ᠥᠪᠥᠷ ᠮᠣᠩᠭᠤᠯ᠄ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠣᠴᠢᠭᠤᠯᠵᠤ ᠬᠢᠴᠢᠶᠡᠯ ᠣᠷᠤᠭᠤᠯᠬᠤ ᠪᠤᠶᠤ ᠬᠢᠴᠢᠶᠡᠯ ᠨᠦᠬᠦᠭᠦᠯᠵᠦ ᠪᠣᠯᠬᠤ ᠦᠭᠡᠢ
ᠨᠡᠶᠢᠲᠡᠯᠡᠭᠰᠡᠨ ᠴᠠᠭ᠄
2021/2/8
            ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠤᠷᠭᠠᠨ  ᠬᠦᠮᠦᠵᠢᠯ ‍ᠦᠨ‌‍ᠲ᠋ᠢᠩᠬᠢᠮ ᠠᠴᠠ ᠣᠶᠢᠯᠠᠭᠠᠬᠤ  ᠮᠡᠳᠡᠭᠰᠡᠨ   ᠨᠢ᠂ ᠥᠪᠥᠷ ᠮᠣᠩᠭᠤᠯ ᠤᠨ  ᠡᠯ᠎ᠡ  ᠭᠠᠵᠠᠷ ᠤᠨ  ᠡᠯ᠎ᠡ  ᠰᠤᠷᠭᠠᠭᠤᠯᠢ   ᠨᠤᠭᠤᠳ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠣᠴᠢᠭᠤᠯᠵᠤ ᠬᠠᠮᠲᠤ ᠪᠠᠷ ᠬᠢᠴᠢᠶᠡᠯ ᠨᠦᠬᠦᠭᠦᠯᠬᠦ ᠪᠤᠶᠤ  ᠰᠢᠨ᠎ᠡ  ᠬᠢᠴᠢᠶᠡᠯ  ᠣᠷᠤᠭᠤᠯᠬᠤ ᠶᠢ  ᠴᠢᠩᠭ᠎ᠠ  ᠬᠤᠷᠢᠭᠯᠠᠨ᠎ᠠ᠂  ᠪᠠᠭ᠎ᠠ ᠰᠤᠷᠭᠠᠭᠤᠯᠢ ᠶᠢᠨ  ᠨᠢᠭᠡᠳᠦᠭᠡᠷ᠂ᠬᠤᠶᠠᠳᠤᠭᠠᠷ ᠣᠨ ᠳᠤ ᠪᠢᠴᠢᠬᠦ ᠳᠠᠰᠬᠠᠯ ᠲᠣᠬᠢᠷᠠᠭᠤᠯᠬᠤ ᠶᠢ ᠴᠢᠩᠭ᠎ᠠ ᠬᠤᠷᠢᠭᠯᠠᠨ᠎ᠠ ᠭᠡᠵᠡᠢ᠃                 ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ  ᠬᠦᠮᠦᠵᠢᠯ ᠤᠨ ᠲᠢᠩᠬᠢᠮ ᠮᠡᠳᠡᠭᠳᠡᠯ ᠳᠤ   ᠪᠠᠨ᠂ ᠥᠪᠥᠷ ᠮᠣᠩᠭᠤᠯ ᠤᠨ ᠡᠯ᠎ᠡ ᠭᠠᠵᠠᠷ ᠤᠨ ᠡᠯ᠎ᠡ ᠰᠤᠷᠭᠠᠭᠤᠯᠢ   ᠨᠤᠭᠤᠳ ᠤᠨ ᠡᠪᠦᠯ ᠤᠨ ᠠᠮᠠᠷᠠᠯᠲᠠ  ᠪᠠ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ  ᠠᠵᠢᠯ ᠢ  ᠤᠷᠢᠳᠴᠢᠯᠠᠨ  ᠪᠠᠶᠢᠷᠢᠯᠠᠭᠤᠯᠵᠤ᠂ ᠬᠤᠭᠤᠴᠠᠭᠠᠨ  ᠰᠡᠭᠦᠯᠴᠢ ᠶᠢᠨ ᠰᠢᠯᠭᠠᠯᠲᠠ ᠶᠢᠨ ᠬᠦᠷᠢᠶ᠎ᠡ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠨ᠂  ᠰᠢᠯᠭᠠᠯᠲᠠ ᠶᠢᠨ  ᠰᠡᠳᠦᠪ ᠤᠨ  ᠬᠦᠴᠢᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ ᠪᠠᠭ᠎ᠠ  ᠰᠤᠷᠭᠠᠭᠤᠯᠢ ᠶᠢᠨ  ᠱᠠᠲᠤᠨ ᠳᠤ  ᠬᠤᠭᠤᠴᠠᠭᠠᠨ  ᠰᠡᠭᠦᠯᠴᠢ ᠵᠢᠨ‌‍ᠰᠢᠯᠭᠠᠯᠲᠠ ᠵᠣᠬᠢᠶᠠᠨ ᠪᠠᠶᠢᠭᠤᠯᠬᠤ ᠦᠭᠡᠢ᠂ ᠪᠠᠭ᠎ᠠ ᠰᠤᠷᠭᠠᠭᠤᠯᠢ ᠶᠢᠨ ᠨᠢᠭᠡᠳᠦᠭᠡᠷ  ᠬᠤᠶᠠᠳᠤᠭᠠᠷ  ᠣᠨ ᠳᠤ  ᠪᠢᠴᠢᠬᠦ  ᠳᠠᠰᠬᠠᠯ‌ᠦᠯᠡᠳᠡᠬᠡᠬᠦ ᠶᠢ ᠴᠢᠩᠭ᠎ᠠ ᠬᠤᠷᠢᠭᠯᠠᠵᠤ᠂ ᠪᠤᠰᠤᠳ ᠣᠨ ᠳᠤ ᠳᠠᠪᠬᠤᠷᠳᠠᠭᠰᠠᠨ  ᠴᠢᠨᠠᠷᠲᠠᠢ᠂  ᠮᠧᠬᠠᠨᠢᠭ  ᠴᠢᠨᠠᠷᠲᠠᠢ  ᠪᠢᠴᠢᠭ ‍ᠦᠨ‌‍ᠲ᠋ᠠᠰᠬᠠᠯ ᠦᠯᠡᠳᠡᠭᠡᠬᠦ ᠶᠢ ᠡᠷᠡᠰ ᠵᠣᠭᠰᠣᠭᠠᠨ᠂ ᠬᠦᠳᠡᠯᠮᠦᠷᠢ ᠶᠢᠨ ᠦᠢᠯᠡᠳᠦᠯᠭᠡ᠂ ᠰᠢᠨ᠎ᠡ ᠶᠢ ᠦᠢᠯᠡᠳᠦᠨ ᠰᠢᠨ᠎ᠡ ᠶᠢ ᠡᠭᠦᠳᠬᠦ᠂ ᠭᠠᠷ ᠬᠦᠳᠡᠯᠬᠦ ᠴᠢᠳᠠᠪᠤᠷᠢ ᠶᠢᠨ ᠲᠦᠷᠦᠯ ᠤᠨ ᠳᠠᠰᠬᠠᠯ ᠢ ᠨᠡᠮᠡᠭᠳᠡᠭᠦᠯᠵᠦ᠂ ᠬᠡᠥᠬᠡᠳ ᠢ ᠤᠬᠠᠮᠰᠠᠷ ᠠᠴᠠ ᠪᠠᠨ᠂ ᠦᠪᠡᠷ ᠢᠶᠠᠨ ᠭᠠᠷ‌‍ᠬᠦ᠋ᠳᠡᠯᠵᠦ ᠬᠢᠵᠦ ᠴᠢᠳᠠᠬᠤ ᠶᠢᠨ ᠬᠢᠷᠢ ᠪᠠᠷ ᠢᠶᠠᠨ ᠭᠡᠷ ᠤᠨ ᠠᠵᠢᠯ ᠳᠤ ᠣᠷᠣᠯᠴᠠᠵᠤ᠂ ᠬᠤᠪᠴᠠᠰᠤ ᠤᠭᠢᠶᠠᠵᠤ ᠬᠤᠭᠤᠯᠠ ᠪᠡᠯᠡᠳᠬᠦ‌ᠵᠡᠷᠭᠡ ᠴᠢᠬᠤᠯᠠ ᠪᠦᠬᠦᠢ  ᠭᠡᠷ ᠤᠨ  ᠠᠵᠢᠯ ᠤᠨ  ᠮᠡᠷᠭᠡᠵᠢᠯ  ᠴᠢᠳᠠᠪᠤᠷᠢ ᠶᠢ  ᠡᠵᠡᠮᠰᠢᠬᠦ ᠶᠢ  ᠵᠣᠷᠢᠭᠵᠢᠭᠤᠯᠬᠤ  ᠬᠡᠷᠡᠭᠲᠡᠢ  ᠭᠡᠵᠦ‌‍ᠱᠠᠭᠠᠷᠳᠠᠵᠠᠢ᠃                   ᠡᠭᠦᠨ ᠤ ᠬᠠᠮᠲᠤ᠂ ᠥᠪᠥᠷ ᠮᠣᠩᠭᠤᠯ ᠤᠨ ᠡᠯ᠎ᠡ ᠭᠠᠵᠠᠷ ᠤᠨ ᠡᠯ᠎ᠡ ᠰᠤᠷᠭᠠᠭᠤᠯᠢ   ᠨᠤᠭᠤᠳ  ᠠᠮᠠᠷᠠᠯᠲᠠ ᠵᠢᠨ‌ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠣᠴᠢᠭᠤᠯᠵᠤ ᠬᠠᠮᠲᠤ ᠪᠠᠷ  ᠬᠢᠴᠢᠶᠡᠯ  ᠨᠦᠬᠦᠬᠦᠯᠬᠦ‌‍ᠪᠤᠶᠤ ᠰᠢᠨ᠎ᠡ ᠬᠢᠴᠢᠶᠡᠯ ᠣᠷᠤᠭᠤᠯᠬᠤ ᠶᠢ  ᠴᠢᠩᠭ᠎ᠠ  ᠬᠤᠷᠢᠭᠯᠠᠬᠤ  ᠬᠡᠷᠡᠭᠲᠡᠢ᠂  ᠳᠤᠮᠳᠠᠳᠤ  ᠪᠠᠭ᠎ᠠ  ᠰᠤᠷᠭᠠᠭᠤᠯᠢ ᠶᠢᠨ  ᠪᠠᠭᠰᠢ‌‍ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠣᠬᠢᠶᠠᠨ ᠪᠠᠶᠢᠭᠤᠯᠤᠯᠲᠠ ᠪᠤᠶᠤ ᠪᠤᠰᠤᠳ ᠪᠠᠭᠰᠢ᠂  ᠭᠡᠷ ᠤᠨ  ᠠᠬᠠᠮᠠᠳ᠂ᠭᠡᠷ ᠤᠨ ᠠᠬᠠᠮᠠᠳ ᠤᠨ ᠵᠥᠪᠯᠡᠯ ᠵᠡᠷᠭᠡ ᠶᠢᠨ ᠵᠣᠬᠢᠶᠠᠨ ᠪᠠᠶᠢᠭᠤᠯᠤᠭᠰᠠᠨ ᠲᠦᠯᠦᠪᠦᠷᠢ ᠲᠠᠢ ᠬᠢᠴᠢᠶᠡᠯ  ᠨᠦᠬᠦᠬᠦ ᠳᠤ  ᠣᠷᠣᠯᠴᠠᠬᠤ‌‍ᠪᠤᠶᠤ ᠰᠤᠷᠤᠭᠴᠢᠳ ᠢ ᠦᠳᠦᠭᠡᠨ ᠲᠤᠰ ᠬᠦᠮᠦᠨ᠂ ᠪᠤᠰᠤᠳ ᠬᠦᠮᠦᠨ ᠪᠤᠶᠤ  ᠪᠠᠶᠢᠭᠤᠯᠤᠮᠵᠢ ᠶᠢᠨ  ᠵᠣᠬᠢᠶᠠᠨ  ᠪᠠᠶᠢᠭᠤᠯᠤᠭᠰᠠᠨ‌‍ᠲ᠋ᠦ᠋ᠯᠦᠪᠦᠷᠢ ᠲᠠᠢ ᠬᠢᠴᠢᠶᠡᠯ ᠨᠦᠬᠦᠬᠦ ᠳᠤ ᠣᠷᠣᠯᠴᠠᠭᠤᠯᠬᠤ ᠶᠢ ᠡᠷᠡᠰ ᠬᠤᠷᠢᠭᠯᠠᠨ᠎ᠠ᠂ ᠪᠠᠭᠰᠢ ᠨᠠᠷ  ᠰᠤᠷᠭᠠᠭᠤᠯᠢ ᠶᠢᠨ  ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠰᠤᠷᠤᠭᠴᠢ ᠶᠢᠨ ᠢᠷᠡᠯᠲᠡ ᠲᠠᠨᠢᠯᠴᠠᠭᠤᠯᠵᠤ ᠪᠣᠯᠬᠤ  ᠦᠭᠡᠢ᠂  ᠬᠤᠯᠪᠣᠭᠳᠠᠯ  ᠪᠦᠬᠦᠢ ᠮᠡᠳᠡᠭᠡ ᠵᠠᠩᠭᠢ ᠬᠠᠩᠭᠠᠵᠤ ᠪᠣᠯᠬᠤ ᠦᠭᠡᠢ ᠭᠡᠵᠦ ᠴᠢᠩᠭ᠎ᠠ ᠱᠠᠭᠠᠷᠳᠠᠵᠠᠢ᠃             ᠣᠶᠢᠯᠠᠭᠠᠭᠰᠠᠨ ᠢᠶᠠᠷ᠂ ᠥᠪᠥᠷ ᠮᠣᠩᠭᠤᠯ ᠨᠢ ᠠᠵᠢᠯ ᠳᠤ ᠪᠠᠶᠢᠭ᠎ᠠ ᠳᠤᠮᠳᠠᠳᠤ ᠪᠠᠭ᠎ᠠ  ᠰᠤᠷᠭᠠᠭᠤᠯᠢ ᠶᠢᠨ ᠪᠠᠭᠰᠢ ᠶᠢᠨ ᠲᠦᠯᠦᠪᠦᠷᠢ ᠲᠠᠢ ᠭᠡᠷ ᠤᠨ ᠰᠤᠷᠭᠠᠨ ᠬᠦᠮᠦᠵᠢᠯ ᠬᠢᠬᠦ ᠪᠤᠶᠤ ᠨᠡᠶᠢᠭᠡᠮ ᠤᠨ ᠪᠣᠯᠪᠠᠰᠤᠷᠠᠭᠤᠯᠤᠯ ᠤᠨ  ᠪᠠᠶᠢᠭᠤᠯᠤᠮᠵᠢ ᠳᠤ  ᠲᠤᠰᠢᠶᠠᠯ ᠬᠠᠪᠰᠤᠷᠭᠠᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠢᠯᠡᠴᠢᠯᠡᠨ ᠮᠡᠳᠡᠭᠦᠯᠬᠦ ᠤᠲᠠᠰᠤ ᠶᠢ ᠢᠯᠡ ᠨᠡᠶᠢᠲᠡᠯᠡᠨ᠂  ᠬᠢᠨᠠᠯᠲᠠ‌‍ᠲ᠋ᠠᠯᠪᠢᠬᠤ ᠠᠷᠭ᠎ᠠ ᠵᠠᠮ ᠢ ᠰᠢᠯᠤᠭᠤᠨ ᠪᠠᠶᠢᠯᠭᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠨ᠂ ᠲᠤᠰᠬᠠᠢ ᠵᠦᠢᠯ ᠢᠶᠠᠷ ᠬᠢᠨᠠᠨ ᠪᠠᠶᠢᠴᠠᠭᠠᠬᠤ ᠪᠠ ᠰᠢᠪᠠᠳᠠᠨ ᠪᠠᠶᠢᠴᠠᠭᠠᠯᠲᠠ ᠦᠷᠨᠢᠬᠦᠯᠦᠨ᠎ᠡ᠂ ᠡᠰᠡᠷᠭᠦᠴᠡᠯᠳᠦᠨ ᠰᠠᠬᠢᠯᠭ᠎ᠠ  ᠪᠠᠲᠤ ᠶᠢ  ᠵᠦᠷᠢᠴᠡᠭᠰᠡᠨ ᠂ ᠰᠤᠷᠭᠠᠭᠤᠯᠢ ᠪᠠ ᠪᠠᠭᠰᠢ ᠶᠢ ᠳᠦᠷᠢᠮ ᠰᠠᠬᠢᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠢᠯᠡ ᠵᠠᠷᠯᠠᠨ᠎ᠠ ᠭᠡᠵᠡᠢ᠃    
ᠢᠷᠡᠯᠲᠡ᠄ ᠠᠷᠠᠳ ᠤᠨ ᠰᠦᠯᠵᠢᠶ᠎ᠡ