠳᠠᠭᠠᠯ ᠳᠤ᠂ ᠵᠢᠷᠬᠢᠶ᠎ᠠ ᠶᠢᠨ ᠤᠯᠠᠨ ᠨᠠᠶᠢᠳᠠ ᠶᠢᠨ ᠲᠠᠪᠴᠡᠩ ᠢ ᠲᠠᠨᠢᠯᠴᠠᠭᠤᠯᠬᠤ᠂ ᠵᠠᠬᠢᠶᠠᠯᠠᠬᠤ᠂ ᠡᠵᠡᠩᠨᠡᠬᠦ ᠪᠠᠶᠢᠭᠤᠯᠤᠮᠵᠢ ᠶᠢ ᠲᠦᠷᠢᠮᠵᠢᠬᠦᠯᠵᠦ᠂ ᠬᠡᠷᠡᠭᠯᠡᠭᠴᠢ ᠶᠢᠨ ᠵᠦᠪᠰᠢᠶᠡᠷᠡᠯ ᠦᠬᠡᠢ ᠪᠠᠷ ᠠᠯᠪᠠᠳᠠᠯᠭ᠎ᠠ ᠪᠠᠷ ᠠᠩᠬᠠᠷᠤᠭᠤᠯᠵᠤ ᠪᠤᠯᠬᠤ ᠦᠬᠡᠢ᠃ ᠵᠢᠷᠬᠢᠶ᠎ᠠ ᠶᠢᠨ ᠤᠯᠠᠨ ᠨᠠᠶᠢᠳᠠ ᠶᠢᠨ ᠲᠠᠪᠴᠠᠩ ᠡᠵᠡᠩᠨᠡᠭᠴᠢ ᠠᠴᠠ ᠦᠨ᠎ᠡ ᠲᠦᠯᠦᠪᠦᠷᠢ ᠲᠠᠢ ᠪᠠᠷ ᠮᠡᠳᠡᠭᠡ ᠵᠠᠩᠭᠢ ᠨᠡᠶᠢᠳᠡᠯᠡᠬᠦ᠂ ᠮᠡᠳᠡᠭᠡ ᠵᠠᠩᠭᠢ ᠶᠢ ᠬᠠᠰᠤᠬᠤ ᠵᠡᠷᠬᠡ ᠠᠷᠭ᠎ᠠ ᠪᠠᠷᠢᠯ ᠬᠡᠷᠡᠭᠯᠡᠵᠦ ᠬᠠᠤᠯᠢ ᠪᠤᠰᠤ ᠪᠠᠷ ᠰᠦᠯᠵᠢᠶᠠᠨ ᠳᠤ ᠬᠢᠨᠠᠯᠳᠠ ᠲᠠᠯᠪᠢᠬᠤ᠂ ᠡᠵᠡᠩᠨᠡᠯᠳᠡ ᠪᠤᠷᠤᠯᠠᠭᠤᠯᠤᠯᠳᠠ ᠶᠢᠨ ᠮᠡᠬᠡᠯᠡᠯ ᠬᠢᠬᠦ᠂ ᠬᠢᠬᠠᠵᠤ ᠠᠪᠬᠤ᠂ ᠬᠠᠤᠯᠢ ᠪᠤᠰᠤ ᠪᠠᠷ ᠠᠰᠢᠭ ᠤᠯᠬᠤ ᠵᠡᠷᠬᠡ ᠠᠵᠢᠯᠯᠠᠭ᠎ᠠ ᠦᠷᠨᠢᠬᠦᠯᠵᠦ ᠪᠤᠯᠬᠤ ᠦᠬᠡᠢ ᠬᠡᠵᠡᠢ᠃                 ︵︽ᠦᠪᠦᠷ ᠮᠤᠩᠭᠤᠯ ᠤᠨ ᠡᠳᠦᠷ ᠤᠨ ᠰᠤᠨᠢᠨ︾ ᠵᠢᠷᠬᠢᠶ᠎ᠠ ᠲᠠᠪᠴᠠᠩ ᠠᠴᠠ︶
ᠢᠷᠡᠯᠲᠡ᠄ ᠣᠷᠳᠣᠰ ᠮᠣᠩᠭᠤᠯ ᠰᠦᠯᠵᠢᠶ᠎ᠡ