ᠬᠢᠶ᠎ᠠ ᠪᠠᠭᠰᠢ ᠲᠣᠭᠤᠷᠢᠭ ᠬᠤᠳᠠᠯᠳᠤᠭ᠎ᠠ ᠡᠷᠬᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/7
   
                2 ᠳ᠋ᠤᠭᠠᠷ ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠤᠳᠠᠯᠳᠤᠭ᠎ᠠ ᠡᠷᠬᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ  ᠤᠨ ᠤᠳᠤᠷᠢᠳᠤᠯᠭ᠎ᠠ ᠸᠠᠩ ᠵᠢᠶᠤᠤ᠂ ᠵᠠᠩ ᠫᠢᠩ ᠬᠤᠷᠠᠯ ᠳᠤ ᠣᠷᠣᠯᠴᠠᠪᠠ᠃         ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠭᠦ ᠣᠷᠴᠢᠨ ᠨᠥᠬᠦᠴᠡᠯ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠵᠤ᠂ ᠬᠢᠶ᠎ᠠ ᠪᠠᠭᠰᠢ ᠲᠣᠭᠤᠷᠢᠭ ᠤᠨ ᠬᠤᠳᠠᠯᠳᠤᠭ᠎ᠠ ᠡᠷᠬᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠵᠤ᠂ ︽ᠱᠦᠵᠢ ᠬᠥᠮᠦᠨ ᠵᠢᠭᠠᠨ ᠬᠡᠷᠡᠭ ᠶᠠᠪᠤᠳᠠᠯ ᠢ ᠳᠤᠷᠠᠳᠬᠤ︾ ᠵᠦᠢᠯᠡᠰ ᠤᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃         ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠣᠭᠤᠰᠢᠯᠠᠭᠤᠯᠬᠤ᠂ ᠭᠠᠵᠠᠷ ᠣᠷᠣᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠬᠢᠶ᠎ᠠ ᠪᠠᠭᠰᠢ ᠲᠣᠭᠤᠷᠢᠭ ᠤᠨ ᠡᠯ᠎ᠡ ᠵᠦᠢᠯ ᠤᠨ ᠠᠵᠢᠯ  ᠦᠢᠯᠡᠰ ᠤᠨ ᠬᠥᠭᠵᠢᠯᠲᠡ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠲᠥᠰᠦᠯ ᠢ ᠤᠯᠠᠮ ᠴᠢᠨᠠᠭᠰᠢᠳᠠ ᠨᠠᠷᠢᠯᠢᠭᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ  ᠵᠢᠭᠠᠨ ᠭᠠᠷᠭᠠᠪᠠ᠃         ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ  ᠪᠠᠷᠢᠮᠳᠠᠯᠠᠵᠤ᠂ ᠬᠢᠶ᠎ᠠ ᠪᠠᠭᠰᠢ ᠲᠣᠭᠤᠷᠢᠭ ᠲᠠᠢ ᠬᠤᠯᠪᠣᠭᠳᠠᠭᠰᠠᠨ ᠪᠣᠳᠠᠲᠠᠶ ᠠᠰᠠᠭᠤᠳᠠᠯ ᠳᠤ ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠣᠨᠣᠪᠴᠢᠲᠠᠶ ᠪᠠᠷ ᠠᠷᠭ᠎ᠠ  ᠪᠣᠳᠣᠯᠭ᠎ᠠ ᠬᠡᠷᠡᠭᠵᠢᠭᠦᠯᠦᠨ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠰᠠᠭᠤᠳᠠᠯ ᠨᠢᠭᠡᠪᠦᠷᠢ ᠶᠢ ᠡᠷᠡᠰ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠴᠢᠩᠭᠠᠳᠬᠠᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠬᠦ᠂ ᠥᠩᠭᠡᠨ ᠲᠠᠯ᠎ᠠ ᠪᠠ ᠣᠭ ᠦᠨᠳᠦᠰᠦ ᠶᠢ  ᠵᠡᠷᠭᠡ   ᠪᠠᠷ ᠵᠠᠰᠠᠬᠤ ᠶᠢ  ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠳᠠᠭᠠᠭᠠᠮᠠᠭᠠᠢ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠶ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢᠶᠠᠨ ᠴᠠᠭ ᠲᠤᠬᠠᠢ ᠳᠤᠨᠢ  ᠵᠢᠭᠠᠪᠤᠷᠢ ᠠᠪᠴᠤ ᠬᠠᠷᠢᠭᠤ ᠮᠡᠳᠡᠭᠦᠯᠦᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠤᠯᠠᠮ ᠴᠢᠨᠠᠭᠰᠢᠳᠠ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠳᠤ᠂ ᠨᠡᠶᠢᠭᠡᠮ ᠲᠣᠭᠤᠷᠢᠭ ᠲᠤ ᠬᠦᠷᠭᠡᠬᠦ ᠶᠢ ᠰᠦᠪᠡᠭᠴᠢᠯᠡᠵᠦ᠂ ᠤᠯᠠᠨ ᠲᠦᠮᠡᠨ ᠳᠤ ᠦᠢᠯᠡᠴᠢᠯᠡᠬᠦ  ᠵᠠᠮ  ᠢ ᠦᠨᠡᠨ ᠬᠦ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠤᠰ ᠰᠦᠯᠵᠢᠶ᠎ᠡ