ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ 2 ᠰᠠᠷ᠎ᠠ ᠶᠢᠨ 19 ᠤ ᠡᠳᠦᠷ ᠤᠨ ᠮᠡᠳᠡᠭᠡ ᠰᠤᠷᠭᠠᠨᠬᠥ᠋ᠮᠦᠵᠢᠯ ᠤᠨ ᠶᠠᠮᠤᠨ ᠤ | ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠰᠤᠷᠭᠠᠨ ᠬᠥᠮᠦᠵᠢᠯ ᠤᠨ ᠶᠠᠮᠤᠨ ︽2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠠᠵᠢᠯ ᠢ ᠰᠠᠶᠢᠲᠤᠷ ᠬᠢᠬᠦ ᠲᠤᠬᠠᠶ ᠰᠤᠷᠭᠠᠨ ᠬᠥᠮᠦᠵᠢᠯ ᠤᠨᠶᠠᠮᠤᠨ ᠤ ᠮᠡᠳᠡᠭᠳᠡᠯ︾ ᠨᠡᠶᠢᠲᠡᠯᠡᠪᠡ᠃ ᠰᠤᠷᠭᠠᠨ ᠬᠥᠮᠦᠵᠢᠯ ᠤᠨ ᠶᠠᠮᠤᠨ᠂ ᠰᠤᠷᠭᠠᠨ ᠬᠥᠮᠦᠵᠢᠯ ᠤᠨ | ᠶᠠᠮᠤᠨ ᠤ ᠲᠣᠭᠲᠠᠭᠠᠭᠰᠠᠨᠣᠨᠴᠠᠭᠠᠶ ᠤᠴᠢᠷ ᠶᠠᠪᠤᠳᠠᠯ ᠠᠴᠠ ᠭᠠᠳᠠᠨ᠎ᠠ᠂ ᠰᠢᠯᠭᠠᠭᠤᠯᠤᠭᠴᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠮᠡᠳᠡᠭᠡ ᠵᠠᠩᠭᠢ ᠶᠢ ᠵᠥᠪᠬᠡᠨ ᠰᠢᠯᠭᠠᠭᠤᠯᠤᠭᠴᠢ ᠲᠣᠰ ᠬᠥᠮᠦᠨ ᠵᠢᠴᠢᠬᠤᠯᠪᠣᠭᠳᠠᠯ ᠪᠥᠬᠦᠶ ᠲᠠᠩᠰᠠ | ᠡᠪᠬᠡᠮᠡᠯ ᠢ ᠨᠢ ᠥᠭᠬᠦ ᠶᠡᠭᠡ ᠳᠡᠭᠡᠳᠦ ᠰᠤᠷᠭᠠᠭᠤᠯᠢ ᠳᠤ ᠬᠠᠩᠭᠠᠵᠤ ᠪᠣᠯᠤᠨ᠎ᠠ᠂ ᠰᠢᠯᠭᠠᠭᠤᠯᠤᠭᠴᠢ ᠶᠢᠨ ᠪᠠᠶᠢᠭ᠎ᠠ ᠳᠤᠮᠳᠠᠳᠤ ᠰᠤᠷᠭᠠᠭᠤᠯᠢ ᠵᠢᠴᠢ | ᠪᠤᠰᠤᠳ ᠶᠠᠮᠠᠷᠪᠠ ᠨᠢᠭᠡᠴᠡ ᠪᠠ ᠬᠤᠪᠢ ᠬᠥᠮᠦᠨ ᠳᠤ ᠬᠠᠨᠭ᠍ᠭᠠᠨᠦᠭᠴᠦ ᠪᠣᠯᠬᠤ ᠥᠬᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠣᠨᠢᠨ ᠮᠡᠳᠡᠭᠡᠨ ᠤ | ᠵᠠᠭᠤᠴᠢᠯᠠᠭᠤᠷ ᠢ ᠵᠤᠬᠢᠴᠠᠭᠤᠯᠵᠤᠪᠠᠶᠢᠭᠠᠳ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠮᠠᠩᠯᠠᠶ︾᠂ ︽ᠶᠡᠭᠡ | ᠳᠡᠭᠡᠳᠦᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠤᠷᠭᠠᠭᠤᠯᠢ ᠳᠡᠪᠰᠢᠭᠰᠡᠨ ᠨᠣᠷᠮ᠎ᠠ︾᠂ ︽ᠥᠨᠳᠥᠷ ᠬᠤᠪᠢᠣᠯᠤᠭᠰᠠᠨ ᠰᠢᠯᠭᠠᠭᠤᠯᠤᠭᠴᠢ︾ | ᠵᠡᠷᠭᠡ ᠶᠢ ᠤᠬᠠᠭᠤᠯᠤᠨ ᠬᠥᠭᠡᠷᠭᠡᠳᠡᠬᠦ ᠵᠡᠷᠭᠡ ᠠᠵᠢᠯᠯᠠᠭ᠎ᠠ ᠦᠷᠨᠢᠬᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠵᠥᠪᠯᠡᠯ ᠨᠢ ᠨᠢᠭᠡᠳᠦᠯᠲᠡᠶᠲ᠋ᠥ᠋ᠯᠥᠪᠯᠡᠨ ᠵᠣᠬᠢᠴᠠᠭᠤᠯᠬᠤ ᠪᠠᠨ ᠴᠢᠩᠭᠠᠷᠠᠭᠤᠯᠵᠤ᠂ ᠡᠯ᠎ᠡ ᠭᠠᠵᠠᠷ ᠤᠨ ᠵᠠᠰᠠᠭ ᠤᠨ ᠣᠷᠳᠣᠨ᠂ | ᠰᠤᠷᠭᠠᠭᠤᠯᠢ᠂ ᠪᠣᠯᠪᠠᠰᠤᠷᠠᠯ ᠤᠨᠪᠠᠶᠢᠭᠤᠯᠤᠮᠵᠢ ᠨᠤᠭᠤᠳ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ ᠪᠠᠷ ᠪᠠᠷᠢᠮᠵᠢᠶ᠎ᠠ ᠪᠣᠯᠭᠠᠨ ᠪᠠᠭᠰᠢ | ᠪᠣᠯᠤᠨ ᠰᠤᠷᠤᠭᠴᠢᠳ ᠢ ᠱᠠᠩᠨᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠬᠡᠵᠦ ᠲᠤᠳᠤᠷᠬᠠᠢ ᠲᠤᠬᠳᠠᠭᠠᠪᠠ᠃ |