| | | ᠬᠥᠲᠥᠯᠥᠭᠴᠢ ᠄ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ︖ ᠥᠨᠥᠳᠦᠷ ᠪᠢᠳᠡ ᠬᠢᠶ᠎ᠠ | ᠪᠠᠭᠰᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠭᠦᠸᠧ | ᠬᠤᠶ ᠶᠢ ᠤᠷᠢᠵᠤ᠂ ᠬᠢᠶ᠎ᠠ ᠪᠠᠭᠰᠢ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠭᠦᠸᠧ ᠡᠷᠬᠢᠯᠡᠭᠴᠢ ᠡ᠂ ᠰᠠᠶᠢᠨ | ᠤᠤ︕ | ᠭᠦᠸᠧ ᠬᠤᠶ᠄ ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ | ᠤᠤ ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ | ᠰᠠᠭᠠᠲᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ | ᠬᠥᠲᠥᠯᠥᠭᠴᠢ᠄ ᠣᠲᠣ ᠶᠢᠨ ᠬᠢᠶ᠎ᠠ ᠪᠠᠭᠰᠢ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠣᠭᠠᠷᠠᠢ᠃ | ᠭᠦᠸᠧ ᠬᠤᠶ᠄ ᠣᠲᠣ ᠪᠣᠯᠲᠠᠯ᠎ᠠ᠂ ᠬᠢᠶ᠎ᠠ ᠪᠠᠭᠰᠢ ᠲᠤᠭᠤᠷᠢᠭ ᠲᠤ ᠨᠢᠭᠡ ᠲᠤᠭᠤᠷᠢᠭ ᠤᠨ ᠲᠠᠰ ᠤᠨ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠲᠦᠷᠪᠡᠨ ᠵᠡᠭᠡᠯᠢ ᠭᠤᠳᠤᠮᠵᠢ ᠶᠢᠨ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ᠂ ᠠᠷᠪᠠᠨ ᠲᠠᠪᠤᠨ ᠨᠡᠶᠢᠭᠡᠮ | ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠲᠠᠰᠤᠭ ᠪᠠᠶᠢᠭᠤᠯᠵᠤ᠂ | ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡᠮ ᠪᠥᠷᠬᠦᠭᠦᠯᠵᠦ᠂ ᠣᠯᠠᠨ ᠲᠦᠮᠡᠨ ᠳᠤ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡ ᠶᠢᠨ ᠠᠰᠢᠭ ᠳᠣᠰᠠ ᠶᠢ ᠭᠦᠷᠳᠡᠭᠡᠵᠦ᠂ ᠰᠢᠨ᠎ᠡ ᠴᠠᠭ ᠦᠶ᠎ᠡ ᠰᠢᠨ᠎ᠡ | ᠣᠨᠴᠠᠯᠢᠭ ᠰᠢᠨ᠎ᠡ ᠬᠤᠪᠢᠷᠠᠯᠲᠠ ᠳᠣᠤᠷᠠᠬᠢ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠴᠢᠷᠮᠠᠶᠢᠨ ᠬᠠᠩᠭᠠᠪᠠ᠃ | ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠥᠪ ᠨᠢ ᠬᠡᠵᠢᠶ᠎ᠡ ᠠᠴᠠ ᠡᠬᠢᠯᠡᠵᠦ ᠠᠵᠢᠯᠯᠠᠭᠰᠠᠨ ᠪᠣᠶ︖ ᠶᠠᠮᠠᠷ ᠶᠠᠮᠠᠷ ᠦᠢᠯᠡᠴᠢᠯᠡᠭᠡᠨ ᠤ | ᠠᠭᠤᠯᠭ᠎ᠠ ᠶᠢ ᠪᠠᠭᠲᠠᠭᠠᠬᠤ ᠪᠤᠢ︖ | ᠭᠦᠸᠧ ᠬᠤᠶ᠄ ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ | 2018 ᠣᠨ ᠤ 9 ᠰᠠᠷ᠎ᠠ ᠳᠤ ᠬᠤᠲᠠ᠂ ᠲᠤᠭᠤᠷᠢᠭ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠠᠯᠪᠠᠨ ᠬᠡᠷ ᠤᠨ | ᠬᠠᠮᠲᠤᠷᠠᠨ ᠪᠠᠶᠢᠭᠤᠯᠤᠭᠰᠠᠨ ᠶᠡᠷᠦᠩᠬᠡᠶᠢᠯᠡᠨ ᠵᠠᠰᠠᠬᠤ ᠲᠢᠩᠬᠢᠮ ᠳᠤ ᠣᠷᠣᠵᠤ᠂ ︽3 + x︾ ᠦᠢᠯᠡᠴᠢᠯᠡᠭᠡᠨ ᠤ | ᠮᠤᠳᠧᠯ ᠢ ᠬᠡᠷᠡᠭᠵᠢᠭᠦᠯᠦᠨ᠂ ᠲᠤᠬᠠᠶᠢᠯᠠᠪᠠᠯ ᠬᠠᠤᠯᠢ ᠪᠠᠷ ᠵᠠᠰᠠᠬᠤ ᠵᠥᠪᠳᠡᠨ ᠯᠠᠪᠯᠠᠯᠭ᠎ᠠ᠂ ᠬᠠᠤᠯᠢ ᠴᠠᠭᠠᠵᠠ ᠶᠢᠨ | ᠲᠤᠰᠠᠯᠠᠮᠵᠢ᠂ ᠠᠷᠠᠳ ᠤᠨ ᠡᠶᠡᠳᠡᠭᠦᠯᠭᠡ ᠭᠤᠷᠪᠠᠨ ᠵᠦᠢᠯ ᠤᠨ ᠭᠤᠤᠯ ᠦᠢᠯᠡᠴᠢᠯᠡᠭᠡᠨ ᠤ ᠡᠭᠦᠷᠭᠡ ᠴᠢᠳᠠᠪᠤᠷᠢ ᠶᠢ | ᠳᠣᠪᠤᠶᠢᠯᠭᠠᠵᠤ᠂ ᠬᠠᠤᠯᠢ ᠴᠠᠭᠠᠵᠠ ᠶᠢᠨ ᠤᠬᠠᠭᠤᠯᠭ᠎ᠠ᠂ ᠬᠠᠤᠯᠢᠴᠢ ᠶᠢᠨ ᠠᠯᠪᠠᠨ ᠭᠡᠷᠡᠴᠢᠯᠡᠭᠡ ᠵᠡᠷᠭᠡ ᠲᠤᠬᠠᠶᠢᠯᠠᠭᠰᠠᠨ | ᠠᠵᠢᠯ ᠢ ᠥᠷᠭᠡᠳᠬᠡᠨ᠂ ᠣᠯᠠᠨ ᠲᠦᠮᠡᠨ ᠳᠤ ᠣᠯᠠᠨ ᠶᠠᠩᠵᠤ ᠶᠢᠨ ᠲᠤᠰᠬᠠᠶᠢᠵᠢᠭᠰᠠᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠪᠠ᠃ | ᠬᠥᠲᠥᠯᠥᠭᠴᠢ᠄ ᠮᠠᠨ ᠤ ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ | ᠭᠤᠤᠯᠳᠠᠭᠤ ᠶᠠᠮᠠᠷ ᠠᠷᠭ᠎ᠠ ᠮᠠᠶ᠋ᠢᠭ ᠢᠶᠠᠷ ᠥᠷᠨᠢᠭᠦᠯᠦᠭᠰᠡᠨ ᠪᠣᠶ︖ | ᠭᠦᠸᠧ ᠬᠤᠶ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠰᠦᠯᠵᠢᠶᠡᠨ | ᠳᠡᠭᠡᠷᠡᠬᠢ + ᠰᠦᠯᠵᠢᠶᠡᠨ ᠭᠠᠳᠠᠨᠠᠬᠢ︾ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠭ᠎ᠠ ᠬᠡᠯᠪᠡᠷᠢ ᠪᠠᠷ | ᠳᠠᠮᠵᠢᠭᠤᠯᠤᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠣᠯᠠᠨ ᠬᠡᠪᠴᠢᠶ᠎ᠡ ᠥᠷᠭᠡᠨ | ᠪᠠᠶᠢᠬᠤ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ | ᠨᠢᠭᠡ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠦᠢᠯᠡᠳᠦᠯᠳᠦ ᠣᠷᠣᠨ ᠢ ᠪᠠᠶᠢᠭᠤᠯᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠡᠮᠳᠡᠷᠢᠬᠦᠢ ᠳᠡᠯᠭᠡᠴᠡ ᠶᠢ ᠲᠤᠬᠢᠷᠠᠭᠤᠯᠤᠨ᠂ ᠳᠤᠮᠳᠠᠳᠤ | ᠤᠯᠤᠰ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠦᠯᠵᠢᠶᠡᠨ ᠤ ᠬᠠᠤᠯᠢ ᠪᠠᠷ ᠵᠠᠰᠠᠬᠤ | ᠺᠠᠷᠲ᠋ᠣᠨ ᠵᠢᠷᠤᠭ ᠪᠠ ᠱᠤᠭ ᠵᠢᠷᠤᠭ ᠤᠨ ᠪᠢᠴᠢᠯ ᠺᠢᠨᠣ᠋᠂ ᠬᠠᠤᠯᠢ ᠴᠠᠭᠠᠵᠠ ᠶᠢᠨ ᠦᠯᠢᠭᠡᠷ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠦᠯᠵᠢᠶᠡᠨ ᠳᠡᠭᠡᠷ᠎ᠡ ᠵᠥᠪᠳᠡᠨ ᠯᠠᠪᠯᠠᠬᠤ ᠵᠡᠷᠭᠡ ᠴᠢᠳᠠᠮᠵᠢ ᠳᠤ ᠲᠦᠰᠢᠭᠯᠡᠨ᠂ ᠤᠯᠠᠨ ᠲᠦᠮᠡᠨ ᠳᠤ | ᠪᠦᠬᠦ ᠲᠠᠯ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠢᠵᠢ ᠦᠢᠯᠡᠴᠢᠯᠡᠭᠡ ᠬᠠᠩᠭᠠᠪᠠ᠃ | ᠬᠤᠶᠠᠷ᠂ 4 K ᠤᠶᠤᠨᠲᠤ ᠲᠧᠯᠸᠢᠰ ᠤᠨ ᠳᠠᠪᠳᠠᠮᠵᠢ ᠭᠦᠯᠢᠶᠡᠭᠦᠷ ᠤᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠦᠵᠦᠭᠦᠷ ᠲᠣᠬᠢᠷᠠᠭᠤᠯᠵᠤ᠂ ︽ᠦᠵᠡᠬᠦ ᠰᠠᠨᠠᠭ᠎ᠠ ᠲᠠᠢ᠂ ᠰᠣᠩᠭᠤᠬᠤ ᠰᠠᠨᠠᠭ᠎ᠠ ᠲᠠᠢ | ᠂ ᠠᠰᠠᠭᠤᠬᠤ ᠰᠠᠨᠠᠭ᠎ᠠ ᠲᠠᠢ︾ ᠭᠤᠷᠪᠠᠨ ᠬᠡᠰᠡᠭ ᠭᠠᠷᠭᠠᠪᠠ᠃ | ᠭᠤᠷᠪᠠ᠂ ︽148︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠭᠤᠨ | ᠤᠲᠠᠰᠤ ᠶᠢᠨ ᠭᠥᠯᠢᠶᠡᠨ ᠠᠪᠬᠤ ᠦᠢᠯᠡᠴᠢᠯᠡᠭᠡᠨ ᠤ ᠭᠠᠵᠠᠷ ᠲᠣᠬᠢᠷᠠᠭᠤᠯᠵᠤ᠂ ᠬᠠᠤᠯᠢ ᠴᠠᠭᠠᠵᠠ ᠶᠢᠨ ᠲᠤᠰᠬᠠᠶ | ᠠᠵᠢᠯᠲᠠᠨ ᠠᠴᠠ ᠣᠯᠠᠨ ᠲᠦᠮᠡᠨ ᠳᠤ ᠬᠠᠤᠯᠢ ᠴᠠᠭᠠᠵᠠ ᠶᠢᠨ ᠬᠠᠷᠢᠭᠤᠯᠲᠠ ᠥᠭᠴᠦ᠂ ᠬᠠᠤᠯᠢ ᠴᠠᠭᠠᠵᠠ ᠶᠢᠨ | ᠲᠤᠰᠠᠯᠠᠮᠵᠢ᠂ ᠵᠠᠷᠭᠤ ᠶᠢᠨ ᠪᠤᠰᠤ ᠡᠶᠡᠳᠡᠭᠦᠯᠭᠡ᠂ ᠬᠠᠤᠯᠢ ᠴᠠᠭᠠᠵᠠ ᠶᠢᠨ ᠶᠠᠪᠤᠳᠠᠯ ᠤᠨ ᠦᠢᠯᠡᠴᠢᠯᠡᠭᠡ ᠵᠡᠷᠭᠡ ᠶᠢ | ᠭᠥᠯᠢᠶᠡᠨ ᠠᠪᠴᠤ ᠰᠢᠢᠳᠪᠦᠷᠢᠯᠡᠨ᠂ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡ᠂ | ᠳᠤᠮᠳᠠ ᠵᠢᠵᠢᠭ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠦᠢᠯᠡᠴᠢᠯᠡᠭᠡ᠂ ᠴᠡᠷᠢᠭ ᠪᠠ ᠴᠡᠷᠢᠭ ᠤᠨ ᠬᠡᠷ | ᠪᠦᠯᠢ ᠶᠢᠨ ᠦᠢᠯᠡᠴᠢᠯᠡᠭᠡ ᠵᠡᠷᠭᠡ ᠲᠤᠬᠠᠶᠢᠯᠠᠭᠰᠠᠨ ᠠᠵᠢᠯ ᠢ ᠵᠡᠷᠭᠡ ᠳᠤᠨᠢ ᠭᠦᠢᠴᠡᠳᠬᠡᠵᠦ᠂ ᠬᠠᠷᠢᠶ᠎ᠠ ᠣᠷᠣᠨ ᠤ | ᠣᠯᠠᠨ ᠲᠦᠮᠡᠨ ᠳᠤ ︽ᠶᠡᠷᠦᠩᠬᠡᠶᠢᠯᠡᠭᠰᠡᠨ ᠴᠢᠨᠠᠷᠲᠠᠶ᠂ ᠨᠢᠭᠡ ᠥᠷᠲᠡᠭᠡᠴᠢᠯᠡᠭᠰᠡᠨ ᠦᠢᠯᠡᠴᠢᠯᠡᠭᠡᠨ ᠤ ᠭᠠᠵᠠᠷ︾ ᠤᠨ | ᠦᠨᠳᠦᠰᠦᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ ᠃ | ᠲᠦᠷᠪᠡ᠂ ᠬᠦᠮᠦᠨᠴᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠪᠤᠯᠤᠩ ᠭᠠᠷᠭᠠᠵᠤ᠂ ᠡᠯ᠎ᠡ ᠲᠦᠷᠦᠯ ᠤᠨ | ᠬᠠᠤᠯᠢ ᠴᠠᠭᠠᠵᠠ ᠶᠢᠨ ᠮᠡᠳᠡᠯᠭᠡ ᠶᠢᠨ ᠤᠩᠰᠢᠬᠤ ᠪᠢᠴᠢᠭ ᠵᠢᠴᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠳᠠᠯᠪᠢᠨ᠂ ᠤᠯᠠᠨ ᠲᠦᠮᠡᠨ ᠤ ᠠᠵᠢᠯ ᠶᠠᠪᠤᠳᠠᠯ | ᠰᠢᠢᠳᠪᠦᠷᠢᠯᠡᠬᠦ ᠪᠠᠷ ᠬᠦᠯᠢᠶᠡᠵᠦ ᠪᠠᠶᠢᠭ᠎ᠠ ᠴᠠᠭ ᠲᠤ ᠨᠡᠩ ᠤᠯᠠᠨ ᠬᠠᠤᠯᠢ ᠴᠠᠭᠠᠵᠠ ᠶᠢᠨ ᠮᠡᠳᠡᠯᠭᠡ ᠶᠢ ᠤᠩᠰᠢᠨ | ᠣᠶᠢᠯᠠᠭᠠᠬᠤ ᠳᠤ ᠲᠦᠬᠦᠮ ᠦᠵᠡᠭᠦᠯᠵᠦ᠂ ᠵᠥᠪᠳᠡᠨ ᠯᠠᠪᠯᠠᠬᠤ ᠳᠤ ᠬᠠᠷᠢᠭᠤᠯᠲᠠ ᠥᠭᠬᠦ ᠳᠡᠭᠡᠨ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠰᠠᠨᠠᠭᠠᠴᠢᠯᠠᠭ᠎ᠠ ᠠᠴᠠ ᠪᠠᠨ ᠤᠬᠠᠭᠤᠯᠵᠤ᠂ | ᠬᠠᠤᠯᠢ ᠪᠠᠷᠢᠯᠳᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠣᠯ ᠡᠭᠦᠷᠭᠡ ᠴᠢᠳᠠᠪᠤᠷᠢ ᠪᠠ | ᠦᠢᠯᠡᠴᠢᠯᠡᠭᠡᠨ ᠤ ᠠᠭᠤᠯᠭ᠎ᠠ ᠵᠡᠷᠭᠡ ᠶᠢ ᠲᠠᠨᠢᠯᠴᠠᠭᠤᠯᠪᠠ᠃ | ᠬᠥᠲᠥᠯᠥᠭᠴᠢ᠄ ᠠᠵᠢᠯᠯᠠᠭᠰᠠᠨ ᠠᠴᠠ ᠨᠠᠰᠢᠬᠢ ᠠᠵᠢᠯ ᠤᠨ ᠦᠷ᠎ᠡ ᠪᠦᠲᠦᠮᠵᠢ ᠨᠢ ᠶᠠᠮᠠᠷ ᠵᠡᠷᠭᠡ ᠪᠣᠶ︖ | ᠭᠦᠸᠧ ᠬᠤᠶ᠄ ᠠᠵᠢᠯᠯᠠᠭᠰᠠᠨ ᠠᠴᠠ ᠨᠠᠰᠢ ᠨᠡᠶᠢᠲᠡ 1000 ᠭᠠᠷᠤᠶ ᠬᠠᠤᠯᠢ ᠴᠠᠭᠠᠵᠠ ᠶᠢᠨ ᠵᠦᠪᠳᠡᠨ | ᠯᠡᠪᠯᠠᠯᠭᠠ ᠶᠢ ᠭᠥᠯᠢᠶᠡᠨ ᠠᠪᠴᠤ᠂ 160 ᠭᠠᠷᠤᠶ ᠲᠤᠰᠠᠯᠠᠮᠵᠢ ᠶᠢᠨ ᠬᠡᠷᠡᠭ ᠵᠠᠷᠭᠤ ᠶᠢ ᠭᠥᠯᠢᠶᠡᠨ ᠠᠪᠴᠤ | ᠰᠢᠢᠳᠪᠦᠷᠢᠯᠡᠨ᠂ 200 ᠭᠠᠷᠤᠶ ᠵᠥᠷᠢᠴᠡᠯ ᠵᠠᠭᠤᠷᠡᠯᠳᠤᠭᠠᠨ ᠢ ᠬᠠᠤᠯᠢᠴᠢ ᠶᠢᠨ ᠡᠶᠡᠳᠡᠭᠦᠯᠭᠡ ᠂ ᠠᠷᠠᠳ ᠤᠨ | ᠡᠶᠡᠳᠡᠭᠦᠯᠭᠡ ᠪᠠᠷ ᠰᠢᠢᠳᠪᠦᠷᠢᠯᠡᠪᠡ᠃ 120 ᠬᠤᠪᠢ ᠠᠯᠪᠠᠨ ᠭᠡᠷᠡᠴᠢᠯᠡᠭᠡ ᠶᠢᠨ ᠬᠡᠯᠡᠯᠴᠡᠭᠡᠷ ᠤᠨ ᠲᠦᠷᠦᠯ ᠤᠨ ᠬᠡᠷᠡᠭ | ᠂ 406 ᠬᠤᠪᠢ ᠨᠠᠶᠢᠳᠠᠯᠭ᠎ᠠ ᠶᠢᠨ ᠠᠯᠪᠠᠨ ᠭᠡᠷᠡᠴᠢᠯᠡᠭᠡ ᠂ 80 ᠬᠤᠪᠢ ᠢᠯᠡᠷᠬᠡᠶᠢᠯᠡᠯᠲᠡ ᠶᠢᠨ ᠲᠦᠷᠦᠯ ᠤᠨ | ᠠᠯᠪᠠᠨ ᠭᠡᠷᠡᠴᠢᠯᠡᠭᠡ ᠂ 100 ᠬᠤᠪᠢ ᠭᠡᠷᠡᠴᠢ ᠪᠠᠷᠢᠮᠲᠠ ᠶᠢ ᠬᠠᠮᠠᠭᠠᠯᠠᠨ ᠬᠠᠳᠠᠭᠠᠯᠠᠬᠤ ᠠᠯᠪᠠᠨ ᠭᠡᠷᠡᠴᠢᠯᠡᠭᠡ᠂ | 132 ᠬᠤᠪᠢ ᠥᠪ ᠵᠠᠯᠭᠠᠮᠵᠢᠯᠠᠬᠤ ᠲᠦᠷᠦᠯ ᠤᠨ ᠠᠯᠪᠠᠨ ᠭᠡᠷᠡᠴᠢᠯᠡᠭᠡ᠂ 18 ᠬᠤᠪᠢ ᠭᠡᠷᠢᠶᠡᠰ ᠢᠶᠠᠷ | ᠵᠠᠯᠭᠠᠮᠵᠢᠯᠠᠬᠤ ᠲᠦᠷᠦᠯ ᠤᠨ ᠠᠯᠪᠠᠨ ᠭᠡᠷᠡᠴᠢᠯᠡᠭᠡ᠂ ᠪᠤᠰᠤᠳ 30 ᠬᠤᠪᠢ᠃ 2019 ᠣᠨ ᠳᠤ ᠲᠤᠭᠤᠷᠢᠭ ᠤᠨ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠬᠢᠶ᠎ᠠ ᠪᠠᠭᠰᠢ ᠲᠣᠭᠤᠷᠢᠭ ᠤᠨ ︽ | ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠶᠢᠨ ᠢᠷᠠᠭᠤ ᠠᠯᠳᠠᠷ ᠢ ᠭᠥᠷᠳᠡᠪᠡ᠃ | ᠬᠥᠲᠥᠯᠥᠭᠴᠢ᠄ ᠬᠤᠶᠢᠰᠢᠳᠠ ᠶᠢᠨ ᠠᠵᠢᠯ ᠤᠨ ᠬᠠᠷᠠᠯᠲᠠ ᠨᠢ ᠶᠠᠭᠤ ᠪᠣᠶ︖ | ᠭᠦᠸᠧ ᠬᠤᠶ᠄ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠬᠤᠶᠢᠰᠢᠳᠠ | ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠬᠠᠩᠭᠠᠬᠤ ᠪᠠᠷ ᠵᠣᠷᠢᠯᠲᠠ ᠪᠠ ᠲᠤᠰᠤᠯᠲᠠ ᠪᠣᠯᠭᠠᠵᠤ᠂ | ᠢᠮᠠᠭᠲᠠ ᠠᠵᠢᠯ ᠤᠨ ᠲᠣᠤᠷ ᠰᠦᠯᠵᠢᠶ᠎ᠡ ᠪᠠᠨ ᠲᠡᠭᠦᠯᠳᠡᠷᠵᠢᠭᠦᠯᠬᠦ ᠪᠠᠷ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠤᠨ ᠠᠵᠢᠯ ᠤᠨ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠰᠠᠭᠤᠷᠢ ᠪᠣᠯᠭᠠᠨ᠎ᠠ᠃ | ᠬᠤᠶᠢᠰᠢᠳᠠ ᠡᠯ᠎ᠡ ᠱᠠᠲᠤᠨ ᠤ ᠰᠣᠨᠢᠨ ᠰᠡᠳᠬᠦᠯ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠡᠯ᠎ᠡ | ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠠᠷᠭ᠎ᠠ ᠵᠠᠮ᠂ ᠣᠯᠠᠨ ᠬᠡᠯᠪᠡᠷᠢ᠂ ᠣᠯᠠᠨ ᠲᠠᠰ | ᠳᠠᠪᠬᠤᠷᠭ᠎ᠠ ᠪᠠᠷ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ | ᠴᠢᠬᠤᠯᠠ ᠶᠡᠭᠡ ᠠᠴᠢ ᠬᠤᠯᠪᠣᠭᠳᠠᠯ ᠵᠢᠴᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠣᠶᠤᠨᠴᠢ | ᠦᠢᠯᠡᠳᠦᠯ ᠢ ᠤᠬᠠᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ | ᠨᠡᠶᠢᠭᠡᠮ ᠤᠨ ᠣᠶᠢᠯᠠᠭᠠᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠨ᠂ ᠥᠷᠭᠡᠨ ᠣᠯᠠᠨ ᠦᠨᠳᠦᠰᠦᠨ | ᠱᠠᠲᠤᠨ ᠤ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠲᠠᠢ ᠪᠣᠯ ᠡᠩ ᠲᠡᠷᠢᠭᠦᠨ ᠳᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ | ᠤ ᠲᠠᠪᠴᠠᠩ ᠢᠶᠠᠷ ᠳᠠᠮᠵᠢᠭᠤᠯᠤᠨ ᠰᠢᠢᠳᠪᠦᠷᠢᠯᠡᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠠᠪᠴᠠᠩ ᠤᠨ ᠳᠠᠪᠠᠭᠤᠯᠢᠭ ᠪᠠ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ | ᠬᠥᠲᠥᠯᠥᠭᠴᠢ᠄ ᠲᠥᠪ ᠤᠨ ᠬᠠᠶ᠋ᠢᠭ ᠪᠠ ᠤᠲᠠᠰᠤ ᠶᠢ ᠬᠡᠯᠡᠭᠡᠳ ᠥᠭᠭᠦᠨ᠎ᠡ ᠤᠤ︖ | ᠭᠦᠸᠧ ᠬᠤᠶ᠄ ᠬᠢᠶ᠎ᠠ ᠪᠠᠭᠰᠢ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠥᠪ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠥᠪ ᠤᠨ ᠨᠢᠭᠡᠳᠦᠭᠡᠷ ᠳᠠᠪᠬᠤᠷ ᠲᠤ ᠪᠣᠶ᠂ | ᠦᠢᠯᠡᠴᠢᠯᠡᠭᠡᠨ ᠤ ᠬᠠᠯᠠᠭᠤᠨ ᠤᠲᠠᠰᠤ᠄ 0477- 8599148᠃ |