2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ | | — 2021 ᠣᠨ ᠤ 3 ᠰᠠᠷ᠎ᠠ ᠶᠢᠨ 8 ᠤ ᠡᠳᠦᠷ | ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ | ᠠᠩᠬᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ | ᠤᠳᠠᠭᠠᠨ ᠤ ᠬᠤᠷᠠᠯᠳᠤᠭᠠᠨ ᠳᠡᠭᠡᠷ᠎ᠠ | | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠸᠠᠩ ᠰᠢᠤᠸᠠᠢ ᠹᠧᠩ | | ᠳᠦᠯᠦᠭᠡᠯᠡᠭᠴᠢᠳ ᠡ ᠄ | ᠤᠳᠤ ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ ᠂ | ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ | ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ | 2020 ᠣᠨ ᠪᠣᠯ ︽ ᠠᠷᠪᠠᠨ ᠭᠤᠷᠪᠠᠳᠤᠭᠠᠷ ᠲᠠᠪᠤᠨ ᠵᠢᠯ ︾ ᠤᠨ ᠰᠡᠬᠦᠯ ᠰᠢᠪᠳᠤᠷᠬᠤ ᠵᠢᠯ ᠪᠠ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠢᠯ | ᠪᠣᠯᠤᠨ᠎ᠠ ᠂ ᠮᠦᠨ ᠴᠤ ᠬᠢᠶ᠎ᠠ ᠪᠠᠭᠰᠢ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠰᠦᠷᠴᠤ ᠂ ᠬᠦᠨᠳᠦ ᠡᠭᠦᠷᠭᠡ ᠶᠢ ᠡᠭᠦᠷᠭᠡᠯᠡᠨ ᠂ ᠪᠣᠳᠠᠲᠠᠢ | ᠠᠵᠢᠯᠯᠠᠵᠤ ᠡᠷᠡᠮᠡᠭᠡᠶᠢᠯᠡᠨ ᠤᠷᠤᠬᠰᠢᠯᠠᠭᠠᠳ ᠡᠯᠪᠡᠭ ᠬᠤᠷᠢᠶᠠᠯᠲᠠ ᠤᠯᠤᠬᠰᠠᠨ ᠵᠢᠯ ᠪᠣᠯᠤᠨ᠎ᠠ ᠃ ᠡᠨᠡ ᠨᠢᠭᠡ ᠵᠢᠯ ᠳᠤ ᠂ ᠰᠢᠨ᠎ᠡ ᠳᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠯᠤᠲᠤ ᠶᠡᠭᠡ ᠳᠠᠭᠠᠷᠢᠯᠲᠠ ᠳᠤ ᠤᠴᠠᠷᠠᠵᠤ ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ ᠂ ᠬᠤᠲᠠ ᠶᠢᠨ | ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠳᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠣᠤᠷ᠎ᠠ ᠂ ᠠᠮᠢ | ᠠᠬᠤᠶ ᠶᠢ ᠤᠷᠢᠳ ᠢᠶᠠᠷ ᠪᠤᠳᠤᠯᠬᠢᠯᠠᠨ ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠵᠤ ᠂ ︽ ᠵᠢᠷᠭᠤᠭ᠎ᠠ ᠶᠢ ᠳᠤᠬᠳᠠᠪᠤᠷᠢᠵᠢᠭᠤᠯᠬᠤ ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ | ︽ ᠵᠢᠷᠭᠤᠭ᠎ᠠ ᠶᠢ ᠪᠠᠲᠤᠯᠠᠬᠤ ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠪᠠᠲᠤᠯᠠᠪᠠ ᠃ ᠪᠥᠬᠦ ᠵᠢᠯ ᠳᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠭᠡᠢ ᠥᠷᠲᠡᠭ ᠢ 90 ᠳ᠋ᠦᠩᠰᠢᠭᠤᠷ | ᠲᠥᠭᠦᠷᠢᠭ ᠂ ᠲᠣᠭᠲᠠᠮᠠᠯ ᠬᠥᠷᠦᠩᠭᠡ ᠶᠢᠨ ᠪᠡᠯᠡ ᠤᠷᠤᠭᠤᠯᠤᠯᠳᠠ ᠶᠢ 16.43 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠳᠡᠭᠡᠷ᠎ᠠ ᠵᠢᠯ ᠤᠨ ᠠᠳᠠᠯᠢ | ᠬᠤᠭᠤᠴᠠᠭᠠᠨ ᠤ ᠬᠢ ᠠᠴᠠ ᠲᠣᠰ ᠲᠣᠰ 5% ᠪᠠ 95.3% ᠪᠠᠷ ᠨᠡᠮᠡᠭᠳᠡᠬᠦᠯᠤᠨ ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ | ᠲᠡᠷᠢᠭᠦᠯᠡᠪᠡ ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠤᠯᠭ᠎ᠠ ᠶᠢ 7.6 ᠳ᠋ᠦᠩᠰᠢᠭᠤᠷ ᠲᠥᠭᠦᠷᠢᠭ ᠪᠡᠶᠡᠯᠡᠬᠦᠯᠵᠤ ᠂ ᠳᠡᠭᠡᠷ᠎ᠠ ᠵᠢᠯ ᠤᠨ ᠠᠳᠠᠯᠢ | ᠬᠤᠭᠤᠴᠠᠭᠠᠨ ᠤ ᠬᠢ ᠠᠴᠠ 6.1% ᠢᠶᠠᠷ ᠨᠡᠮᠡᠭᠳᠡᠪᠡ ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠠᠮᠠ ᠬᠥᠮᠦᠨ | ᠳᠤᠮᠳᠠᠴᠢ ᠡᠵᠡᠮᠳᠡᠵᠦ ᠪᠣᠯᠬᠤ ᠣᠷᠤᠯᠭ᠎ᠠ ᠨᠢ 51909 ᠲᠥᠭᠦᠷᠢᠭ ᠲᠤ ᠬᠦᠷᠴᠦ ᠂ ᠲᠣᠭᠲᠠᠭᠤᠨ ᠢᠶᠠᠷ ᠨᠡᠮᠡᠭᠳᠡᠨ ᠂ ᠪᠦᠬᠦ ᠬᠤᠲᠠ ᠶᠢᠨ | ᠭᠤᠷᠪᠠᠳᠤᠭᠠᠷ ᠲᠤ ᠂ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠲᠤ ᠣᠷᠣᠪᠠ ᠃ | ᠨᠢᠭᠡ ᠵᠢᠯ ᠤᠨ ᠲᠤᠷᠰᠢ ᠂ ᠪᠢᠳᠡ ᠬᠠᠮᠢᠶᠠᠷᠤᠨ ᠡᠵᠡᠮᠳᠡᠬᠦ ᠶᠢ ᠬᠦᠴᠦᠯᠡᠨ ᠠᠳᠬᠤᠵᠤ ᠂ ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ | ᠰᠡᠷᠭᠡᠶᠢᠯᠡᠨ ᠂ ᠬᠢᠵᠢᠭ ᠤᠨ ᠪᠠᠶᠢᠳᠠᠯ ᠳᠤ ᠴᠤᠬᠢᠯᠳᠠ ᠦᠭᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ ᠃ ᠠᠷᠠᠳ ᠲᠦᠮᠡᠨ ᠢ ᠳᠡᠭᠡᠳᠦᠯᠡᠨ ᠂ | ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠤ ᠂ ᠨᠢᠭᠲᠠ ᠴᠢᠩᠭ᠎ᠠ ᠰᠡᠷᠭᠡᠶᠢᠯᠡᠨ ᠡᠵᠡᠮᠳᠡᠵᠦ ᠂ ᠠᠷᠭ᠎ᠠ ᠪᠤᠳᠤᠯᠭ᠎ᠠ ᠪᠠᠨ ᠤᠨᠢᠨ ᠳᠡᠭᠡᠷ᠎ᠡ ᠨᠢ | ᠬᠡᠷᠡᠭᠵᠢᠭᠦᠯᠵᠦ ᠂ ᠪᠦᠬᠦ ᠬᠤᠳᠠ ᠳᠤ ᠡᠩ ᠲᠡᠷᠢᠭᠦᠨ ᠳᠤ ︽ ᠲᠤᠮᠤ ᠳ᠋ᠠᠶᠢᠲ᠋ᠠ + ᠲᠣᠣᠷᠵᠢᠭᠤᠯᠤᠯᠳᠠ ︾ ᠶᠢᠨ ᠠᠷᠭ᠎ᠠ ᠬᠡᠯᠪᠡᠷᠢ ᠪᠠᠷ ᠬᠥᠮᠦᠰ ᠢ | ᠵᠢᠬᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ ᠂ ᠤᠶᠤᠨᠴᠢᠯᠠᠭᠰᠠᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ ᠂ | ᠬᠢᠵᠢᠭ ᠤᠨ ᠪᠠᠶᠢᠳᠠᠯ ᠤᠨ ︽ ᠦᠯᠦ ᠣᠷᠣᠭᠤᠯᠬᠤ ︾᠂ ︽ ᠦᠯᠦ ᠬᠠᠯᠳᠠᠪᠤᠷᠢᠯᠠᠬᠤ ︾ ᠶᠢ ᠪᠡᠶᠡᠯᠡᠭᠦᠯᠵᠦ ᠂ ᠪᠦᠬᠦ ᠬᠤᠳᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠢᠶ᠎ᠠ ᠪᠠᠭᠰᠢ ᠶᠢᠨ ᠲᠥᠰᠦᠯ ᠢ ᠨᠡᠮᠡᠷᠢᠯᠡᠪᠡ ᠃ ︽ ᠭᠠᠳᠠᠨ᠎ᠠ ᠠᠴᠠ ᠬᠠᠯᠳᠠᠪᠤᠷᠢᠯᠠᠬᠤ ᠶᠢ | ᠰᠡᠷᠭᠡᠶᠢᠯᠡᠵᠦ ᠂ ᠳᠣᠲᠣᠭᠠᠳᠤ ᠳᠠᠭᠠᠨ ᠦᠷᠪᠢᠰᠤᠨ ᠳᠡᠯᠭᠡᠷᠡᠬᠦ ᠶᠢ ᠰᠡᠷᠭᠡᠶᠢᠯᠡᠬᠦ ︾ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠢᠮᠠᠭᠲᠠ ᠬᠢᠴᠢᠶᠡᠨ ᠰᠠᠶᠢᠲᠤᠷ ᠠᠳᠬᠤᠵᠤ ᠂ ᠪᠥᠭᠡᠮ ᠬᠦᠴᠢᠯ ᠤᠨ | ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ ᠂ ᠭᠤᠤᠯᠳᠠᠯᠭ᠎ᠠ ᠲᠠᠢ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠶᠢ ᠥᠷᠨᠢᠭᠦᠯᠵᠦ ᠂ | ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠂ ᠬᠢᠴᠢᠶᠡᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠬᠦ ᠶᠢ ᠴᠠᠭ ᠲᠤᠬᠠᠶ | ᠪᠠᠶᠢᠳᠠᠯ ᠳᠤᠨᠢ ᠲᠣᠬᠢᠷᠠᠭᠤᠯᠤᠨ ᠠᠬᠢᠭᠤᠯᠪᠠ ᠃ ᠴᠢᠩ ᠴᠦᠨ ᠱᠠᠨ ᠵᠡᠭᠡᠯᠢ ᠭᠤᠳᠤᠮᠵᠢ ᠶᠢᠨ ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠤᠨ | ᠨᠠᠮ ᠤᠨ ᠡᠭᠦᠷ ᠪᠦᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠳᠡᠮᠡᠴᠡᠭᠰᠡᠨ ᠲᠡᠷᠢᠭᠦᠨ ᠤ ᠬᠠᠮᠲᠤ ᠂ | ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠶᠢᠨ ᠢᠷᠠᠭᠤ ᠠᠯᠳᠠᠷ ᠢ ᠬᠦᠷᠲᠡᠪᠡ ᠃ ᠳᠠᠷᠢ ᠶᠢᠨ | ᠤᠳᠤᠭ᠎ᠠ ᠦᠬᠡᠢ ᠡᠨᠡ ᠤᠳᠠᠭᠠᠨ ᠤ ᠳᠠᠶᠢᠯᠠᠯᠳᠤᠭᠠᠨ ᠤ ᠳᠤᠮᠳᠠ ᠂ ᠥᠷᠭᠡᠨ ᠤᠯᠠᠨ ᠡᠮᠨᠡᠯᠭᠡ ᠶᠢᠨ ᠠᠵᠢᠯᠲᠠᠳ ᠡᠷᠡᠰ ᠰᠢᠭᠤᠷᠬᠠᠢ ᠪᠠᠷ ᠡᠷᠡᠮᠡᠭᠡᠶᠢᠯᠡᠨ | ᠤᠷᠤᠭᠰᠢᠯᠠᠵᠤ ᠂ ᠨᠠᠮ ᠤᠨ ᠭᠡᠰᠢᠭᠦᠨ ᠺᠠᠳ᠋ᠷ ᠂ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠰᠠᠶᠢᠨ ᠳᠤᠷᠠᠴᠤᠤᠯ ᠵᠣᠪᠠᠭᠤᠷᠢ ᠵᠦᠳᠡᠭᠦᠷᠢ ᠪᠠᠨ | ᠬᠠᠶᠢᠬᠤᠷᠤᠯ ᠦᠬᠡᠢ ᠠᠵᠢᠯᠯᠠᠵᠤ ᠂ ᠠᠵᠢᠯ ᠤᠨ ᠪᠠᠶᠢᠷᠢ ᠪᠠᠨ ᠪᠠᠲᠤ ᠰᠠᠬᠢᠨ᠂ ᠡᠯ᠎ᠡ ᠠᠵᠢᠯ ᠲᠦᠷᠦᠯ ᠤᠨ ᠬᠥᠳᠡᠯᠮᠦᠷᠢᠴᠢᠳ ᠨᠢ ᠡᠳᠦᠷᠵᠢᠨ ᠰᠥᠨᠢᠵᠢᠨ | ᠦᠭᠡ ᠲᠠᠭᠤᠨ ᠦᠬᠡᠢ ᠪᠠᠷ ᠬᠤᠪᠢ ᠨᠡᠮᠡᠷᠢ ᠪᠠᠨ ᠦᠵᠡᠭᠦᠯᠵᠦ ᠢᠷᠡᠪᠡ ᠃ ᠪᠦᠬᠦ ᠳᠤᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠂ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ ᠂ ᠬᠢᠵᠢᠭ ᠤᠨ ᠪᠠᠶᠢᠳᠠᠯ ᠲᠠᠢ ᠳᠡᠮᠡᠴᠡᠬᠦ ᠠᠮᠢ ᠨᠠᠰᠤᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠂ ᠬᠥᠮᠦᠨ ᠪᠦᠬᠦᠨ ᠴᠥᠮ | ︽ ᠬᠢᠵᠢᠭ ︾ ᠤᠨ ᠳᠠᠶᠢᠯᠠᠯᠳᠤᠭᠠᠨ ᠤ ᠭᠠᠪᠰᠢᠭᠠᠶᠢᠯᠠᠬᠴᠢᠳ ᠪᠤᠯᠵᠠᠢ ︕ | ᠨᠢᠭᠡ ᠵᠢᠯ ᠤᠨ ᠲᠤᠷᠰᠢ ᠂ ᠪᠢᠳᠡ ᠲᠥᠷᠥᠯ ᠵᠦᠶᠯ ᠢ ᠬᠦᠴᠦᠯᠡᠨ ᠠᠳᠬᠤᠵᠤ ᠂ ᠠᠵᠤ ᠦᠶᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠪᠠ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ | ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠨ ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠪᠤᠴᠠᠭᠠᠬᠤ ᠂ ᠭᠠᠶᠢᠯᠢ ᠲᠠᠲᠠᠪᠤᠷᠢ ᠶᠢ ᠬᠥᠩᠭᠡᠷᠡᠬᠦᠯᠵᠤ ᠬᠡᠯᠲᠦᠷᠢᠭᠦᠯᠬᠦ ᠪᠠ ᠰᠦᠢᠳᠬᠡᠯ ᠲᠤᠰᠢᠶᠠᠬᠤ ᠶᠢ ᠬᠤᠶᠢᠰᠢᠯᠠᠭᠤᠯᠬᠤ | ᠵᠡᠷᠭᠡ ᠠᠵᠤ ᠠᠬᠤᠢᠢᠯᠠᠯ ᠳᠤ ᠬᠠᠷᠠᠭᠠᠯᠵᠠᠯ ᠦᠵᠡᠭᠦᠯᠵᠦ᠂ ᠬᠦᠴᠢᠷᠳᠡᠯ ᠢ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠳᠤᠭᠤᠰᠢᠳᠠᠢ ᠨᠠᠶᠢᠳᠠᠪᠤᠷᠢᠵᠢᠭᠤᠯᠵᠤ ᠂ | 6000 ᠲᠦᠮᠡᠨ ᠲᠥᠭᠦᠷᠢᠭ ᠤᠨ ᠭᠠᠶᠢᠯᠢ ᠶᠢ ᠬᠥᠩᠭᠡᠷᠡᠬᠦᠯᠵᠤ ᠰᠦᠢᠳᠬᠡᠯ ᠢ ᠪᠠᠭᠤᠷᠠᠭᠤᠯᠪᠠ ᠃ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠂ | ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠡᠷᠬᠢᠯᠡᠬᠦ ᠵᠡᠷᠭᠡ ᠠᠷᠭ᠎ᠠ ᠬᠡᠯᠪᠡᠷᠢ ᠶᠢ ᠠᠪᠴᠤ ᠂ ᠬᠡᠷᠡᠭᠯᠡᠭᠡ ᠶᠢ ᠤᠯᠠᠨ ᠲᠠᠯ᠎ᠠ ᠪᠠᠷ ᠠᠬᠢᠭᠤᠯᠵᠤ ᠂ ᠵᠠᠬ᠎ᠠ | ᠳᠡᠯᠭᠡᠭᠦᠷ ᠤᠨ ᠰᠡᠷᠭᠦᠯᠲᠡ ᠰᠠᠶᠢᠵᠢᠷᠠᠯᠲᠠ ᠶᠢ ᠬᠦᠴᠦᠲᠡᠶ ᠲᠡᠮᠵᠢᠪᠡ ᠃ ᠪᠦᠬᠦ ᠵᠢᠯ ᠳᠤ 67 ᠵᠦᠢᠯ ᠤᠨ ᠭᠤᠣᠯᠳᠠᠯᠭ᠎ᠠ ᠲᠠᠢ ᠳᠦᠷᠤᠯ ᠵᠤᠶᠢᠯ ᠢ | ᠲᠣᠬᠢᠷᠠᠭᠤᠯᠵᠤ ᠂ 44 ᠳᠦᠷᠤᠯ ᠵᠤᠶᠢᠯ ᠤᠨ ᠪᠠᠷᠢᠯᠭ᠎ᠠ ᠶᠢ ᠡᠬᠢᠯᠡᠭᠦᠯᠦᠨ ᠰᠡᠷᠭᠦᠭᠡᠵᠦ ᠂ 24.9 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ 70 ᠲᠥᠷᠥᠯ ᠵᠦᠶᠯ ᠢ ᠵᠣᠯᠭᠠᠭᠤᠯᠵᠤ ᠂ 30 ᠲᠥᠷᠥᠯ ᠵᠦᠶᠯ ᠤᠨ | ᠭᠡᠷ᠎ᠡ ᠲᠣᠭᠲᠠᠭᠰᠠᠨ ᠪᠠ ᠨᠠᠶᠢᠳᠠᠪᠤᠷᠢᠵᠢᠭᠤᠯᠵᠤ ᠂ 17 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠤᠭᠤᠯᠤᠯᠲᠠ ᠲᠠᠢ ᠬᠤᠯᠪᠣᠭᠳᠠᠭᠰᠠᠨ ᠪᠠᠶᠢᠨ᠎ᠠ ᠃ | ᠬᠤᠳᠠ ᠶᠢᠨ ᠠᠪᠤ ᠡᠵᠢ ᠦᠷ᠎ᠡ ᠬᠡᠦᠬᠡᠳ ᠤᠨ ᠰᠤᠳᠤᠯᠭᠠᠨ ᠰᠤᠷᠤᠯᠴᠠᠯᠭ᠎ᠠ ᠶᠢᠨ ᠰᠠᠭᠤᠷᠢᠨ ᠭᠠᠵᠠᠷ ᠢ ᠪᠠᠶᠢᠭᠤᠯᠵᠦ ᠂ ᠮᠠᠨᠳᠠᠷᠠᠸ᠎ᠠ ᠴᠡᠴᠡᠭ | ᠵᠤᠭᠠᠴᠠᠯ ᠤᠨ ᠰᠣᠶᠣᠯ ᠤᠨ ᠨᠠᠶᠢᠷ ᠂ ᠳᠤᠮᠳᠠᠳᠤ ᠤᠯᠤᠰ ᠤᠨ ᠤᠷᠤᠯᠳᠤᠭᠠᠨ ᠤ ᠵᠠᠪᠢ ᠶᠢᠨ ᠰᠢᠷᠢᠰ ᠤᠷᠤᠯᠳᠤᠭᠠᠨ ᠵᠡᠷᠭᠡ ᠳᠦᠷᠦᠯ ᠳᠡᠮᠳᠡᠭ ᠤᠨ | ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠠᠷ ᠡᠷᠬᠢᠯᠡᠵᠦ ᠂ ᠤᠯᠤᠰ ᠤᠨ ᠪᠦᠬᠦ ᠤᠷᠤᠨ ᠪᠦᠰᠡ ᠶᠢᠨ ᠵᠢᠱᠢᠶ᠎ᠡ ᠦᠵᠡᠭᠦᠯᠬᠦ ᠣᠷᠣᠨ ᠢ | ᠠᠮᠵᠢᠯᠲᠠ ᠲᠠᠢ ᠪᠠᠷ ᠡᠭᠦᠳᠦᠨ ᠪᠠᠶᠢᠭᠤᠯᠵᠤ ᠂ ᠪᠦᠬᠦ ᠵᠢᠯ ᠳᠤ 326 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ ᠂ | ᠵᠤᠭᠠᠴᠠᠯ ᠤᠨ ᠶᠡᠷᠦᠩᠬᠡᠶᠢᠯᠡᠭᠰᠡᠨ ᠣᠷᠤᠯᠭ᠎ᠠ ᠶᠢ 11 ᠳ᠋ᠦᠩᠰᠢᠭᠤᠷ ᠲᠥᠭᠦᠷᠢᠭ ᠪᠡᠶᠡᠯᠡᠭᠦᠯᠪᠡ ᠃ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠡᠪᠴᠢᠶ᠎ᠡ | ᠤᠯᠠᠮ ᠨᠢᠭᠡ ᠠᠯᠬᠤᠮ ᠥᠷᠭᠡᠳᠴᠦ ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠶᠯᠡᠳᠪᠦᠷᠢ ᠶᠢᠨ ᠣᠷᠳᠣᠰ ᠲᠠᠬᠢ ᠬᠤᠪᠢᠶᠠᠷᠢ | ᠺᠣᠮᠫᠠᠨᠢ ᠂ ᠱᠧᠨ ᠬᠤᠸᠠ ᠡᠳ᠋ ᠪᠣᠳᠠᠰ ᠤᠨ ᠬᠠᠩᠭᠠᠯᠭ᠎ᠠ ᠶᠢᠨ ᠲᠥᠪ ᠵᠡᠷᠭᠡ ᠲᠣᠮᠤ ᠺᠣᠮᠫᠠᠨᠢ ᠶᠢᠨ ᠭᠠᠵᠠᠷ ᠣᠷᠣᠨ ᠤ ᠶᠡᠷᠦᠩᠬᠡᠶ ᠬᠡᠯᠲᠡᠰ ᠤᠷᠢᠳ | ᠬᠤᠵᠢᠳ ᠨᠤᠳᠤᠬᠰᠢᠨ ᠰᠠᠭᠤᠪᠠ ᠃ ᠭᠡᠷ ᠭᠠᠵᠠᠷ ᠬᠥᠷᠦᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ ᠂ ᠪᠢ ᠱᠦᠢ | ᠬᠤᠸᠠ ᠶᠤᠸᠠᠨ ᠂ ᠲᠠᠢ ᠰᠢᠶᠠᠩ ᠵᠢᠶᠠ ᠶᠤᠸᠠᠨ ᠵᠡᠷᠭᠡ ᠨᠢᠭᠡ ᠪᠦᠯᠦᠭ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠢ ᠵᠠᠬ᠎ᠠ | ᠳᠡᠯᠭᠡᠭᠦᠷ ᠲᠤ ᠣᠷᠣᠭᠤᠯᠪᠠ ᠃ | ᠨᠢᠭᠡ ᠵᠢᠯ ᠤᠨ ᠲᠤᠷᠰᠢ ᠂ ᠪᠢᠳᠡ ᠥᠭᠡᠷᠡᠴᠢᠯᠡᠯᠲᠡ ᠶᠢ ᠬᠦᠴᠦᠯᠡᠨ ᠠᠳᠬᠤᠵᠤ ᠂ ᠰᠢᠨ᠎ᠡ ᠶᠢ ᠡᠭᠦᠳᠬᠦ ᠶᠢ ᠡᠷᠢᠯᠬᠢᠯᠡᠨ ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ ᠪᠠᠳᠠᠷᠠᠭᠤᠯᠪᠠ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠡᠷᠴᠢᠮ ᠢ ᠨᠡᠮᠡᠭᠳᠡᠭᠦᠯᠦᠨ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ | ᠪᠠᠶᠢᠭᠤᠯᠬᠤ ᠶᠢ ᠪᠡᠶᠡᠯᠡᠭᠦᠯᠪᠠ ᠃ ︽ ᠳᠠᠯᠪᠢᠬᠤ ᠬᠠᠮᠢᠶᠠᠷᠬᠤ ᠦᠶᠯᠡᠴᠢᠯᠡᠬᠦ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ︽ ᠨᠢᠭᠡ | ᠴᠤᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ︾ ᠪᠠ ︽ ᠢᠯᠭᠠᠭ᠎ᠠ ᠥᠬᠡᠶ ᠪᠠᠷ ᠭᠦᠶᠴᠡᠳᠬᠡᠬᠦ ︾ ᠠᠵᠢᠯ ᠤᠨ ᠵᠠᠭᠪᠤᠷ ᠢ ᠬᠡᠷᠡᠭᠵᠢᠭᠦᠯᠦᠨ ᠂ | ︽ ᠨᠢᠭᠡ ᠰᠦᠯᠵᠢᠶ᠎ᠡ ︾ ᠪᠠᠷ ᠨᠡᠶᠢᠳᠡᠮ ᠰᠢᠶᠳᠪᠦᠷᠢᠯᠡᠬᠦ ᠨᠣᠷᠮ᠎ᠠ ᠶᠢ 98% ᠠᠴᠠ ᠳᠠᠪᠠᠭᠤᠯᠪᠠ ᠃ ︽ ᠨᠢᠭᠡ ᠶᠠᠪᠤᠳᠠᠯ ᠢ ᠪᠦᠷᠢᠨ | ᠭᠦᠶᠴᠡᠳᠬᠡᠬᠦ ︾ ᠦᠶᠯᠡᠴᠢᠯᠡᠭᠡ ᠶᠢ ᠰᠢᠨ᠎ᠡ ᠪᠠᠷ ᠡᠭᠦᠳᠦᠨ ᠭᠠᠷᠭᠠᠵᠤ ᠂ 43 ︽ ᠨᠢᠭᠡ ᠶᠠᠪᠤᠳᠠᠯ ᠢ ᠪᠦᠷᠢᠨ ᠭᠦᠶᠴᠡᠳᠬᠡᠬᠦ ︾ ᠂ 27 ︽ ᠨᠢᠭᠡ | ᠦᠨᠡᠮᠯᠡᠯ ︵ ᠦᠨᠡᠮᠯᠡᠯ ︶ ᠨᠡᠶᠢᠳᠡᠮ ᠭᠡᠷᠡᠭᠯᠡᠬᠦ ︾ ᠤᠴᠢᠷ ᠶᠠᠪᠤᠳᠠᠯ ᠢ ᠡᠮᠬᠢᠯᠡᠨ ᠳᠠᠭᠤᠰᠬᠠᠵᠤ ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠢ ᠳᠠᠷᠠᠬᠭᠠᠪᠠ ᠃ 《ᠭᠤᠷᠪᠠ ᠶᠢ ᠨᠡᠮᠡᠭᠳᠡᠭᠦᠯᠵᠦ ᠭᠤᠷᠪᠠ ᠶᠢ ᠪᠠᠭᠠᠰᠬᠠᠬᠤ》 | ᠠᠵᠢᠯ ᠤᠨ ᠠᠷᠭ᠎ᠠ ᠶᠢ ᠬᠡᠷᠡᠭᠵᠢᠭᠦᠯᠵᠦ ᠂ ᠰᠠᠭᠤᠭᠠᠯᠢ ᠠᠷᠠᠳ ᠨᠡᠶᠢᠭᠡᠮ ᠲᠣᠭᠤᠷᠢᠭ ᠠᠴᠠ ᠭᠠᠷᠬᠤ ᠦᠭᠡᠢ ᠪᠠᠷ ᠳᠠᠷᠤᠶ ᠳᠤᠨᠢ ᠤᠰᠤ ᠴᠠᠬᠢᠯᠭᠠᠨ ᠬᠡᠢ | ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ ᠵᠡᠷᠭᠡ 28 ᠤᠴᠢᠷ ᠶᠠᠪᠤᠳᠠᠯ ᠢ ᠭᠦᠢᠴᠡᠳᠬᠡᠵᠦ ᠂ 《 10 ᠮᠢᠨᠦ᠋ᠲ ᠤᠨ ᠠᠷᠠᠳ ᠲᠤ ᠳᠦᠭᠦᠮ | ᠦᠵᠡᠭᠦᠯᠬᠦ ᠦᠢᠯᠡᠴᠢᠯᠡᠭᠡᠨ ᠤ ᠴᠠᠭᠠᠷᠢᠭ》 ᠢ ᠠᠩᠬ᠎ᠠ ᠠᠯᠬᠤᠮ ᠪᠠᠶᠢᠭᠤᠯᠪᠠ ᠃ | ᠨᠢᠭᠡ ᠵᠢᠯ ᠤᠨ ᠲᠤᠷᠰᠢ ᠂ ᠪᠢᠳᠡ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠳᠬᠤᠵᠤ ᠂ ᠴᠢᠨᠠᠷᠯᠢᠭ᠂ ᠵᠣᠯ ᠵᠢᠷᠭᠠᠯᠲᠤ ᠬᠤᠲᠠ ᠶᠢᠨ | ᠴᠢᠨᠠᠷᠵᠢᠯ ᠢ ᠤᠯᠠᠮ ᠳᠡᠭᠡᠭᠰᠢᠯᠡᠬᠦᠯᠪᠡ ᠃ ᠬᠤᠳᠠ ᠶᠢᠨ ᠣᠳᠣᠬᠢᠴᠢᠯᠠᠯᠲᠠ ᠶᠢᠨ ᠵᠠᠰᠠᠯᠲᠠ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ ᠂ | ᠬᠤᠳᠠ ᠶᠢᠨ ᠬᠠᠮᠢᠶᠠᠷᠤᠯᠲᠠ ᠶᠢᠨ ᠤᠶᠤᠨᠴᠢᠯᠠᠬᠤ ᠂ ᠨᠠᠷᠢᠯᠢᠬᠵᠢᠭᠤᠯᠬᠤ ᠲᠡᠰᠢ ᠠᠬᠢᠬᠤ ᠶᠢ ᠠᠬᠢᠭᠤᠯᠪᠠ ᠃ ︽ 5G ᠤᠶᠤᠨᠴᠢ ᠬᠤᠲᠠ ︾ ᠶᠢᠨ | ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ ᠂ 5G ᠶᠢᠨ ᠰᠠᠭᠤᠷᠢ ᠲᠣᠤᠷ ᠰᠦᠯᠵᠢᠶ᠎ᠡ ᠶᠢ ᠪᠥᠬᠦ ᠬᠦᠷᠢᠶ᠎ᠠ ᠭᠡᠪᠴᠢᠶᠡᠨ ᠳᠤ ᠬᠠᠮᠤᠷᠬᠤ ᠶᠢ | ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠦ᠋ᠲ᠋ᠣ᠋ ᠤᠯᠠᠨ ᠨᠡᠶᠢᠳᠡ ᠶᠢᠨ ᠮᠠᠰᠢᠨ ᠲᠡᠷᠭᠡ ᠶᠢ ᠵᠢᠩᠬᠢᠨᠢ ᠪᠠᠷ ᠠᠰᠢᠬᠯᠠᠯᠳᠠ ᠳᠤ | ᠤᠷᠤᠭᠤᠯᠪᠠ ᠃ ᠾᠧ ᠰᠢᠶᠤᠤ A ᠲᠣᠭᠤᠷᠢᠭ ᠂ ᠯᠠᠨ ᠱᠧᠩ ᠶᠤᠸᠠᠨ ᠵᠡᠷᠭᠡ 18 ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠢ | ᠰᠠᠶᠢᠵᠢᠷᠠᠭᠤᠯᠤᠨ ᠥᠭᠡᠷᠡᠴᠢᠯᠡᠬᠦ ᠶᠢ ᠪᠡᠶᠡᠯᠡᠭᠦᠯᠪᠠ ᠃ ᠬᠤᠲᠠ ᠶᠢᠨ ᠶᠠᠪᠤᠳᠠᠯ ᠤᠨ ᠪᠡᠷᠢᠮᠵᠢᠶᠡᠵᠢᠭᠤᠯᠤᠬᠰᠠᠨ ᠬᠠᠮᠠᠭᠠᠯᠠᠯᠲᠠ ᠶᠢ ᠬᠡᠷᠡᠭᠵᠢᠭᠦᠯᠵᠦ ᠂ | ᠭᠤᠤᠯ ᠲᠡᠩᠭᠡᠯᠢᠭ ᠱᠤᠭᠤᠮ ᠤᠨ ᠵᠠᠮ ᠤᠨ ᠨᠢᠭᠤᠷ ᠤᠨ ᠥᠭᠡᠷᠡᠴᠢᠯᠡᠯᠲᠡ ᠪᠠ ᠴᠢ ᠱᠦᠨ ᠶᠠᠪᠠᠭᠠᠨ ᠵᠡᠭᠡᠯᠢ ᠵᠡᠷᠭᠡ ᠬᠤᠳᠠᠯᠳᠤᠭᠠᠨ ᠤ ᠲᠣᠭᠤᠷᠢᠭ ᠤᠨ | ᠴᠢᠨᠠᠷᠵᠢᠯ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠪᠡᠶᠡᠯᠡᠭᠦᠯᠪᠠ ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠪᠣᠭᠤᠮᠲᠠ ᠰᠢᠪᠲᠤᠯᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ ᠂ ︽ ᠨᠠᠷᠢᠨ ᠨᠢᠮᠪᠠᠢ ᠲᠥᠯᠥᠪᠵᠢᠭᠦᠯᠬᠦ ᠂ ᠨᠠᠷᠢᠯᠢᠭ ᠪᠦᠳᠦᠬᠡᠨ ᠪᠠᠶᠢᠭᠤᠯᠬᠤ ᠂ | ᠨᠠᠷᠢᠯᠢᠭ ᠬᠠᠮᠢᠶᠠᠷᠬᠤ ᠂ ᠨᠠᠷᠢᠯᠢᠭ ᠣᠨᠣᠪᠴᠢᠲᠠᠢ ᠪᠠᠷ ᠦᠢᠯᠡᠴᠢᠯᠡᠬᠦ ︾ ᠤᠢᠢᠯᠠᠭᠠᠭᠳᠠᠬᠤᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠨᠤᠲᠠᠯᠠᠯᠲᠠ ᠶᠢ ᠣᠯᠵᠤ ᠂ ᠴᠤᠷ ᠤᠨ ᠭᠠᠭᠴᠠ ᠬᠤᠰᠢᠭᠤ ᠳᠤᠭᠤᠷᠢᠭ ᠤᠨ ᠲᠥᠯᠦᠭᠡᠯᠡᠭᠴᠢ ᠪᠣᠯᠤᠭᠰᠠᠨ ᠤ | ᠬᠤᠪᠢ ᠳᠤ ᠂ ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ | ᠲᠠᠯᠠᠪᠠᠢ ᠶᠢᠨ ᠬᠤᠷᠠᠯ ᠳᠡᠭᠡᠷ᠎ᠡ ᠲᠤᠷᠰᠢᠯᠭ᠎ᠠ ᠪᠠᠨ ᠬᠤᠪᠢᠶᠠᠯᠴᠠᠪᠠ ᠃ | ᠨᠢᠭᠡ ᠵᠢᠯ ᠤᠨ ᠲᠤᠷᠰᠢ ᠂ ᠪᠢᠳᠡ ᠪᠣᠳᠠᠲᠤ ᠶᠠᠪᠤᠳᠠᠯ ᠢ ᠬᠦᠴᠦᠯᠡᠨ ᠠᠳᠬᠤᠵᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠂ | ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠪᠠ ᠃ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ ᠂ ᠬᠤᠳᠠ ᠪᠠᠯᠭᠠᠰᠤᠨ ᠤ 2068 ᠬᠥᠮᠦᠨ ᠳᠤ ᠰᠢᠨ᠎ᠡ ᠪᠠᠷ ᠠᠵᠢᠯ ᠣᠯᠭᠤᠵᠤ ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 2.52% ᠤᠨ ᠳᠣᠲᠣᠷ᠎ᠠ ᠬᠢᠵᠠᠭᠠᠷᠯᠠᠵᠤ ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ | ᠬᠥᠳᠡᠯᠦᠩᠭᠦᠶ ᠪᠠᠷ ᠦᠭᠡᠢ ᠪᠣᠯᠭᠠᠬᠤ ᠶᠢ ᠪᠠᠲᠤᠯᠠᠪᠠ ᠃ 8.84 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ 3 ᠰᠤᠷᠭᠠᠭᠤᠯᠢ ᠶᠢ | ᠰᠢᠨ᠎ᠡ ᠪᠠᠷ ᠪᠠᠶᠢᠭᠤᠯᠵᠤ ᠂ 4 ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠵᠤ ᠂ ᠰᠤᠷᠤᠬᠴᠢ ᠶᠢᠨ ᠤᠷᠤᠨ ᠳᠤᠭᠠᠨ ᠤ ᠬᠠᠩᠭᠠᠯᠭ᠎ᠠ ᠶᠢ | ᠲᠠᠰᠤᠷᠠᠯᠳᠠ ᠦᠭᠡᠢ ᠨᠡᠮᠡᠭᠳᠡᠭᠦᠯᠪᠡ ᠃ ᠰᠠᠭᠤᠷᠢ ᠰᠤᠷᠭᠠᠨ ᠬᠥᠮᠦᠵᠢᠯ ᠲᠠᠰᠤᠷᠠᠯᠳᠠ ᠦᠭᠡᠢ ᠬᠥᠭᠵᠢᠵᠦ ᠂ ᠰᠠᠭᠤᠷᠢ ᠰᠤᠷᠭᠠᠨ ᠬᠥᠮᠦᠵᠢᠯ ᠤᠨ ᠤᠯᠤᠰ ᠤᠨ | ᠳᠡᠰ ᠤᠨ ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ | ᠡᠭᠦᠳᠦᠨ ᠪᠠᠶᠢᠭᠤᠯᠪᠠ ᠃ 33 ᠰᠠᠭᠤᠭᠠᠯᠢ ᠠᠷᠠᠳ ᠤᠨ ᠲᠣᠭᠤᠷᠢᠭ ᠤᠨ 《ᠦᠨᠡᠮᠯᠡᠯ ᠠᠪᠬᠤ ᠳᠤ ᠬᠦᠴᠢᠷᠲᠡᠶ》 ᠪᠠᠶᠢᠬᠤ ᠠᠰᠠᠭᠤᠳᠠᠯ ᠢ | ᠰᠢᠶᠳᠪᠦᠷᠢᠯᠡᠪᠡ ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠭᠦᠨᠵᠡᠭᠡᠶ ᠠᠬᠢᠭᠤᠯᠵᠤ ᠂ ᠬᠡᠷ ᠪᠦᠯᠢ ᠶᠢᠨ ᠡᠮᠴᠢ ᠶᠢᠨ ᠭᠤᠤᠯᠳᠠᠯᠭ᠎ᠠ ᠲᠠᠢ ᠬᠥᠮᠦᠰ ᠲᠠᠢ | ᠭᠡᠷ᠎ᠡ ᠲᠣᠭᠲᠠᠭᠰᠠᠨ ᠨᠣᠷᠮ᠎ᠠ ᠶᠢ 100% ᠳᠤ ᠬᠦᠷᠭᠡᠵᠤ ᠂ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ ᠃ ᠤᠯᠤᠰ ᠤᠨ ᠦᠨᠳᠤᠰᠤᠲᠠᠨ ᠤ ᠪᠦᠯᠭᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠭᠦᠨᠵᠡᠭᠡᠶ ᠡᠭᠦᠳᠦᠨ ᠪᠠᠶᠢᠭᠤᠯᠵᠤ ᠂ ᠭᠤᠷᠪᠠᠨ ᠲᠦᠷᠦᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ | ᠴᠢᠩᠭᠠᠳᠬᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠠ ᠃ ᠡᠷᠡᠭᠦᠦ ᠶᠢᠨ ᠬᠡᠷᠡᠭ ᠤᠨ ᠲᠦᠮᠡᠨ ᠬᠥᠮᠦᠨ ᠤ ᠳᠤᠳᠤᠷ᠎ᠠ ᠬᠡᠷᠡᠭ ᠭᠠᠷᠤᠭᠰᠠᠨ ᠲᠤᠭ᠎ᠠ ᠪᠦᠬᠦ | ᠬᠤᠳᠠ ᠶᠢᠨ ᠬᠠᠮᠤᠭ ᠤᠨ ᠳᠣᠣᠷ᠎ᠠ ᠬᠡᠮᠵᠢᠶ᠎ᠡ ᠶᠢ ᠦᠷᠭᠦᠯᠵᠢᠯᠡᠨ ᠪᠠᠲᠤᠯᠠᠪᠠ ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢ ᠲᠡᠭᠦᠰ ᠠᠮᠵᠢᠯᠳᠠ ᠲᠠᠢ ᠪᠡᠶᠡᠯᠡᠬᠦᠯᠪᠡ᠃ ᠡᠭᠦᠨ ᠤ ᠬᠠᠮᠲᠤ ᠂ ᠱᠠᠰᠢᠨ ᠰᠤᠷᠲᠠᠬᠤᠨ ᠂ ᠭᠠᠳᠠᠭᠠᠳᠤ ᠶᠠᠪᠤᠳᠠᠯ ᠂ | ᠬᠠᠷᠢᠶᠠᠲᠤ ᠨᠠᠷ ᠤᠨ ᠶᠠᠪᠤᠳᠠᠯ ᠂ ᠲᠤᠭ᠎ᠠ ᠪᠦᠷᠢᠳᠬᠡᠯ ᠂ ᠴᠠᠭ ᠠᠭᠤᠷ ᠂ ᠳᠠᠩᠰᠠ ᠡᠪᠭᠡᠮᠡᠯ ᠲᠡᠦᠬᠡ ᠣᠢᠢᠯᠠᠯᠭ᠎ᠠ ᠵᠡᠷᠭᠡ ᠠᠵᠢᠯ ᠰᠢᠨ᠎ᠡ ᠠᠮᠵᠢᠯᠲᠠ | ᠣᠯᠵᠤ ᠂ ᠡᠮᠡᠭᠲᠡᠶᠢᠴᠦᠳ ᠂ ᠵᠠᠯᠠᠭᠤᠴᠤᠳ ᠪᠠᠭᠠᠴᠤᠳ ᠂ ᠵᠡᠮᠳᠡᠭᠴᠦᠳ ᠂ ᠤᠯᠠᠭᠠᠨ ᠵᠠᠭᠠᠯᠮᠠᠶᠢᠳᠠᠨ ᠂ ᠨᠢᠭᠦᠯᠡᠰᠦᠩᠭᠦᠢ ᠶᠢᠨ ᠦᠢᠯᠡᠰ ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠦᠢᠯᠡᠰ ᠰᠢᠨ᠎ᠡ ᠠᠮᠵᠢᠯᠲᠠ ᠪᠦᠲᠦᠮᠵᠢ ᠤᠯᠪᠠ ᠃ | ᠨᠢᠭᠡ ᠵᠢᠯ ᠤᠨ ᠲᠤᠷᠰᠢ ᠂ ᠪᠢᠳᠡ ᠰᠤᠷᠲᠠᠯ᠂ ᠠᠰᠢᠬᠯᠠᠮᠵᠢ ᠶᠢ ᠰᠠᠶᠢᠵᠢᠷᠠᠭᠤᠯᠬᠤ ᠠᠵᠢᠯ ᠢ ᠬᠦᠴᠦᠯᠡᠨ ᠠᠳᠬᠤᠵᠤ ᠂ ᠲᠦᠷᠦ ᠪᠠᠷᠢᠬᠤ | ᠴᠢᠳᠠᠪᠤᠷᠢ ᠢᠯᠡᠳᠲᠡ ᠰᠠᠶᠢᠵᠢᠷᠠᠪᠠ ᠃ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ ᠂ ︽ ᠣᠭ ᠰᠠᠨᠠᠭ᠎ᠠ ᠪᠠᠨ ᠥᠯᠥ | ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠪᠠ ᠃ ᠬᠠᠤᠯᠢᠵᠢᠯ ᠵᠠᠰᠠᠭ ᠤᠨ ᠤᠷᠳᠤᠨ ᠤ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ ᠂ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠶᠢᠨ ᠬᠠᠣᠯᠢ ᠳᠤ | ᠳᠣᠭᠲᠠᠭᠠᠭᠰᠠᠨ ᠵᠢᠷᠤᠮ ᠢ ᠴᠢᠩᠭ᠎ᠠ ᠭᠦᠢᠴᠡᠳᠬᠡᠵᠦ ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠵᠠᠰᠠᠭ ᠤᠨ ᠤᠷᠳᠤᠨ ᠤ ᠪᠥᠳᠥᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ ᠃ ᠳᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ ᠂ | ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢᠳ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠴᠢᠨᠠᠷᠯᠢᠭ ᠰᠠᠶᠢᠲᠤᠷ ᠰᠢᠢᠳᠪᠦᠷᠢᠯᠡᠵᠦ ᠂ ᠪᠦᠬᠦ ᠵᠢᠯ ᠳᠤ ᠬᠤᠳᠠ ᠲᠣᠭᠤᠷᠢᠭ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢ 91 ᠬᠤᠪᠢ ᠂ ᠤᠯᠤᠰ ᠲᠦᠷᠦ ᠶᠢᠨ ᠵᠦᠪᠯᠡᠯᠭᠡᠨ ᠤ | ᠭᠡᠰᠢᠬᠦᠳ ᠤᠨ ᠰᠠᠨᠠᠯ ᠳᠤᠷᠠᠳᠤᠯᠭ᠎ᠠ ᠶᠢ 64 ᠬᠤᠪᠢ ᠰᠢᠢᠳᠪᠤᠷᠢᠯᠡᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠢᠯᠧᠲ ᠦᠭᠴᠤ ᠪᠠᠳᠤᠯᠠᠬᠤ ᠲᠦᠷᠢᠮ ᠢ ᠬᠢᠨᠠᠮᠠᠭᠠᠶ ᠥᠷᠨᠢᠭᠦᠯᠵᠦ ᠂ | ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠢᠨ᠎ᠡ ᠪᠠᠷ ᠨᠡᠮᠡᠭᠳᠡᠭᠰᠡᠨ ᠵᠢᠭᠠᠨ ᠰᠤᠷᠭᠠᠯᠲᠠ ᠶᠢᠨ ᠠᠰᠠᠷ ᠂ ᠳᠤᠮᠳᠠᠳᠤ ᠤᠯᠤᠰ ᠤᠨ ᠤᠰᠤᠨ | ᠬᠤᠭᠤᠯᠠᠶ ᠶᠢᠨ ᠲᠣᠤᠷ ᠢ ᠰᠠᠭᠤᠭᠠᠯᠢ ᠠᠷᠠᠳ ᠤᠨ ᠲᠣᠭᠤᠷᠢᠭ ᠲᠤ ᠣᠷᠣᠭᠤᠯᠬᠤ ᠵᠡᠷᠭᠡ ᠠᠷᠠᠳ ᠤᠨ ᠠᠮᠢᠳᠤᠷᠠᠯ ᠤᠨ 8 ᠵᠦᠶᠯ ᠤᠨ ᠪᠣᠳᠠᠲᠤ | ᠶᠠᠪᠤᠳᠠᠯ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠪᠠ ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠠ ᠭᠡᠪᠴᠢᠶᠡᠨ ᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ ᠂ ᠲᠥᠪ ᠤᠨ ᠲᠣᠭᠤᠷᠢᠨ ᠪᠠᠶᠢᠴᠠᠭᠠᠬᠤ | ᠳᠤᠭᠤᠢᠢᠯᠠᠩ ᠤᠨ ᠲᠤᠰᠢᠶᠠᠨ ᠰᠢᠶᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠤᠴᠢᠷ ᠶᠠᠪᠤᠳᠠᠯ ᠢ ᠰᠢᠶᠳᠪᠦᠷᠢᠯᠡᠵᠦ ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠵᠠᠰᠠᠪᠠ ᠃ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠢᠵᠢ ᠪᠥᠷᠢᠳᠦᠭᠰᠡᠨ | ᠨᠠᠷᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠭᠡᠯᠪᠡᠷᠢᠴᠢ ᠦᠵᠡᠯ ᠂ ᠨᠤᠶᠠᠨᠴᠢ ᠰᠤᠷᠳᠠᠯ ᠢ ᠦᠷᠭᠦᠯᠵᠢᠯᠡᠨ ᠴᠡᠭᠴᠡᠯᠡᠨ ᠵᠠᠰᠠᠪᠠ ᠃ | 《 ᠠᠷᠪᠢᠯᠠᠨ ᠭᠠᠮᠨᠠᠬᠤ》 ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠂ ᠡᠩ ᠤᠨ ᠴᠢᠨᠠᠷᠲᠠᠶ ᠵᠠᠷᠤᠯᠭ᠎ᠠ ᠪᠠ 《ᠠᠯᠪᠠᠨ ᠤ ᠭᠤᠷᠪᠠᠨ | ᠵᠠᠷᠤᠳᠠᠯ》 ᠤᠨ ᠵᠠᠷᠤᠯᠭ᠎ᠠ ᠨᠢ ᠳᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ 18.1%᠂ 30.6% ᠪᠠᠷ ᠪᠠᠭᠤᠷᠠᠵᠤ ᠂ | ᠵᠠᠰᠠᠭ ᠤᠨ ᠣᠷᠳᠣᠨ ᠤ 《 ᠠᠷᠪᠢᠯᠠᠨ ᠭᠠᠮᠨᠠᠬᠤ》 ᠶᠠᠪᠤᠳᠠᠯ ᠨᠢ ᠠᠷᠠᠳ ᠤᠯᠠᠨ ᠤ 《ᠰᠠᠶᠢᠨ ᠰᠠᠶᠢᠬᠠᠨ ᠠᠮᠢᠳᠤᠷᠠᠬᠤ》 ᠶᠢ ᠴᠢᠳᠠᠬᠤ ᠶᠢᠨ | ᠬᠢᠷᠢ ᠪᠠᠷ ᠪᠠᠲᠤᠯᠠᠪᠠ ᠃ | ᠲᠥᠯᠥᠭᠡᠯᠡᠭᠴᠢᠳ ᠡ︕ ︽ ᠠᠷᠪᠠᠨ ᠭᠤᠷᠪᠠᠳᠤᠭᠠᠷ ᠲᠠᠪᠤᠨ ᠵᠢᠯ ︾ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠲᠠᠪᠤᠨ ᠵᠢᠯ ᠪᠣᠯᠤᠨ᠎ᠠ ᠂ ᠮᠦᠨ ᠴᠦ ᠬᠢᠶ᠎ᠠ ᠪᠠᠭᠰᠢ ᠳᠤ ᠬᠠᠮᠤᠭ ᠤᠨ | ᠣᠨᠴᠠᠭᠠᠢ ᠠᠴᠢ ᠬᠤᠯᠪᠣᠭᠳᠠᠯ ᠲᠠᠢ ᠲᠠᠪᠤᠨ ᠵᠢᠯ ᠪᠣᠯᠤᠨ᠎ᠠ ᠃ ᠪᠢᠳᠡ ᠨᠡᠭᠡᠭᠡᠯᠳᠠ ᠶᠢᠨ ᠤᠷᠦᠠ ᠠᠴᠠ ᠪᠠᠨ ᠬᠤᠳᠠ ᠶᠢᠨ ᠬᠠᠷᠢᠶᠠᠨ ᠤ ᠲᠤᠭᠤᠷᠢᠬ ᠪᠤᠯᠤᠬᠰᠠᠨ | ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ 103 ᠳ᠋ᠤᠭᠠᠷ ᠬᠤᠰᠢᠭᠤ ᠰᠢᠶᠠᠨ ᠤ ᠱᠠᠲᠤᠨ ᠤ ᠵᠠᠰᠠᠭ | ᠵᠠᠬᠢᠷᠭᠠᠨ ᠤ ᠣᠷᠣᠨ ᠪᠣᠯᠵᠠᠢ ᠃ ᠲᠠᠪᠤᠨ ᠵᠢᠯ ᠤᠨ ᠲᠤᠷᠰᠢ ᠂ ᠨᠠᠷᠢᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ ᠪᠠ ᠥᠭᠡᠷᠡᠴᠢᠯᠡᠯᠲᠡ ᠬᠥᠭᠵᠢᠯᠲᠡ | ᠲᠣᠭᠲᠠᠭᠤᠨ ᠪᠠᠶᠢᠳᠠᠯ ᠤᠨ ᠪᠡᠷᠬᠡ ᠬᠠᠲᠠᠭᠤᠵᠢᠯᠲᠠᠶ ᠨᠦᠰᠡᠷ ᠬᠦᠨᠳᠦ ᠡᠭᠦᠷᠭᠡ ᠶᠢᠨ ᠡᠮᠦᠨ᠎ᠡ ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠳᠤᠭᠤᠰᠢᠯᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠂ | ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠦᠷᠦᠭᠳᠡᠯ ᠲᠠᠢ ︽ ᠵᠣᠯ ᠵᠢᠷᠭᠠᠯᠲᠤ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ︾ ᠪᠠᠷ | ᠦᠨᠡᠯᠡᠭᠳᠡᠵᠦ ᠂ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠵᠡᠢ ᠃ | ᠥᠩᠭᠡᠷᠡᠭᠰᠡᠨ ᠲᠠᠪᠤᠨ ᠵᠢᠯ ᠳᠤ ᠂ ᠶᠡᠷᠦᠩᠬᠡᠶᠢᠯᠡᠭᠰᠡᠨ ᠪᠣᠳᠠᠲᠤ ᠬᠦᠴᠦᠨ ᠶᠡᠬᠡᠪᠡᠷ ᠳᠡᠭᠡᠭᠰᠢᠯᠡᠪᠡ ᠃ ᠬᠥᠭᠵᠢᠯᠲᠡ ᠶᠢ ᠢᠮᠠᠭᠲᠠ ᠲᠡᠷᠢᠭᠦᠨ | ᠴᠢᠬᠤᠯᠠ ᠡᠭᠦᠷᠭᠡ ᠪᠣᠯᠭᠠᠵᠤ ᠂ ᠰᠣᠶᠣᠯ ᠵᠤᠭᠠᠴᠠᠯ ᠂ ᠠᠷᠠᠯᠵᠢᠶ᠎ᠠ ᠬᠤᠳᠠᠯᠳᠤᠭ᠎ᠠ ᠬᠠᠮ ᠦᠵᠡᠰᠬᠦᠯᠡᠩ ᠂ ᠶᠡᠷᠦᠩᠬᠡᠢ ᠬᠡᠯᠲᠡᠰ ᠤᠨ ᠠᠵᠤ ᠠᠬᠤᠢ ᠂ ᠡᠷᠡᠭᠦᠯ | ᠮᠡᠨᠳᠦ ᠪᠡᠶ᠎ᠡ ᠰᠤᠪᠢᠯᠠᠯᠲᠠ ᠂ ᠡᠯᠧᠺᠲᠷᠣᠨ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠤᠯᠠᠨ ᠡᠰᠢᠲᠦ ᠠᠵᠤ ᠦᠢᠯᠡᠰ ᠤᠨ ᠳᠤᠬᠳᠠᠯᠴᠠᠭ᠎ᠠ ᠶᠢ | ᠦᠨᠳᠦᠰᠦᠨ ᠳᠡᠭᠡᠨ ᠪᠦᠷᠢᠯᠳᠦᠭᠦᠯᠵᠦ ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠵᠢᠯ ᠳᠤᠮᠳᠠᠴᠢ ᠨᠡᠮᠡᠭᠳᠡᠯ ᠤᠨ ᠬᠤᠷᠳᠤᠴᠠ | 5.3% ᠳᠤ ᠬᠦᠷᠴᠦ ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠤᠯᠭ᠎ᠠ ᠨᠡᠶᠢᠲᠡ 36 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ | ᠮᠥᠩᠭᠦᠨ ᠭᠦᠢᠯᠭᠡᠭᠡ ᠂ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠠᠵᠤ | ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠪᠠᠲᠤᠯᠠᠪᠠ ᠃ | ᠥᠩᠭᠡᠷᠡᠭᠰᠡᠨ ᠲᠠᠪᠤᠨ ᠵᠢᠯ ᠳᠤ᠂ ᠬᠤᠳᠠ ᠶᠢᠨ ᠳᠦᠷᠬᠦ ᠪᠠᠶᠢᠳᠠᠯ ᠦᠷᠭᠦᠯᠵᠢᠯᠡᠨ ᠰᠠᠶᠢᠵᠢᠷᠠᠪᠠ ᠃ ᠵᠡᠭᠦᠨ ᠬᠡᠰᠡᠭ ᠣᠷᠣᠨ ᠂ ᠬᠤᠶᠢᠲᠤ ᠬᠡᠰᠡᠭ | ᠣᠷᠣᠨ ᠢ ᠡᠮᠬᠢ ᠳᠢᠭᠯᠢᠮ ᠲᠠᠢ ᠪᠠᠷ ᠨᠡᠭᠡᠭᠡᠨ ᠬᠥᠭᠵᠢᠭᠦᠯᠬᠦ ᠂ ᠵᠣᠬᠢᠰᠲᠠᠶ ᠪᠥᠳᠥᠭᠡᠨ ᠪᠠᠶᠢᠭᠤᠯᠬᠤ ᠶᠢ ᠠᠬᠢᠭᠤᠯᠵᠤ ᠂ ᠨᠢᠭᠡᠨᠳᠡ ᠪᠠᠶᠢᠭᠤᠯᠤᠭᠰᠠᠨ | ᠲᠠᠯᠠᠪᠠᠢ ᠶᠢ 38.5 ᠲᠡᠭᠰᠢ ᠳᠥᠷᠪᠡᠯᠵᠢᠨ ᠺᠢᠯᠤᠮᠧᠲᠷ ᠬᠦᠷᠲᠡᠯ᠎ᠡ ᠥᠷᠭᠡᠳᠬᠡᠪᠠ ᠃ ᠬᠤᠲᠠ ᠶᠢᠨ ᠰᠡᠯᠪᠢᠨ ᠵᠠᠰᠠᠬᠤ ᠪᠠ ᠰᠢᠨᠡᠳᠬᠡᠬᠦ ᠠᠵᠢᠯ ᠢ ᠶᠡᠬᠡᠪᠡᠷ | ᠭᠡᠷᠡᠭᠵᠢᠬᠦᠯᠵᠤ ᠂ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠂ ᠵᠠᠮ ᠠᠭᠤᠳᠠᠮ ᠲᠠᠯᠠᠪᠠᠶ ᠂ ᠴᠡᠴᠡᠷᠯᠢᠭ ᠤᠨ ᠨᠤᠭᠤᠭᠠᠷᠠᠭᠤᠯᠤᠯᠳᠠ | ᠶᠢᠨ ᠢᠵᠢ ᠪᠥᠷᠢᠳᠦᠭᠦᠯᠬᠦ ᠳᠦᠬᠦᠭᠡᠷᠤᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ ᠃ ᠴᠢᠨᠠᠷᠯᠢᠭ ᠰᠠᠭᠤᠭᠠᠯᠢ ᠠᠷᠠᠳ ᠤᠨ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ ᠂ ᠰᠡᠯᠪᠢᠨ ᠵᠠᠰᠠᠵᠤ ᠥᠭᠡᠷᠡᠴᠢᠯᠡᠬᠦ ᠂ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠴᠢᠨᠠᠷ ᠢ | ᠳᠡᠭᠡᠭᠰᠢᠯᠡᠭᠦᠯᠬᠦ ᠪᠠᠷᠢᠯᠭ᠎ᠠ ᠶᠢ ᠪᠠᠶᠢᠩᠭᠤᠵᠢᠭᠤᠯᠤᠨ ᠬᠡᠷᠡᠭᠵᠢᠭᠦᠯᠵᠦ ᠂ ᠬᠦᠮᠤᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ | ᠲᠦᠢᠯ ᠤᠨ ᠶᠡᠭᠡ ᠪᠠᠷ ᠰᠠᠶᠢᠵᠢᠷᠠᠭᠤᠯᠪᠠ ᠃ ᠶᠡᠭᠡ ᠬᠡᠪᠴᠢᠶᠡᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢ ᠥᠨᠳᠥᠷ ᠪᠠᠷᠢᠮᠵᠢᠶ᠎ᠠ ᠪᠠᠷ | ᠨᠠᠷᠢᠯᠢᠬᠵᠢᠭᠤᠯᠤᠨ ᠥᠷᠨᠢᠭᠦᠯᠵᠦ ᠂ ᠣᠯᠠᠨ ᠠᠴᠠ ᠣᠨᠴᠠᠯᠢᠭᠳᠠᠬᠤ ᠤᠷᠠᠨ ᠰᠡᠳᠬᠢᠮᠵᠢ ᠲᠠᠢ ᠰᠥᠨᠢ ᠶᠢᠨ ᠦᠵᠡᠮᠵᠢ ᠶᠢᠨ ᠭᠡᠷᠡᠯᠳᠦᠬᠦᠯᠭᠡ ᠶᠢ | ᠬᠡᠷᠡᠭᠵᠢᠭᠦᠯᠵᠦ ᠂ ᠬᠤᠲᠠ ᠶᠢᠨ ᠥᠩᠭᠡ ᠦᠵᠡᠮᠵᠢ ᠶᠢ ᠦᠷᠭᠦᠯᠵᠢᠯᠡᠨ ᠰᠢᠨᠡᠳᠬᠡᠪᠡ ᠃ | ᠥᠩᠭᠡᠷᠡᠭᠰᠡᠨ ᠲᠠᠪᠤᠨ ᠵᠢᠯ ᠳᠤ ᠂ ᠠᠮᠢ ᠠᠬᠤᠢ ᠣᠷᠴᠢᠨ ᠲᠣᠭᠤᠷᠢᠨ ᠲᠠᠰᠤᠷᠠᠯᠲᠠ ᠦᠭᠡᠢ ᠰᠢᠯᠢᠳᠡᠭᠵᠢᠪᠡ ᠃ ᠠᠮᠢ ᠠᠬᠤᠶ ᠶᠢ ᠤᠷᠢᠳ ᠢᠶᠠᠷ | ᠪᠤᠳᠤᠯᠬᠢᠯᠠᠨ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ ᠂ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ | ᠰᠠᠶᠢᠲᠤᠷ ᠬᠢᠵᠤ ᠂ ᠠᠭᠠᠷ ᠮᠠᠨᠳᠠᠯ ᠂ ᠤᠰᠤ ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ | ᠠᠬᠢᠭᠤᠯᠤᠨ ᠂ ᠣᠷᠴᠢᠨ ᠳᠤᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ ᠂ ᠵᠢᠯ ᠳᠤᠮᠳᠠᠴᠢ ᠠᠭᠠᠷ ᠰᠠᠶᠢᠵᠢᠷᠠᠬᠰᠠᠨ ᠡᠳᠦᠷ ᠤᠨ ᠲᠤᠭ᠎ᠠ 310 | ᠡᠳᠦᠷ ᠠᠴᠠ ᠳᠠᠪᠠᠪᠠ ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ ᠂ ᠬᠥᠮᠦᠨ ᠳᠤᠮᠳᠠᠴᠢ ᠣᠯᠠᠨ ᠨᠡᠶᠢᠲᠡ ᠶᠢᠨ | ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ 76 ᠲᠡᠭᠰᠢ ᠳᠥᠷᠪᠡᠯᠵᠢᠨ ᠮᠧᠲᠷ ᠲᠤ ᠬᠦᠷᠴᠦ ᠂ ᠪᠥᠬᠦ ᠬᠤᠲᠠ ᠳᠤ ᠨᠢᠭᠡᠳᠦᠭᠡᠷ ᠲᠤ ᠣᠷᠣᠪᠠ ᠃ | ᠬᠤᠲᠠ ᠶᠢᠨ ᠲᠣᠭᠤᠷᠢᠭ ᠤᠨ ᠨᠤᠭᠤᠭᠠᠷᠠᠭᠤᠯᠤᠬᠰᠠᠨ ᠭᠠᠵᠠᠷ ᠪᠦᠷᠬᠦᠴᠡ ᠶᠢᠨ ᠨᠣᠷᠮ᠎ᠠ 41% ᠳᠤ ᠬᠦᠷᠴᠦ ᠂ ︽ ᠳᠥᠷᠪᠡᠨ ᠤᠯᠠᠷᠢᠯ ᠳᠤ | ᠮᠥᠩᠬᠡ ᠨᠣᠭᠤᠭᠠᠷᠠᠵᠤ ᠂ ᠭᠤᠷᠪᠠᠨ ᠤᠯᠠᠷᠢᠯ ᠳᠤ ᠴᠡᠴᠡᠭ ᠳᠡᠯᠭᠡᠷᠡᠬᠦ ︾ ᠶᠢ ᠦᠨᠳᠦᠰᠦᠨ ᠳᠡᠭᠡᠨ ᠪᠡᠶᠡᠯᠡᠭᠦᠯᠪᠡ ᠃ ᠤᠷᠢᠳ ᠬᠤᠵᠢᠳ ᠤᠯᠤᠰ ᠤᠨ | ᠤᠢ ᠰᠢᠭᠤᠢ ᠶᠢᠨ ᠬᠤᠳᠠ ᠂ ᠤᠯᠤᠰ ᠤᠨ ᠴᠡᠴᠡᠷᠯᠢᠭᠵᠢᠭᠦᠯᠦᠭᠰᠡᠨ ᠬᠤᠳᠠ ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠣᠷᠣᠨ ᠵᠡᠷᠭᠡ ᠠᠯᠢ ᠤᠯᠠᠨ ᠢᠷᠠᠭᠤ ᠠᠯᠳᠠᠷ ᠢ ᠬᠦᠷᠳᠡᠵᠡᠢ ᠃ | ᠥᠩᠭᠡᠷᠡᠭᠰᠡᠨ ᠲᠠᠪᠤᠨ ᠵᠢᠯ ᠳᠤ ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢᠯᠡᠳᠲᠡ ᠦᠷ᠎ᠡ ᠪᠦᠲᠦᠮᠵᠢ ᠤᠯᠪᠠ ᠃ | ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠤᠯᠬᠤ ᠶᠢ ᠪᠠᠷᠢᠮᠲᠠᠯᠠᠵᠤ ᠂ ᠪᠠᠶᠢᠭᠤᠯᠤᠮᠵᠢ ᠲᠣᠭᠲᠠᠴᠠ ᠶᠢᠨ ᠬᠡᠮ ᠰᠣᠭᠤᠭ ᠢ ᠬᠦᠴᠦᠯᠡᠨ ᠠᠷᠢᠯᠭᠠᠵᠤ ᠂ | ᠡᠯ᠎ᠡ ᠲᠦᠷᠦᠯ ᠤᠨ ᠬᠢᠨᠠᠨ ᠵᠥᠪᠰᠢᠶᠡᠷᠡᠯ ᠢ ᠨᠡᠶᠢᠳᠡ 23 ᠵᠦᠢᠯ ᠬᠦᠴᠦᠨ ᠦᠭᠡᠢ ᠪᠣᠯᠭᠠᠵᠤ ᠂ 11 ᠵᠦᠢᠯ ᠢ ᠴᠣᠮᠬᠠᠳᠬᠠᠨ ᠨᠡᠶᠢᠯᠡᠭᠦᠯᠵᠦ ᠂ 《 | ᠢᠨᠲ᠋ᠧᠷ ᠰᠦᠯᠵᠢᠶ᠎ᠠ + 》 ᠵᠠᠰᠠᠭ ᠤᠨ ᠶᠠᠪᠤᠳᠠᠯ ᠪᠠ ᠪᠡᠯᠡ ᠣᠷᠣᠭᠤᠯᠤᠯᠲᠠ ᠶᠢᠨ ᠳᠦᠷᠤᠯ ᠵᠤᠶᠢᠯ ᠤᠨ ᠨᠢᠭᠡ ᠦᠷᠳᠡᠭᠡᠴᠢᠯᠡᠭᠰᠡᠨ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠲᠥᠪ ᠢ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ ᠂ ᠠᠵᠤ ᠠᠬᠤᠢᠢᠯᠠᠯ ᠪᠠ ᠤᠯᠠᠨ ᠲᠦᠮᠡᠨ ᠤ ᠤᠴᠢᠷ ᠶᠠᠪᠤᠳᠠᠯ | ᠬᠦᠢᠴᠡᠳᠭᠡᠬᠦ ᠳᠤ ᠲᠦᠬᠦᠮ ᠦᠵᠡᠭᠦᠯᠬᠦ ᠶᠢ ᠶᠡᠭᠡ ᠪᠠᠷ ᠳᠡᠭᠡᠭᠰᠢᠯᠡᠭᠦᠯᠵᠦ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ | ᠰᠢᠯᠢᠳᠡᠭᠵᠢᠭᠦᠯᠪᠡ ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ ᠂ ᠪᠥᠬᠦ ᠬᠤᠲᠠ ᠶᠢᠨ ᠡᠯ᠎ᠡ | ᠬᠤᠰᠢᠭᠤ ᠲᠣᠭᠤᠷᠢᠭ ᠠᠴᠠ 181 ᠵᠠᠰᠠᠭ ᠵᠠᠬᠢᠷᠭᠠᠨ ᠤ ᠣᠷᠣᠨ ᠲᠤᠭ᠎ᠠ ᠶᠢ ᠳᠣᠭᠢᠷᠠᠭᠤᠯᠤᠨ ᠰᠣᠯᠢᠵᠤ ᠂ ᠡᠯ᠎ᠡ ᠲᠥᠷᠥᠯ ᠤᠨ ᠪᠠᠶᠢᠭᠤᠯᠤᠮᠵᠢ ᠶᠢ | ᠵᠣᠬᠢᠶᠠᠨ ᠪᠠᠶᠢᠭᠤᠯᠵᠤ ᠠᠵᠢᠯᠯᠠᠭᠤᠯᠬᠤ ᠶᠢ ᠪᠥᠬᠦ ᠲᠠᠯ᠎ᠠ ᠪᠠᠷ ᠪᠠᠲᠤᠯᠠᠪᠠ ᠃ | ᠥᠩᠭᠡᠷᠡᠭᠰᠡᠨ ᠲᠠᠪᠤᠨ ᠵᠢᠯ ᠳᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠰᠤᠷᠠᠯᠲᠠ ᠦᠭᠡᠢ ᠨᠡᠮᠡᠭᠳᠡᠵᠡᠢ ᠃ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ ᠂ ᠠᠷᠠᠳ ᠤᠨ ᠣᠷᠤᠯᠭ᠎ᠠ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ ᠂ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠤᠯᠭ᠎ᠠ ᠵᠢᠯ ᠳᠤᠮᠳᠠᠴᠢ ᠪᠠᠷ 5.7% ᠪᠠᠷ ᠨᠡᠮᠡᠭᠳᠡᠪᠡ ᠃ ᠪᠥᠬᠦ | ᠳᠤᠭᠤᠷᠢᠭ ᠤᠨ ᠬᠦᠴᠦᠨ ᠢ ᠨᠢᠬᠳᠠᠷᠠᠭᠤᠯᠤᠨ ᠰᠢᠯᠢᠳᠡᠭ ᠰᠤᠷᠭᠠᠨ ᠬᠥᠮᠦᠵᠢᠯ ᠢ ᠬᠦᠭᠵᠢᠬᠦᠯᠤᠨ ᠂ ᠬᠢᠶ᠎ᠠ ᠪᠠᠭᠰᠢ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ | ᠨᠢᠭᠡ ᠪᠦᠯᠦᠭ ᠰᠤᠷᠭᠠᠭᠤᠯᠢ ᠶᠢ ᠬᠤᠲᠠ ᠶᠢᠨ ᠳᠣᠲᠣᠷᠠᠬᠢ ᠨᠠᠷᠠᠲᠤ ᠰᠤᠷᠭᠠᠭᠤᠯᠢ ᠪᠣᠯᠭᠠᠵᠤ ᠂ ᠰᠠᠭᠤᠷᠢ ᠰᠤᠷᠭᠠᠨ ᠬᠥᠮᠦᠵᠢᠯ ᠤᠨ ᠬᠢᠷᠢ ᠳᠦᠪᠰᠢᠨ ᠨᠢ | ᠪᠥᠬᠦ ᠬᠤᠲᠠ ᠶᠢᠨ ᠨᠢᠭᠡᠳᠦᠭᠡᠷ ᠲᠤ ᠲᠣᠭᠲᠠᠭᠤᠨ ᠢᠶᠠᠷ ᠣᠷᠣᠵᠤ ᠂ ᠰᠤᠷᠭᠠᠭᠤᠯᠢ ᠳᠤ ᠪᠠᠶᠢᠭ᠎ᠠ ᠪᠠᠭᠰᠢ ᠰᠣᠷᠣᠭᠴᠢ ᠶᠢᠨ ᠪᠥᠬᠦ ᠲᠤᠭ᠎ᠠ 5.3 | ᠲᠦᠮᠡ ᠶᠢ ᠳᠠᠪᠠᠪᠠ ᠃ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠬᠳᠠᠯᠴᠠᠭ᠎ᠠ ᠪᠣᠯᠤᠨ ᠤᠯᠠᠨ ᠨᠡᠶᠢᠳᠡ ᠶᠢᠨ ᠰᠣᠶᠣᠯ ᠤᠨ | ᠦᠢᠯᠡᠴᠢᠯᠡᠭᠡᠨ ᠤ ᠳᠤᠬᠳᠠᠯᠴᠠᠭ᠎ᠠ ᠲᠠᠰᠤᠷᠠᠯᠳᠠ ᠥᠭᠡᠢ ᠲᠡᠭᠦᠯᠳᠡᠷᠵᠢᠪᠡ ᠃ ︽ᠠᠮᠤᠭᠤᠯᠠᠩ ᠬᠢᠶ᠎ᠠ ᠪᠠᠭᠰᠢ ︾ ᠶᠢᠨ ᠪᠦᠳᠤᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ ᠂ ᠨᠡᠶᠢᠭᠡᠮ ᠤᠨ ᠪᠦᠬᠦ | ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠂ ᠵᠣᠯ ᠵᠢᠷᠭᠠᠯᠲᠤ ᠲᠦᠷᠦᠭᠳᠡᠯ | ᠪᠣᠯᠤᠨ ᠠᠮᠤᠷ ᠳᠦᠪᠰᠢᠨ ᠤ ᠲᠥᠷᠦᠭᠳᠡᠯ ᠢᠯᠡᠳᠲᠡ ᠴᠢᠩᠭᠠᠷᠠᠪᠠ ᠃ | ᠳᠦᠯᠦᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠪᠡᠯ᠂ ᠡᠷᠡᠮᠡᠭᠡᠶᠢᠯᠡᠨ ᠤᠷᠤᠭᠰᠢᠯᠠᠭᠰᠠᠨ ᠥᠩᠭᠡᠷᠡᠯᠲᠡ ᠨᠢ ᠬᠥᠮᠦᠰ ᠲᠤ | ᠮᠠᠷᠲᠠᠭᠳᠠᠰᠢ ᠦᠭᠡᠢ ᠶᠤᠮ ᠂ ᠬᠥᠭᠵᠢᠯᠲᠡ ᠶᠢᠨ ᠦᠷ᠎ᠡ ᠪᠦᠲᠦᠭᠡᠯ ᠢ ᠬᠢᠯᠪᠠᠷᠬᠠᠨ ᠢᠶᠠᠷ ᠣᠯᠤᠭᠰᠠᠨ ᠪᠢᠰᠢ ᠶᠤᠮ ᠃ ᠪᠢᠳᠠ ᠵᠠᠰᠠᠭ ᠤᠨ ᠣᠷᠳᠣᠨ ᠤ | ᠠᠵᠢᠯ ᠢ ᠤᠯᠠᠮ ᠨᠢᠭᠡ ᠠᠯᠬᠤᠮ ᠠᠬᠢᠭᠤᠯᠤᠨ ᠂ ᠡᠯ᠎ᠡ ᠳᠦᠷᠤᠯ ᠤᠨ ᠠᠵᠢᠯ ᠦᠢᠯᠡᠰ ᠠᠮᠵᠢᠯᠲᠠ ᠤᠯᠬᠤ ᠪᠤᠯᠭᠠᠨ ᠂ ᠴᠦᠮ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠠᠴᠠ ᠪᠤᠯᠵᠠᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠂ ᠳᠤᠭᠤᠷᠢᠭ ᠤᠨ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ | ᠰᠢᠶᠳᠪᠦᠷᠢᠲᠦ ᠪᠣᠳᠣᠯᠭ᠎ᠠ ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠶ ᠬᠢᠨᠠᠯᠲᠠ ᠂ ᠳᠤᠭᠤᠷᠢᠭ ᠤᠨ ᠤᠯᠤᠰ | ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠂ ᠥᠩᠭᠡᠷᠡᠭᠰᠡᠨ ᠬᠤᠭᠤᠴᠠᠭᠠᠨ ᠤ ᠨᠠᠮ ᠤᠨ ᠠᠵᠢᠯᠯᠠᠬᠤ ᠬᠤᠷᠢᠶ᠎ᠠ ᠂ ᠬᠠᠮᠢᠶᠠᠷᠤᠯᠲᠠ ᠶᠢᠨ | ᠵᠥᠪᠯᠡᠯ ᠤᠨ ᠤᠳᠤᠷᠢᠳᠬᠤ ᠪᠠᠭ ᠤᠨ ᠴᠦᠬᠦᠷᠡᠯ ᠦᠭᠡᠢ ᠴᠢᠷᠮᠠᠶᠢᠯᠭ᠎ᠠ ᠂ ᠪᠥᠬᠦ ᠳᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠤ ᠰᠢᠨᠲᠠᠷᠠᠰᠢ ᠥᠬᠡᠶ ᠰᠢᠷᠭᠠᠭᠤ ᠴᠢᠷᠮᠠᠶᠢᠯᠭ᠎ᠠ ᠪᠠᠷ ᠤᠯᠤᠬᠰᠠᠨ ᠭᠡᠳᠡᠭ ᠢ ᠦᠨᠡᠨᠬᠦ ᠤᠶᠢᠯᠠᠭᠠᠨ ᠮᠡᠳᠡᠯ᠎ᠠ ᠃ | ᠠᠳᠡ ᠂ ᠪᠢ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠪᠦᠬᠦ ᠳᠤᠭᠤᠷᠢᠭ ᠤᠨ ᠦᠨᠳᠦᠰᠦᠲᠡᠨ ᠨᠦᠭᠦᠳ ᠤᠨ | ᠺᠠᠳ᠋ᠷ ᠤᠯᠠᠨ ᠲᠦᠮᠡᠨ ᠂ ᠨᠠᠮ ᠪᠦᠯᠦᠭ ᠤᠨ ᠪᠤᠰᠤ ᠬᠥᠮᠦᠰ ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠠᠷᠠᠳ ᠤᠨ ᠪᠦᠯᠬᠦᠮ ᠪᠣᠯᠤᠨ ᠠᠬᠠᠮᠠᠳ | ᠨᠥᠬᠦᠳ ᠲᠤ ᠂ ᠵᠠᠰᠠᠭ ᠤᠨ ᠣᠷᠳᠣᠨ ᠤ ᠠᠵᠢᠯ ᠳᠤ ᠬᠢᠨᠠᠯᠲᠠ ᠲᠠᠯᠪᠢᠵᠤ ᠳᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠂ ᠬᠢᠶ᠎ᠠ ᠪᠠᠭᠰᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠳᠤ | ᠣᠷᠣᠯᠴᠠᠭᠰᠠᠨ ᠪᠤᠢ ᠪᠦᠬᠦᠢ ᠠᠵᠤ ᠠᠬᠤᠶᠢᠯᠠᠯᠳᠠᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ ︕ | ᠠᠮᠵᠢᠯᠲᠠ ᠪᠠᠨ ᠨᠤᠲᠠᠯᠠᠬᠤ ᠶᠢᠨ ᠬᠠᠮᠲᠤ ᠂ ᠪᠢᠳᠠ ᠪᠠᠰᠠ ᠣᠳᠣᠬᠠᠨ ᠳᠤ ᠬᠢᠶ᠎ᠠ ᠪᠠᠭᠰᠢ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠭ᠎ᠠ ᠶᠢ ᠰᠡᠷᠭᠡᠭ ᠢᠶᠠᠷ ᠤᠯᠵᠤ ᠳᠠᠨᠢᠪᠠ ᠄ ᠠᠵᠤ ᠠᠬᠤᠶ ᠶᠢᠨ | ᠪᠠᠭᠲᠠᠭᠠᠮᠵᠢ ᠪᠠᠰᠠ ᠨᠡᠯᠢᠶᠡᠳ ᠪᠠᠭ᠎ᠠ ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠬᠦ ᠲᠣᠪᠤᠶᠢᠮ᠎ᠠ ᠪᠠᠶᠢᠨ᠎ᠠ ︔ ᠠᠵᠤ | ᠦᠢᠯᠡᠰ ᠤᠨ ᠬᠥᠭᠵᠢᠯᠲᠡ ᠶᠢ ᠳᠠᠭᠠᠭᠠᠵᠤ ᠳᠡᠶᠢᠯᠬᠦ ᠣᠷᠣᠨ ᠵᠠᠢ ᠬᠠᠷᠢᠴᠠᠩᠭᠤᠢ ᠪᠠᠷ ᠳᠤᠲᠠᠮᠠᠭ ᠂ ᠠᠵᠤ ᠦᠢᠯᠡᠰ ᠤᠨ ᠪᠦᠲᠦᠴᠡ ᠪᠠᠰᠠ ᠵᠦᠢ | ᠵᠣᠬᠢᠰᠲᠠᠢ ᠪᠤᠰᠤ ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠳᠡᠭᠡᠳᠦ ᠲᠡᠰ ᠤᠨ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠶᠢᠨ | ᠨᠤᠷᠮ᠎ᠠ ᠨᠡᠯᠢᠶᠡᠳ ᠳᠣᠣᠷ᠎ᠠ ᠪᠠᠶᠢᠨ᠎ᠠ ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠲᠣᠭᠲᠠᠴᠠ ᠬᠠᠷᠠᠬᠠᠨ ᠲᠡᠭᠦᠯᠳᠡᠷᠵᠢᠭᠡᠳᠦᠢ ᠂ | ᠴᠢᠳᠠᠪᠤᠷᠢᠲᠠᠨ ᠤ ᠳᠤᠲᠠᠭᠤᠳᠠᠯ ᠢ ᠨᠥᠬᠦᠪᠥᠷᠢᠯᠡᠬᠦ ᠴᠢᠬᠤᠯᠠᠲᠠᠢ ᠪᠠᠶᠢᠨ᠎ᠠ ︔ ᠬᠤᠳᠠ ᠶᠢᠨ ᠰᠠᠭᠤᠷᠢ ᠲᠥᠬᠦᠭᠡᠷᠦᠮᠵᠢ ᠶᠢᠨ ᠳᠠᠭᠠᠭᠠᠴᠠ ᠶᠢᠨ ᠴᠢᠳᠠᠪᠤᠷᠢ | ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠰᠠ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ︔ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ ᠃ ᠡᠳᠡᠭᠡᠷ ᠠᠰᠠᠭᠤᠳᠠᠯ ᠢ | ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠠᠰᠠᠭᠤᠳᠠᠯ ᠳᠤ ᠰᠢᠭᠤᠳ ᠬᠠᠨᠳᠤᠵᠤ ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ | ᠬᠦ ᠰᠢᠶᠳᠪᠦᠷᠢᠯᠡᠨ᠎ᠡ ᠃ | ᠬᠤᠶᠠᠷ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠲᠠ ᠡᠭᠦᠷᠭᠡ | ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠵᠦ ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ ᠂ ᠢᠯᠠᠯᠲᠠ ᠶᠢᠨ ᠡᠷᠴᠢᠨ ᠳᠡᠭᠡᠷ᠎ᠡ ᠪᠠᠨ | ᠤᠷᠤᠭᠰᠢᠯᠠᠵᠤ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠤᠨ ᠂ | ᠬᠤᠶᠠᠳᠠᠬᠢ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠪᠣᠯᠤᠨ᠎ᠠ ︔ ᠬᠢᠶ᠎ᠠ ᠪᠠᠭᠰᠢ ᠲᠣᠭᠤᠷᠢᠭ ᠤᠨ ᠬᠢᠨ | ᠰᠢᠨ᠎ᠡ ᠬᠥᠭᠵᠢᠯᠲᠡ ᠶᠢᠨ ᠣᠢᠢᠯᠠᠭᠠᠭᠳᠠᠬᠤᠨ ᠢᠶᠠᠷ ᠵᠢᠯᠤᠭᠤᠳᠤᠯᠭ᠎ᠠ ᠪᠣᠯᠭᠠᠵᠤ ᠂ ᠰᠢᠨ᠎ᠡ ᠬᠥᠭᠵᠢᠯᠲᠡ ᠶᠢᠨ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ ᠂ ᠳᠠᠪᠠᠭᠤᠯᠢᠭ ᠢᠶᠠᠨ ᠪᠠᠳᠠᠷᠠᠭᠤᠯᠤᠨ ᠂ ᠳᠤᠲᠠᠭᠤᠳᠠᠯ ᠢᠶᠠᠨ ᠨᠥᠬᠦᠪᠥᠷᠢᠯᠡᠵᠦ ᠂ ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠠᠵᠤ ᠠᠬᠤᠢ ᠶᠢᠨ ᠳᠤᠬᠳᠠᠯᠴᠠᠭ᠎ᠠ ᠶᠢ ᠬᠦᠴᠦᠯᠡᠨ ᠪᠠᠶᠢᠭᠤᠯᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ ᠃ ᠣᠳᠣᠬᠠᠨ ᠳᠤ ᠬᠢᠵᠢᠭ ᠤᠨ | ᠪᠠᠶᠢᠳᠠᠯ ᠤᠨ ᠨᠥᠯᠥᠭᠡ ᠮᠥᠨ ᠬᠦ ᠦᠷᠭᠦᠯᠵᠢᠯᠡᠵᠦ ᠂ ᠳᠡᠯᠡᠬᠡᠶ ᠶᠢᠨ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠵᠤ ᠂ ᠪᠦᠬᠦ | ᠪᠥᠮᠪᠥᠷᠴᠡᠭ ᠤᠨ ᠠᠵᠤ ᠠᠬᠤᠶ ᠮᠥᠨ ᠬᠦ ᠤᠷᠤᠭᠤᠳᠠᠯ ᠲᠠᠢ ᠪᠠᠶᠢᠭᠰᠠᠭᠠᠷ ᠃ ᠭᠡᠰᠡᠨ ᠴᠦ ᠂ ᠤᠯᠤᠰ ᠤᠨ ᠳᠣᠲᠣᠭᠠᠳᠤ ᠶᠢᠨ ᠠᠵᠤ ᠠᠬᠤᠶ | ᠲᠣᠭᠲᠠᠭᠤᠨ ᠤ ᠳᠤᠮᠳᠠ ᠰᠠᠶᠢᠵᠢᠷᠠᠵᠤ ᠂ ᠤᠷᠲᠤ ᠬᠤᠭᠤᠴᠠᠭ᠎ᠠ ᠪᠠᠷ ᠰᠠᠶᠢᠵᠢᠷᠠᠭᠰᠠᠨ ᠦᠨᠳᠦᠰᠦᠨ ᠬᠠᠨᠳᠤᠰᠢ ᠬᠤᠪᠢᠷᠬᠠᠰᠠᠨ ᠦᠭᠡᠶ ᠂ ᠬᠢᠶ᠎ᠠ ᠪᠠᠭᠰᠢ ᠨᠢ | ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠂ ᠬᠥᠬᠡᠬᠤᠲᠠ ᠪᠤᠭᠤᠲᠤ ᠤᠷᠳᠤᠰ | ᠲᠡᠮᠡᠭᠡᠲᠦ ᠶᠢᠨ ᠵᠤᠬᠢᠴᠠᠩᠭᠤᠢ ᠬᠦᠭᠵᠢᠯᠳᠡ ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠢ ᠨᠢᠭᠡ ᠴᠤᠬᠴᠠᠵᠢᠭᠤᠯᠬᠤ ᠵᠡᠷᠭᠡ ᠠᠯᠢ ᠤᠯᠠᠨ ᠤᠯᠤᠰ ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠳᠠᠪᠬᠤᠴᠠᠭᠰᠠᠨ ᠤᠬᠢ ᠰᠠᠶᠢᠨ ᠠᠵᠠ ᠲᠣᠬᠢᠶᠠᠯ ᠤᠨ ᠢᠷᠡᠭᠡᠳᠦᠢ | ᠬᠤᠪᠢᠷᠠᠭ᠎ᠠ ᠦᠭᠡᠢ ᠂ ᠪᠢᠳᠠᠨ ᠤ ︽ ᠠᠮᠢ ᠠᠬᠤᠢ ᠶᠢ ᠤᠷᠢᠳ ᠢᠶᠠᠷ ᠪᠤᠳᠤᠯᠬᠢᠯᠠᠨ ᠂ ᠪᠣᠬᠢᠷᠲᠤᠯ ᠦᠭᠡᠢ ᠬᠥᠭᠵᠢᠭᠦᠯᠬᠦ ︾ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠢᠲᠡᠭᠡᠯ ᠵᠣᠷᠢᠭ ᠬᠤᠪᠢᠷᠠᠭ᠎ᠠ ᠦᠭᠡᠢ ᠪᠠᠶᠢᠬᠰᠠᠭᠠᠷ ᠃ ᠬᠤᠶᠢᠰᠢᠳᠠ ᠶᠢᠨ | ᠲᠠᠪᠤᠨ ᠵᠢᠯ ᠳᠤ ᠂ ᠬᠢᠶ᠎ᠠ ᠪᠠᠭᠰᠢ ᠨᠢ ᠭᠤᠣᠯᠯᠠᠬᠤ ᠠᠵᠤ ᠦᠢᠯᠡᠰ ᠢ ᠪᠠᠶᠢᠭᠤᠯᠬᠤ ᠴᠤᠩᠬᠤᠪᠴᠢ ᠶᠢᠨ ᠬᠤᠭᠤᠴᠠᠭ᠎ᠠ ᠂ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠪᠣᠭᠤᠮᠲᠠ ᠰᠢᠪᠲᠤᠯᠬᠤ ᠬᠤᠭᠤᠴᠠᠭ᠎ᠠ ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ | ᠦᠨᠳᠦᠰᠦ ᠶᠢ ᠪᠠᠬᠢᠵᠢᠭᠦᠯᠬᠦ ᠵᠠᠩᠭᠢᠯᠠᠭ᠎ᠠ ᠶᠢᠨ ᠬᠤᠭᠤᠴᠠᠭ᠎ᠠ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠵᠠ ᠲᠣᠬᠢᠶᠠᠯᠳᠤ | ᠬᠤᠭᠤᠴᠠᠭ᠎ᠠ ᠳᠤ ᠤᠷᠤᠰᠢᠵᠤ ᠪᠠᠶᠢᠭ᠎ᠠ ᠪᠣᠯᠬᠤᠷ ᠯᠠᠪᠲᠠᠢ ᠶᠡᠭᠡ ᠦᠢᠯᠡᠰ ᠪᠦᠲᠦᠭᠡᠬᠦ ᠮᠦᠷᠳᠡᠭᠡᠨ ᠶᠡᠬᠡᠪᠡᠷ ᠵᠢᠳᠬᠦᠯ ᠴᠢᠷᠮᠠᠶᠢᠯᠭ᠎ᠠ ᠭᠠᠷᠭᠠᠬᠤ ᠶᠤᠮ ᠃ ᠪᠢᠳᠡ | ᠰᠠᠨᠠᠭᠠᠰᠢᠷᠠᠬᠤ ᠤᠬᠠᠮᠰᠠᠷ ᠢᠶᠠᠨ ᠨᠡᠮᠡᠭᠳᠡᠭᠦᠯᠦᠨ ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠴᠢᠯᠥᠭᠡᠯᠡᠵᠦ ᠂ ᠬᠥᠭᠵᠢᠯᠲᠡ ᠶᠢᠨ ᠰᠢᠨ᠎ᠡ ᠪᠠᠶᠢᠳᠠᠯ ᠤᠨ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ ᠂ ᠥᠪᠡᠷ ᠤᠨ ᠶᠠᠪᠤᠳᠠᠯ ᠢᠶᠠᠨ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠲᠤᠰ ᠪᠡᠶ᠎ᠡ ᠶᠢᠨ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠢᠶᠠᠨ ᠭᠠᠳᠠᠭᠠᠳᠤ ᠣᠷᠴᠢᠨ | ᠠᠬᠤᠢ ᠶᠢᠨ ᠲᠣᠭᠲᠠᠭᠠᠯᠲᠤ ᠪᠤᠰᠤ ᠴᠢᠨᠠᠷ ᠢ ᠪᠦᠲᠦᠮᠵᠢᠲᠡᠶ ᠪᠠᠷ ᠠᠷᠭᠠᠴᠠᠭᠠᠵᠤ ᠂ ᠬᠢᠮᠤᠷᠠᠯ ᠤᠨ ᠳᠤᠮᠳᠠ ᠠᠵᠠ ᠲᠣᠬᠢᠶᠠᠯ ᠢ ᠪᠤᠢ ᠪᠣᠯᠭᠠᠵᠤ ᠂ | ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠶ ᠪᠠᠶᠢᠨ᠎ᠠ ᠃ | ᠳᠤᠭᠤᠷᠢᠭ ᠤᠨ ᠨᠠᠮ ᠤᠨ ᠬᠤᠷᠢᠶ᠎ᠠ ᠶᠢᠨ ︽ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ 2035 ᠣᠨ ᠤ ᠠᠯᠤᠰ ᠭᠡᠳᠤ ᠶᠢᠨ ᠬᠠᠷᠠᠯᠲᠠ ᠶᠢ ᠲᠣᠭᠲᠠᠭᠠᠬᠤ ᠲᠤᠬᠠᠶ | ᠰᠠᠨᠠᠭᠤᠯᠭ᠎ᠠ ︾ ᠶᠢ ᠦᠨᠳᠦᠰᠦᠯᠡᠨ ᠂ ᠪᠢᠳᠡ ︽ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ 2035 ᠣᠨ ᠤ ᠠᠯᠤᠰ ᠭᠡᠳᠤ | ᠶᠢᠨ ᠬᠠᠷᠠᠯᠲᠠ ᠶᠢᠨ ᠬᠥᠲᠥᠯᠪᠦᠷᠢ ︵ ᠲᠥᠰᠦᠯ ︶ ︾ ᠶᠢ ᠨᠠᠶᠢᠷᠠᠭᠤᠯᠤᠨ ᠵᠣᠬᠢᠶᠠᠵᠤ ᠂ ᠲᠣᠰ ᠤᠳᠠᠭᠠᠨ ᠤ ᠶᠡᠭᠡ ᠬᠤᠷᠠᠯᠳᠤᠭᠠᠨ ᠳᠤ | ᠳᠡᠪᠰᠢᠬᠦᠯᠤᠨ ᠬᠠᠮᠳᠤᠪᠠᠷ ᠬᠢᠨᠠᠨ ᠵᠦᠪᠯᠡᠬᠦᠯᠪᠠ ᠃ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠂ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠠᠴᠠ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | 《 ᠬᠦᠳᠤᠯᠪᠤᠷᠢ 》 ᠳᠤ ᠂ 2035 ᠣᠨ ᠪᠣᠯᠬᠤ ᠳᠤ ᠂ ᠪᠦᠬᠦ ᠳᠤᠭᠤᠷᠢᠭ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠦᠬᠦ | ᠬᠤᠲᠠ ᠶᠢᠨ ᠳᠤᠮᠳᠠ ᠵᠡᠷᠭᠡ ᠠᠴᠠ ᠳᠡᠭᠡᠭᠰᠢᠬᠢ ᠬᠢᠷᠢ ᠲᠦᠪᠰᠢᠨ ᠳᠤ ᠬᠦᠷᠭᠡᠵᠦ ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ | ᠬᠤᠲᠠ ᠶᠢᠨ ᠡᠮᠦᠨ᠎ᠡ ᠡᠩᠨᠡᠭᠡᠨ ᠳᠤ ᠤᠷᠤᠭᠤᠯᠤᠨ ᠂ ᠬᠥᠮᠦᠨ ᠠᠮᠠ ᠶᠢᠨ ᠬᠡᠪᠴᠢᠶ᠎ᠡ ᠶᠢ ᠬᠤᠶᠠᠷ ᠳᠠᠭᠢᠨ ᠢᠶᠠᠷ ᠨᠡᠮᠡᠭᠳᠡᠭᠦᠯᠵᠦ ᠂ ᠬᠤᠳᠠ ᠶᠢᠨ | ᠣᠷᠴᠢᠨ ᠲᠣᠭᠤᠷᠢᠨ ᠪᠣᠯᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠳᠦᠪᠰᠢᠨ ᠢ ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠳᠤ ᠬᠦᠷᠭᠡᠨ ᠂ | ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠢᠷᠢ ᠳᠦᠪᠰᠢᠨ ᠳᠤ ᠬᠦᠷᠭᠡᠵᠤ ᠂ ᠬᠢᠶ᠎ᠠ | ᠪᠠᠭᠰᠢ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠬᠤᠳᠠ ᠂ ᠰᠢᠨ᠎ᠡ ᠮᠠᠶ᠋ᠢᠭ ᠤᠨ ᠤᠶᠤᠨᠴᠢ ᠬᠤᠳᠠ ᠂ ᠣᠷᠣᠨ | ᠪᠦᠰᠡ ᠶᠢᠨ ᠴᠢᠨᠠᠷᠲᠠᠶ ᠶᠡᠷᠦᠩᠬᠡᠶ ᠬᠡᠯᠲᠡᠰ ᠤᠨ ᠮᠥᠩᠭᠦᠨ ᠭᠦᠢᠯᠭᠡᠭᠡᠨ ᠤ ᠲᠥᠪ ᠪᠣᠯᠤᠨ ᠵᠣᠯ ᠵᠢᠷᠭᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ | ᠬᠤᠳᠠ ᠪᠤᠯᠭᠠᠨ ᠪᠥᠳᠥᠭᠡᠨ ᠪᠠᠶᠢᠭᠤᠯᠵᠤ ᠂ ᠪᠥᠬᠦ ᠬᠤᠳᠠ ᠳᠤ ᠳᠦᠷᠦᠬᠦᠯᠡᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ ᠂ ᠤᠷᠳᠤᠰ ᠤᠨ ᠤᠳᠤ ᠦᠶ᠎ᠡ ᠶᠢᠨ ᠨᠡᠷᠡᠳᠤ ᠬᠤᠳᠠ ᠶᠢᠨ ᠵᠢᠱᠢᠶ᠎ᠡ ᠦᠵᠡᠭᠦᠯᠬᠦ ᠣᠷᠣᠨ ᠪᠤᠯᠭᠠᠨ ᠪᠦᠳᠤᠭᠡᠨ ᠪᠠᠶᠢᠭᠤᠯᠤᠨ᠎ᠠ ᠭᠡᠵᠤ | ᠳᠤᠷᠠᠳᠴᠠᠢ ᠃ | 2035 ᠣᠨ ᠤ ᠠᠯᠤᠰ ᠭᠡᠳᠤ ᠶᠢᠨ ᠬᠠᠷᠠᠯᠲᠠ ᠪᠠᠨ ᠲᠣᠭᠲᠠᠭᠠᠵᠤ ᠂ ᠬᠤᠶᠢᠰᠢᠳᠠ ᠶᠢᠨ ᠲᠠᠪᠤᠨ ᠵᠢᠯ ᠳᠤ ᠂ ᠪᠢᠳᠡ ᠰᠢᠨ᠎ᠡ | ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠂ ᠲᠣᠭᠲᠠᠭᠤᠨ ᠤ | ᠳᠤᠮᠳᠠ ᠤᠷᠤᠭᠰᠢᠯᠠᠬᠤ ᠶᠡᠷᠦᠩᠬᠡᠶ ᠬᠥᠭ ᠠᠶᠠᠰ ᠢ ᠪᠠᠷᠢᠮᠲᠠᠯᠠᠨ ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠂ ᠰᠢᠨ᠎ᠡ | ᠬᠥᠭᠵᠢᠯᠲᠡ ᠶᠢᠨ ᠣᠢᠢᠯᠠᠭᠠᠭᠳᠠᠬᠤᠨ ᠢ ᠪᠠᠷᠢᠮᠲᠠᠯᠠᠨ ᠳᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠳᠠᠯ ᠳᠤ ᠠᠭᠤᠰᠤᠯᠴᠠᠬᠤ ᠶᠢ | ᠪᠠᠷᠢᠮᠲᠠᠯᠠᠵᠤ ᠂ ᠦᠵᠡᠯ ᠰᠠᠨᠠᠭ᠎ᠠ ᠪᠠᠨ ᠴᠢᠯᠥᠭᠡᠯᠡᠬᠦ ᠪᠠᠨ ᠴᠦᠬᠦᠷᠡᠯ ᠦᠭᠡᠢ ᠪᠠᠷᠢᠮᠲᠠᠯᠠᠨ ᠂ ᠥᠭᠡᠷᠡᠴᠢᠯᠡᠯᠲᠡ ᠨᠡᠭᠡᠭᠡᠯᠲᠡᠶᠢ ᠦᠷᠭᠦᠯᠵᠢᠯᠡᠨ | ᠭᠦᠨᠵᠡᠭᠡᠶᠢᠷᠡᠭᠦᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠤᠷᠢᠳᠠᠪᠠᠷ ᠬᠡᠷᠡᠭᠵᠢᠭᠦᠯᠬᠦ ᠬᠤᠲᠠ ᠂ ᠰᠢᠨ᠎ᠡ ᠬᠡᠯᠪᠡᠷᠢ ᠶᠢᠨ ᠬᠡᠷᠡᠭᠯᠡᠭᠡᠨ ᠤ | ᠵᠢᠱᠢᠶ᠎ᠡ ᠦᠵᠡᠭᠦᠯᠬᠦ ᠬᠤᠲᠠ ᠂ ᠣᠲᠣ ᠦᠶ᠎ᠡ ᠶᠢᠨ ᠬᠤᠳᠠᠯᠳᠤᠭᠠᠨ ᠤ ᠶᠠᠪᠤᠳᠠᠯ ᠤᠨ ᠲᠥᠪᠯᠡᠷᠡᠭᠰᠡᠨ ᠬᠤᠲᠠ ᠂ ᠵᠣᠯ ᠵᠢᠷᠭᠠᠯᠲᠤ ᠣᠷᠣᠰᠢᠨ | ᠰᠠᠭᠤᠬᠤ ᠳᠤ ᠲᠣᠬᠢᠷᠠᠮᠵᠢᠲᠠᠶ ᠥᠯᠢᠭᠡᠷ ᠳᠠᠭᠤᠷᠢᠶᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠪᠥᠬᠦ | ᠳᠤᠭᠤᠷᠢᠭ ᠤᠨ ᠠᠵᠤ ᠠᠬᠤᠢ ᠶᠢᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠬᠤ ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠰᠢᠨ᠎ᠡ ᠦᠨᠳᠤᠷ | ᠳᠦᠪᠰᠢᠨ ᠳᠤ ᠬᠦᠷᠭᠡᠬᠦ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠰᠢᠨ᠎ᠡ ᠳᠠᠪᠠᠭᠤᠯᠢᠭ ᠢ ᠪᠣᠶ ᠪᠣᠯᠭᠠᠬᠤ ᠂ ᠬᠤᠲᠠ ᠶᠢᠨ ᠵᠡᠷᠭᠡ | ᠳᠡᠰ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠬᠢᠷᠢ ᠳᠦᠪᠰᠢᠨ ᠳᠤ ᠬᠦᠷᠭᠡᠬᠦ ᠂ | ᠨᠡᠶᠢᠭᠡᠮ ᠤᠨ ᠵᠠᠰᠠᠯᠲᠠ ᠶᠢ ᠰᠢᠨ᠎ᠡ ᠳᠡᠭᠡᠭᠰᠢᠯᠡᠯᠲᠡ ᠲᠠᠢ ᠪᠣᠯᠭᠠᠬᠤ ᠶᠢ ᠴᠢᠷᠮᠠᠶᠢᠨ ᠠᠬᠢᠭᠤᠯᠤᠨ᠎ᠠ ᠃ | ᠳᠦᠯᠦᠭᠡᠯᠡᠭᠴᠢᠳ ᠡ︕ ᠬᠥᠭᠵᠢᠯᠲᠡ ᠶᠢᠨ ᠵᠢᠷᠤᠭ ᠲᠥᠰᠦᠪ ᠢ ᠨᠢᠭᠡᠨᠲᠡ ᠵᠢᠷᠤᠭᠯᠠᠪᠠ ᠂ ᠪᠢᠳᠡ ᠬᠥᠬᠡᠮᠳᠦᠭ ᠨᠣᠭᠤᠭᠠᠨ ᠠᠭᠤᠯᠠ ᠤᠰᠤ ᠶᠢ | ᠪᠦᠳᠤᠭᠡᠨ ᠪᠠᠶᠢᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ ᠂ ᠯᠠᠪᠳᠠᠭᠤᠨ ᠪᠠᠲᠤᠲᠠᠢ ᠪᠠᠷ ᠴᠢᠷᠮᠠᠶᠢᠨ ᠠᠵᠢᠯᠯᠠᠵᠤ ᠂ ᠤᠶᠤᠨ ᠴᠢᠳᠠᠯ ᠢᠶᠠᠨ ᠰᠢᠪᠬᠠᠨ | ᠤᠯᠤᠰ ᠣᠷᠣᠨ ᠢᠶᠠᠨ ᠵᠠᠰᠠᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠵᠠᠮ ᠨᠡᠭᠡᠭᠡᠨ ᠤᠷᠤᠭᠰᠢᠯᠠᠵᠤ ᠂ ︽ ᠠᠷᠪᠠᠨ ᠳᠥᠷᠪᠡᠳᠦᠭᠡᠷ | ᠲᠠᠪᠤᠨ ᠵᠢᠯ ︾ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠮᠢᠯᠠᠯ ᠤᠨ ᠬᠦᠴᠦᠨ ᠢᠶᠠᠷ ᠪᠢᠯᠬᠠᠮ᠎ᠠ ᠡᠨᠡᠬᠦ ᠬᠠᠯᠠᠭᠤᠨ ᠬᠥᠷᠥᠰᠥᠨ ᠳᠡᠭᠡᠷ᠎ᠠ | ᠪᠢᠴᠢᠭᠯᠡᠶ᠎ᠡ ︕ | ᠭᠤᠷᠪᠠ ᠂ 2021 ᠣᠨ ᠤ ᠭᠤᠣᠯ ᠠᠵᠢᠯ ᠤᠨ ᠲᠤᠬᠢᠷᠠᠭᠤᠯᠤᠯᠳᠠ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ ᠪᠤᠯᠬᠤᠷ ᠂ ᠡᠨᠡ | ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ ᠃ ᠡᠨᠡ ᠵᠢᠯ ᠤᠨ ᠵᠠᠰᠠᠭ ᠤᠨ ᠣᠷᠳᠣᠨ ᠤ | ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠤᠭᠤᠰᠢᠯᠠᠭᠤᠯᠵᠤ ᠂ ᠲᠣᠭᠲᠠᠭᠤᠨ ᠤ ᠳᠤᠮᠳᠠ ᠳᠤ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠤ ᠂ ᠰᠢᠨ᠎ᠡ ᠬᠥᠭᠵᠢᠯᠲᠡ ᠶᠢᠨ ᠣᠢᠢᠯᠠᠭᠠᠭᠳᠠᠬᠤᠨ ᠢ ᠳᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠳᠠᠯ ᠢ ᠪᠤᠶ | ᠪᠣᠯᠭᠠᠵᠤ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ | ᠬᠥᠳᠡᠯᠭᠡᠬᠦ ᠬᠦᠴᠦᠨ ᠪᠣᠯᠭᠠᠵᠤ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠶ ᠲᠥᠯᠥᠪᠯᠡᠨ ᠂ 《ᠵᠢᠷᠭᠤᠭ᠎ᠠ ᠶᠢ ᠳᠤᠬᠳᠠᠪᠤᠷᠢᠵᠢᠭᠤᠯᠬᠤ》ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ | 《ᠵᠢᠷᠭᠤᠭ᠎ᠠ ᠶᠢ ᠪᠠᠲᠤᠯᠠᠬᠤ》 ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ | ᠡᠬᠦᠳᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠣᠳᠣᠬᠢᠴᠢᠯᠠᠭᠰᠠᠨ ᠬᠢᠶ᠎ᠠ ᠪᠠᠭᠰᠢ ᠶᠢᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠶᠢ ᠪᠦᠬᠦ | ᠳᠠᠯ᠎ᠠ ᠪᠠᠷ ᠪᠠᠳᠤᠳᠬᠠᠨ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ ᠂ ᠰᠠᠶᠢᠨ ᠡᠬᠢᠯᠡᠯᠳᠡ ᠲᠠᠢ | ᠪᠤᠯᠵᠤ ᠂ ᠰᠢᠯᠢᠳᠡᠭ ᠠᠮᠵᠢᠯᠳᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢ ᠦᠨᠡᠨ ᠬᠦ ᠪᠠᠲᠤᠯᠠᠨ᠎ᠠ ᠃ | ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 6% ᠠᠴᠠ ᠳᠡᠭᠡᠭᠰᠢ ᠨᠡᠮᠡᠭᠳᠡᠭᠦᠯᠦᠨ ᠂ ᠡᠩ | ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠥᠰᠦᠪ ᠤᠨ ᠣᠷᠤᠯᠭ᠎ᠠ ᠶᠢ 6% ᠠᠴᠠ ᠳᠡᠭᠡᠭᠰᠢ ᠨᠡᠮᠡᠭᠳᠡᠭᠦᠯᠵᠤ ᠂ ᠪᠦᠬᠦ ᠨᠡᠶᠢᠭᠡᠮ ᠤᠨ ᠲᠣᠭᠲᠠᠮᠠᠯ | ᠬᠥᠷᠦᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ | 4.5% ᠶᠢᠨ ᠳᠣᠲᠣᠷ᠎ᠠ ᠬᠢᠵᠠᠭᠠᠷᠯᠠᠵᠤ ᠂ ᠰᠠᠭᠤᠭᠠᠯᠢ ᠠᠷᠠᠳ ᠤᠨ ᠣᠷᠤᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ ᠂ ᠡᠨᠧᠷᠭᠢ ᠶᠢᠨ ᠬᠤᠷᠤᠬᠳᠠᠯ ᠤᠨ | ᠬᠤᠣᠰ ᠡᠵᠡᠮᠳᠡᠯ ᠤᠨ ᠬᠠᠷᠠᠯᠲᠠ ᠶᠢ ᠪᠡᠶᠡᠯᠡᠭᠦᠯᠵᠦ ᠂ ᠭᠤᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ ᠃ | | ᠳᠡᠭᠡᠷᠡᠬᠢ ᠬᠠᠷᠠᠯᠲᠠ ᠶᠢ ᠲᠣᠭᠲᠠᠭᠠᠬᠤ ᠳᠤ 《ᠲᠣᠭᠲᠠᠭᠤᠨ ᠪᠠᠶᠢᠯᠭᠠᠬᠤ》 ᠪᠠ 《ᠤᠷᠤᠭᠰᠢᠯᠠᠨ ᠲᠠᠪᠰᠢᠬᠤ》᠂ ᠣᠳᠣᠬᠠᠨ ᠤ ᠪᠠ ᠠᠯᠤᠰ | ᠭᠡᠳᠤ ᠶᠢᠨ ᠠᠯᠢ ᠤᠯᠠᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠬᠢᠶ᠎ᠠ ᠪᠠᠭᠰᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠨᠡᠶᠢᠴᠡᠬᠦᠯᠬᠦ ᠮᠥᠷᠲᠡᠭᠡᠨ ᠪᠠᠰᠠ 《 ᠴᠢᠷᠮᠠᠶᠢᠪᠠᠯ ᠪᠦᠳᠤᠭᠡᠬᠦ》 ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠤᠨ᠂ ᠴᠢᠷᠮᠠᠶᠢᠳᠠᠭ ᠯᠠ ᠶᠤᠮ ᠪᠤᠯ | ᠪᠦᠷᠢᠮᠦᠰᠦᠨ ᠪᠡᠶᠡᠯᠡᠭᠦᠯᠵᠦ ᠳᠡᠶᠢᠯᠤᠨ᠎ᠠ ᠃ ᠡᠭᠦᠨ ᠤ ᠬᠠᠮᠲᠤ ᠂ ᠪᠢᠳᠡ ᠪᠠᠰᠠ ᠪᠥᠬᠦ ᠬᠦᠴᠦᠨ ᠢᠶᠠᠷ ᠢᠶᠠᠨ ᠨᠠᠩ ᠰᠠᠶᠢᠨ ᠬᠢᠷᠢ ᠪᠦᠲᠦᠮᠵᠢ | ᠤᠯᠬᠤ ᠪᠠᠷ ᠴᠢᠷᠮᠠᠶᠢᠵᠤ ᠂ ᠵᠢᠯ ᠤᠨ ᠳᠣᠲᠣᠷ᠎ᠠ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 100 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠶᠢ ᠦᠨᠡᠨ ᠬᠦ ᠪᠠᠲᠤᠯᠠᠵᠤ ᠂ ᠪᠥᠬᠦ ᠬᠤᠲᠠ ᠶᠢᠨ 9 ᠬᠤᠰᠢᠭᠤ ᠳᠤᠭᠤᠷᠢᠭ ᠤᠨ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠴᠦᠮ ᠵᠠᠭᠤᠨ ᠳ᠋ᠦᠩᠰᠢᠭᠤᠷ ᠲᠥᠭᠦᠷᠢᠭ ᠤᠨ ᠡᠩᠨᠡᠭᠡᠨ ᠳᠤ ᠣᠷᠣᠭᠤᠯᠬᠤ ᠶᠢ ᠪᠡᠶᠡᠯᠡᠭᠦᠯᠦᠨ᠎ᠡ ︔ ᠡᠳ᠋ | ᠮᠥᠩᠭᠦᠨ ᠤ ᠢᠷᠡᠯᠲᠡ ᠶᠢ ᠶᠡᠬᠡᠪᠡᠷ ᠪᠤᠶᠢᠵᠢᠭᠤᠯᠵᠤ ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠤᠯᠭ᠎ᠠ ᠶᠢ10 | ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠭᠤᠯᠤᠨ ᠂ ᠥᠪᠡᠷᠲᠡᠭᠡᠨ ᠵᠠᠰᠠᠬᠤ ᠣᠷᠣᠨ ᠤ ᠳᠡᠷᠢᠬᠦᠨ ᠤ ᠡᠩᠨᠡᠭᠡ ᠳᠤ ᠣᠷᠣᠬᠤ ᠶᠢ ᠡᠷᠲᠡᠬᠡᠨ | ᠪᠡᠶᠡᠯᠡᠭᠦᠯᠤᠨ᠎ᠠ ︔ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠪᠥᠬᠦ ᠬᠦᠴᠦᠨ ᠢᠶᠠᠷ ᠠᠬᠢᠭᠤᠯᠵᠤ ᠂ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠤᠯᠭ᠎ᠠ ᠶᠢ ᠪᠥᠬᠦ ᠬᠤᠲᠠ ᠳᠤ ᠲᠦᠷᠦᠬᠦᠯᠡᠬᠦᠯᠬᠦ ᠶᠢ ᠪᠡᠶᠡᠯᠡᠬᠦᠯᠤᠨ᠎ᠠ ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠂ ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ ᠄ | (ᠨᠢᠭᠡ) ᠬᠤᠳᠠ ᠶᠢᠨ ᠠᠵᠤ ᠠᠬᠤᠢ ᠶᠢ ᠪᠤᠵᠠᠭᠠᠶᠢᠷᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ ᠃ | ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ ᠂ ᠡᠯ᠎ᠡ ᠬᠦᠷᠢᠶᠡᠨ ᠳᠤ ᠳᠤᠭᠤᠰᠢᠯᠠᠭᠤᠯᠤᠨ ᠂ ᠬᠢᠶ᠎ᠠ | ᠪᠠᠭᠰᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠬᠦ ᠬᠤᠳᠠ ᠶᠢᠨ ᠠᠵᠤ ᠠᠬᠤᠢ ᠶᠢᠨ ᠳᠤᠬᠳᠠᠯᠴᠠᠭ᠎ᠠ ᠶᠢ ᠢᠳᠡᠪᠬᠢᠲᠡᠢ ᠪᠠᠶᠢᠭᠤᠯᠵᠤ ᠂ | ᠠᠵᠤ ᠠᠬᠤᠢ ᠶᠢᠨ ᠪᠠᠭᠲᠠᠭᠠᠮᠵᠢ ᠶᠢ ᠪᠤᠵᠠᠭᠠᠢᠢᠷᠠᠭᠤᠯᠬᠤ ᠶᠢᠨ ᠬᠠᠮᠲᠤ ᠠᠵᠤ ᠠᠬᠤᠢ ᠶᠢᠨ ᠬᠥᠭᠵᠢᠯᠲᠡ ᠤᠨ ᠶᠠᠰᠤ ᠴᠢᠨᠠᠷ ᠪᠣᠯᠤᠨ ᠦᠷ᠎ᠡ ᠠᠰᠢᠭ ᠢ | ᠳᠡᠭᠡᠭᠰᠢᠯᠡᠭᠦᠯᠤᠨ ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ | ᠳᠠᠯᠪᠢᠨ᠎ᠠ ᠃ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠎ᠡ ᠃ ᠦᠶᠯᠡᠴᠢᠯᠡᠭᠡᠨ ᠤ ᠦᠶᠯᠡᠰ ᠢ ᠬᠢᠶ᠎ᠠ ᠪᠠᠭᠰᠢ ᠶᠢᠨ ᠭᠤᠤᠯᠯᠠᠬᠤ ᠠᠵᠤ ᠦᠶᠯᠡᠰ | ᠪᠣᠯᠭᠠᠬᠤ ᠶᠢ ᠭᠤᠶᠢᠪᠢᠰᠢ ᠥᠬᠡᠶ ᠪᠠᠷᠢᠮᠲᠠᠯᠠᠵᠤ ᠂ ᠳᠠᠪᠠᠭᠤᠯᠢᠭ ᠢᠶᠠᠨ ᠪᠠᠳᠠᠷᠠᠭᠤᠯᠤᠨ ᠂ ᠳᠤᠲᠠᠭᠤᠳᠠᠯ ᠢᠶᠠᠨ ᠨᠥᠬᠦᠪᠥᠷᠢᠯᠡᠵᠦ ᠂ ᠭᠤᠷᠪᠠᠳᠤᠭᠠᠷ ᠠᠵᠤ | ᠦᠶᠯᠡᠰ ᠤᠨ ᠦᠶᠯᠡᠴᠢᠯᠡᠭᠡᠨ ᠤ ᠦᠶᠯᠡᠰ ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ ᠃ ᠬᠤᠳᠠ ᠶᠢᠨ ᠮᠠᠶ᠋ᠢᠭ ᠤᠨ ᠤᠳᠤ | ᠦᠶ᠎ᠡ ᠶᠢᠨ ᠲᠠᠷᠢᠶᠠᠯᠠᠩ ᠢ ᠰᠦᠪᠡᠭᠴᠢᠯᠡᠨ ᠬᠥᠭᠵᠢᠭᠦᠯᠵᠦ ᠂ ᠳᠤᠤᠷ᠎ᠠ ᠨᠡᠭᠦᠷᠡᠰᠦᠲᠥ᠋ᠷᠥᠭᠴᠢᠳᠤ ᠪᠣᠬᠢᠷᠲᠤᠯ ᠦᠭᠡᠢ ᠠᠵᠤ ᠦᠢᠯᠡᠳᠪᠦᠷᠢ ᠶᠢ ᠶᠡᠬᠡᠪᠡᠷ | ᠬᠥᠭᠵᠢᠭᠦᠯᠵᠦ ᠂ ᠨᠢᠭᠡᠳᠦᠭᠡᠷ ᠂ ᠬᠤᠶᠠᠳᠤᠭᠠᠷ ᠂ ᠭᠤᠷᠪᠠᠳᠤᠭᠠᠷ ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠦᠨ᠎ᠡ ᠃ ᠬᠤᠲᠠ ᠶᠢᠨ | ᠲᠡᠭᠦᠷᠭᠡ ᠶᠢᠨ ᠭᠠᠵᠠᠷ ᠰᠢᠷᠣᠶ ᠶᠢ ᠠᠮᠢᠳᠤᠯᠢᠭ ᠢᠶᠠᠷ ᠠᠰᠢᠭᠯᠠᠵᠤ ᠂ ᠨᠡᠶᠢᠭᠡᠮ ᠤᠨ ᠪᠠᠯᠠ ᠣᠷᠣᠭᠤᠯᠤᠯᠲᠠ ᠶᠢ ᠣᠷᠣᠭᠤᠯᠤᠨ ᠠᠪᠴᠢᠷᠠᠵᠤ ᠂ | ᠦᠵᠡᠮᠵᠢᠳᠤ ᠲᠠᠷᠢᠶᠠᠯᠠᠩ ᠤᠨ ᠬᠦᠷᠢᠶᠡᠯᠡᠩ ᠂ ᠰᠡᠯᠡᠭᠦᠴᠡᠯ ᠲᠠᠷᠢᠶᠠᠯᠠᠩ ᠤᠨ ᠲᠠᠯᠠᠪᠠᠶ ᠶᠢ ᠨᠠᠷᠢᠨ ᠨᠢᠮᠪᠠᠶ ᠪᠠᠶᠢᠭᠤᠯᠵᠤ ᠂ ᠵᠢᠮᠢᠰ ᠨᠣᠭᠤᠭ᠎ᠠ ᠲᠡᠭᠦᠬᠦ ᠂ | ᠴᠡᠴᠡᠭ ᠡᠪᠡᠰᠦ ᠪᠣᠷᠣᠯᠠᠭᠤᠯᠬᠤ ᠵᠡᠷᠭᠡ ᠠᠵᠤ ᠦᠶᠯᠡᠰ ᠢ ᠤᠯᠠᠷᠢᠭᠤᠯᠤᠨ ᠬᠥᠭᠵᠢᠭᠦᠯᠵᠦ ᠂ ᠨᠢᠭᠡᠳᠦᠭᠡᠷ ᠠᠵᠤ ᠦᠶᠯᠡᠰ ᠤᠨ ᠰᠠᠶᠢᠨ ᠡᠬᠢᠯᠡᠯᠳᠡ ᠶᠢ | ᠠᠬᠢᠭᠤᠯᠤᠨ᠎ᠠ ᠃ ᠳᠤᠤᠷ᠎ᠠ ᠨᠡᠭᠦᠷᠡᠰᠦᠲᠥ᠋ᠷᠥᠭᠴᠢᠳᠤ ᠠᠵᠤ ᠠᠬᠤᠶ ᠶᠢ ᠶᠡᠬᠡᠪᠡᠷ ᠬᠥᠭᠵᠢᠭᠦᠯᠵᠦ ᠂ ᠣᠷᠳᠣᠰ ᠬᠤᠲᠠ ᠶᠢᠨ ︽ ᠪᠤᠬᠢᠷᠳᠤᠯ ᠦᠭᠡᠢ | ᠤᠰᠤᠲᠥ᠋ᠷᠥᠭᠴᠢ ︾ ᠶᠢᠨ ᠪᠥᠬᠦ ᠠᠵᠤ ᠦᠶᠯᠡᠰ ᠤᠨ ᠬᠡᠯᠬᠢᠶᠡᠵᠢᠯ ᠤᠨ ᠬᠥᠭᠵᠢᠯᠲᠡ ᠶᠢ ᠠᠬᠢᠭᠤᠯᠬᠤ ᠪᠠᠷ ᠲᠣᠬᠢᠶᠠᠯ ᠪᠣᠯᠭᠠᠨ ᠂ ᠰᠢᠨ᠎ᠡ | ᠡᠨᠧᠷᠭᠢ ᠶᠢᠨ ᠬᠡᠷᠡᠭᠯᠡᠭᠡᠨ ᠤ ᠲᠥᠷᠥᠯ ᠵᠦᠶᠯ ᠢ ᠮᠠᠨ ᠤ ᠳᠤᠭᠤᠷᠢᠭ ᠲᠤ ᠨᠤᠲᠤᠭᠰᠢᠭᠤᠯᠬᠤ ᠪᠠᠷ ᠢᠳᠡᠪᠬᠢᠲᠡᠶ ᠴᠢᠷᠮᠠᠶᠢᠵᠤ ᠂ ᠮᠠᠨ ᠤ ᠳᠤᠭᠤᠷᠢᠭ | ᠤᠨ ᠰᠢᠨ᠎ᠡ ᠡᠨᠧᠷᠭᠢ ᠶᠢ ᠠᠰᠢᠭᠯᠠᠬᠤ ᠂ ᠰᠢᠨ᠎ᠡ ᠠᠵᠤ ᠠᠬᠤᠶ ᠶᠢ ᠬᠥᠭᠵᠢᠭᠦᠯᠬᠦ ᠭᠤᠤᠯᠳᠠᠯᠭ᠎ᠠ ᠶᠢ ᠣᠨᠣᠪᠴᠢᠲᠠᠶ ᠡᠷᠢᠵᠦ ᠂ ᠪᠣᠬᠢᠷᠲᠤᠯ ᠥᠬᠡᠶ ᠠᠵᠤ | ᠦᠶᠯᠡᠳᠪᠦᠷᠢ ᠶᠢᠨ ᠬᠥᠭᠵᠢᠨ ᠪᠤᠵᠠᠭᠠᠢᠢᠷᠠᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ ᠃ ᠸᠧᠢ ᠯᠠᠢ ᠰᠢᠨ᠎ᠡ ᠡᠨᠧᠷᠭᠢ ᠶᠢᠨ ᠮᠠᠰᠢᠨ ᠳᠡᠷᠭᠡᠨ ᠤ | ᠪᠦᠬᠦ ᠤᠯᠤᠰ ᠤᠨ ᠠᠩᠬᠠᠳᠠᠭᠴᠢ ᠬᠤᠶᠠᠳᠤᠭᠠᠷ ᠦᠶ᠎ᠡ ᠶᠢᠨ ᠴᠠᠬᠢᠯᠭᠠᠨ ᠢᠶᠠᠷ ᠰᠤᠯᠢᠬᠤ ᠦᠷᠳᠡᠭᠡ ᠶᠢ ᠨᠤᠳᠤᠬᠰᠢᠭᠤᠯᠬᠤ ᠶᠢ ᠲᠦᠷᠭᠡᠳᠬᠡᠨ | ᠠᠬᠢᠭᠤᠯᠤᠨ᠎ᠠ ᠃ | ᠭᠤᠣᠯᠯᠠᠬᠤ ᠠᠵᠤ ᠦᠢᠯᠡᠰ ᠢ ᠪᠤᠵᠠᠭᠠᠢᠢᠷᠠᠭᠤᠯᠤᠨ᠎ᠠ ᠃ ᠪᠥᠬᠦ ᠬᠤᠲᠠ ᠶᠢᠨ ᠡᠨᠧᠷᠭᠢ ᠶᠢᠨ ᠡᠬᠢ ᠪᠠᠶᠠᠯᠢᠭ ᠤᠨ ᠬᠠᠮᠤᠭ ᠤᠨ ᠶᠡᠭᠡ | ᠳᠠᠪᠠᠭᠤᠯᠢᠭ ᠲᠤ ᠰᠠᠭᠤᠷᠢᠯᠠᠨ ᠂ ᠤᠶᠤᠨᠴᠢ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠡᠨᠧᠷᠭᠢ ᠶᠢᠨ ᠠᠵᠤ ᠦᠶᠯᠡᠰ ᠤᠨ ᠲᠣᠭᠠᠴᠢᠯᠠᠭᠰᠠᠨ | ᠬᠡᠯᠪᠡᠷᠢ ᠶᠢ ᠬᠤᠪᠢᠷᠠᠭᠤᠯᠬᠤ ᠶᠢᠨ ᠲᠣᠭᠤᠷᠢᠨ ᠳᠤ ᠂ ᠵᠢᠷᠤᠵᠤ ᠲᠥᠯᠥᠪᠯᠡᠬᠦ ᠪᠠ ᠰᠤᠳᠤᠯᠤᠨ ᠨᠡᠭᠡᠭᠡᠬᠦ ᠂ ᠰᠢᠨᠵᠢᠯᠡᠬᠦ ᠤᠬᠠᠭᠠᠨ ᠮᠡᠷᠭᠡᠵᠢᠯ ᠤᠨ | ᠦᠶᠯᠡᠴᠢᠯᠡᠭᠡ ᠂ ᠲᠣᠭᠠᠴᠢᠯᠠᠭᠰᠠᠨ ᠦᠶᠯᠡᠴᠢᠯᠡᠭᠡ ᠂ ᠣᠷᠴᠢᠨ ᠲᠣᠭᠤᠷᠢᠨ ᠤ ᠵᠠᠰᠠᠯᠲᠠ ᠵᠡᠷᠭᠡ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ | ᠦᠶᠯᠡᠰ ᠢ ᠣᠷᠣᠭᠤᠯᠤᠨ ᠠᠪᠴᠢᠷᠠᠵᠤ ᠂ ᠦᠶᠯᠡᠴᠢᠯᠡᠭᠡᠨ ᠤ ᠦᠶᠯᠡᠰ ᠤᠨ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠠᠰ ᠳᠠᠰᠢ | ᠬᠦᠭᠵᠢᠬᠦ ᠶᠢ ᠠᠬᠢᠭᠤᠯᠤᠨ ᠂ ᠠᠵᠤ ᠠᠬᠤᠢ ᠶᠢᠨ ᠨᠡᠮᠡᠭᠳᠡᠯ ᠳᠤᠮᠳᠠᠬᠢ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠬᠤᠪᠢ ᠨᠡᠮᠡᠷᠢ ᠶᠢᠨ | ᠨᠣᠷᠮ᠎ᠠ ᠶᠢ ᠳᠡᠭᠡᠭᠰᠢᠯᠡᠭᠦᠯᠦᠨ᠎ᠡ ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ ᠂ ᠢᠷᠡᠭᠡᠳᠦᠶ ᠶᠢᠨ ᠲᠥᠯᠥᠪ ᠢᠶᠠᠷ ᠰᠠᠶᠢᠨ ᠂ ᠪᠣᠳᠠᠲᠤ ᠬᠦᠴᠦᠨ ᠲᠠᠢ ᠨᠢᠭᠡ ᠪᠦᠯᠦᠭ ᠠᠵᠤ ᠠᠬᠤᠢᠢᠯᠠᠯ ᠤᠨ ᠶᠡᠷᠦᠩᠬᠡᠶ ᠭᠡᠯᠳᠡᠰ | ᠶᠢᠨ ᠣᠷᠣᠭᠤᠯᠵᠤ ᠨᠤᠳᠤᠬᠰᠢᠭᠤᠯᠤᠨ ᠂ ᠶᠡᠷᠦᠩᠬᠡᠶ ᠭᠡᠯᠳᠡᠰ ᠤᠨ ᠠᠵᠤ ᠠᠬᠤᠶ ᠶᠢᠨ ᠬᠡᠪᠴᠢᠶ᠎ᠡ ᠶᠢ ᠲᠠᠰᠤᠷᠠᠯᠲᠠ ᠥᠬᠡᠶ ᠪᠤᠵᠠᠭᠠᠢᠢᠷᠠᠭᠤᠯᠤᠨ᠎ᠠ ᠃ ᠤᠳᠤ | ᠦᠶ᠎ᠡ ᠶᠢᠨ ᠮᠥᠩᠭᠦᠨ ᠭᠦᠢᠯᠭᠡᠭᠡᠨ ᠤ ᠳᠤᠬᠳᠠᠯᠴᠠᠭ᠎ᠠ ᠶᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠵᠦ ᠂ ᠨᠡᠩ ᠤᠯᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠪᠦᠬᠦ ᠬᠤᠳᠠ ᠶᠢᠨ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢ ᠠᠬᠢᠭᠤᠯᠵᠤ ᠂ ᠣᠷᠣᠨ | ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠢ ᠪᠦᠳᠤᠭᠡᠨ ᠪᠠᠶᠢᠭᠤᠯᠤᠨ᠎ᠠ᠃ ᠳᠡᠭᠡᠳᠦ ᠲᠡᠰ ᠤᠨ ᠬᠡᠷᠡᠭᠯᠡᠭᠡᠨ ᠤ ᠵᠠᠬ᠎ᠠ | ᠳᠡᠯᠭᠡᠭᠦᠷ ᠢ ᠨᠡᠭᠡᠭᠡᠵᠦ ᠂ ᠤᠳᠤᠨ ᠲᠡᠰ ᠤᠨ ᠵᠣᠴᠢᠳ ᠤᠨ ᠪᠠᠭᠤᠳᠠᠯ ᠂ ᠳᠡᠭᠡᠳᠦ ᠲᠡᠰ ᠤᠨ ᠢᠳᠡᠭᠡᠨ ᠤᠮᠳᠠᠭᠠᠨ ᠂ ᠰᠢᠨ᠎ᠡ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠂ ᠰᠣᠶᠣᠯ ᠴᠡᠩᠭᠡᠯ ᠤᠨ ᠬᠡᠷᠡᠭᠯᠡᠭᠡᠨ ᠤ ᠲᠠᠯᠠᠪᠤᠷ ᠵᠡᠷᠭᠡ ᠳᠤᠲᠠᠭᠤᠳᠠᠯ ᠢ ᠲᠦᠷᠭᠡᠨ ᠨᠥᠬᠦᠪᠥᠷᠢᠯᠡᠵᠦ ᠂ | ᠳᠡᠭᠡᠳᠦ ᠲᠡᠰ ᠤᠨ ᠬᠡᠷᠡᠭᠯᠡᠭᠡᠨ ᠬᠢᠬᠦ ᠶᠢ ᠲᠠᠰᠤᠷᠠᠯᠳᠠ ᠦᠭᠡᠢ ᠬᠥᠲᠥᠯᠥᠨ ᠵᠢᠯᠣᠭᠤᠳᠤᠨ᠎ᠠ ᠃ ᠲᠣᠭᠠᠴᠢᠯᠠᠭᠰᠠᠨ ᠬᠡᠷᠡᠭᠯᠡᠭᠡ ᠂ ᠪᠣᠬᠢᠷᠲᠤᠯ ᠦᠭᠡᠢ | ᠬᠡᠷᠡᠭᠯᠡᠭᠡ ᠂ ᠣᠶᠤᠨᠴᠢ ᠬᠡᠷᠡᠭᠯᠡᠭᠡ ᠵᠡᠷᠭᠡ ᠰᠢᠨ᠎ᠡ ᠪᠠᠷ ᠬᠥᠭᠵᠢᠭᠰᠡᠨ ᠬᠡᠷᠡᠭᠯᠡᠭᠡ ᠶᠢ ᠢᠳᠡᠪᠬᠢᠲᠡᠶ ᠪᠠᠷ ᠪᠤᠶᠢᠵᠢᠭᠤᠯᠵᠤ ᠂ ᠬᠡᠷᠡᠭᠯᠡᠭᠡᠨ ᠤ ᠰᠢᠨ᠎ᠡ | ᠨᠡᠮᠡᠭᠳᠡᠯ ᠤᠨ ᠴᠡᠭ ᠢ ᠲᠦᠷᠭᠡᠪᠴᠢᠯᠡᠨ ᠪᠤᠢ ᠪᠣᠯᠭᠠᠨ᠎ᠠ ᠃ | ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠰᠠᠶᠢᠲᠤᠷ ᠠᠳᠬᠤᠨ᠎ᠠ ᠃ ︽ ᠬᠥᠭᠵᠢᠯᠲᠡ ᠶᠢ ᠠᠳᠬᠤᠬᠤ ᠳᠤ ᠲᠥᠷᠥᠯ ᠵᠦᠶᠯ ᠢ | ᠠᠳᠬᠤᠬᠤ ᠬᠡᠷᠡᠭᠲᠡᠶ ︾ ᠭᠡᠬᠦ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ ᠂ ︽ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠣᠨ ︾ | ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠂ ᠵᠠᠭᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠶ ᠠᠬᠢᠭᠤᠯᠤᠨ᠎ᠠ ᠃ ᠬᠤᠰᠢᠭᠤ ᠰᠢᠶᠠᠨ ᠭᠠᠵᠠᠷ ᠤᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠪᠠ | ︽ ᠭᠠᠷᠠᠭ ᠤᠨ ᠲᠣᠬᠢᠷᠠᠭᠤᠯᠤᠯᠲᠠ ︾ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠂ ᠠᠰᠠᠭᠤᠳᠠᠯ ᠤᠨ ᠨᠠᠷᠢᠨ | ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠮᠥᠷᠳᠡᠨ ᠭᠠᠷᠭᠠᠵᠤ ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠂ ᠪᠠᠯᠠ ᠮᠥᠩᠭᠦ ᠂ ᠲᠥᠯᠥᠪᠵᠢᠭᠦᠯᠭᠡ ᠂ ᠭᠠᠵᠠᠷ ᠬᠡᠷᠡᠭᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠪᠤᠭᠤᠮᠢ ᠶᠢᠨ ᠪᠠ ᠬᠦᠴᠢᠷ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠶᠳᠪᠦᠷᠢᠯᠡᠵᠦ ᠂ ᠲᠥᠷᠥᠯ ᠵᠦᠶᠯ ᠢ ᠴᠠᠭ ᠲᠤᠬᠠᠶ ᠳᠤᠨᠢ ᠪᠠᠷᠢᠯᠭ᠎ᠠ | ᠡᠬᠢᠯᠡᠭᠦᠯᠦᠨ ᠪᠥᠲᠥᠭᠡᠨ ᠪᠠᠶᠢᠭᠤᠯᠵᠤ ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ | ᠪᠠᠲᠤᠯᠠᠨ᠎ᠠ ᠃ ᠤᠯᠤᠰ ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ ᠂ ︽ ᠬᠤᠶᠠᠷ ᠰᠢᠨ᠎ᠡ ᠨᠢᠭᠡ ᠴᠢᠬᠤᠯᠠ ︾ ᠂ ᠲᠣᠮᠣ ᠳ᠋ᠠᠶᠢᠲ᠋ᠠ ᠂ ᠵᠣᠬᠢᠶᠠᠮᠠᠯ ᠣᠶᠤᠨ | ᠴᠢᠳᠠᠪᠤᠷᠢ ᠂ VR/AR ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠳᠠᠬᠢᠨ ᠨᠢᠭᠡ ᠪᠦᠯᠦᠭ ᠭᠤᠤᠯᠳᠠᠯᠭ᠎ᠠ ᠲᠠᠢ ᠲᠥᠷᠥᠯ | ᠵᠦᠶᠯ ᠢ ᠰᠦᠪᠡᠭᠴᠢᠯᠡᠨ ᠨᠥᠭᠡᠴᠡᠯᠡᠵᠦ ᠂ ᠱᠠᠲᠤᠯᠠᠨ ᠠᠬᠢᠭᠤᠯᠬᠤ ᠂ ᠵᠠᠯᠭᠠᠯᠳᠤᠭᠤᠯᠤᠨ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ ᠂ | ᠠᠵᠤ ᠠᠬᠤᠢ ᠶᠢᠨ ᠨᠡᠮᠡᠭᠳᠡᠯ ᠳᠤ ᠪᠦᠷᠢᠨ ᠭᠦᠶᠴᠡᠳ ᠬᠥᠳᠡᠯᠭᠡᠬᠦ ᠬᠦᠴᠦᠨ ᠬᠠᠩᠭᠠᠨ᠎ᠠ ᠃ | (ᠬᠤᠶᠠᠷ) ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠂ ᠠᠷᠠᠳ ᠲᠦᠮᠡᠨ ᠳᠤ ᠲᠠᠭᠠᠰᠢᠶᠠᠭᠳᠠᠭᠰᠠᠨ ᠨᠡᠷᠡᠲᠦ | ᠲᠡᠮᠳᠡᠭᠲᠦ ᠶᠢᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ | ᠰᠤᠷᠭᠠᠨ ᠬᠥᠮᠦᠵᠢᠯ ᠢ ᠢᠮᠠᠭᠲᠠ ᠤᠷᠢᠳ ᠢᠶᠠᠷ ᠬᠥᠭᠵᠢᠭᠦᠯᠬᠦ ᠴᠢᠬᠤᠯᠠ ᠪᠠᠶᠢᠷᠢᠨ ᠳᠤ ᠲᠠᠯᠪᠢᠵᠤ ᠂ ᠶᠠᠰᠤ ᠴᠢᠨᠠᠷ ᠢ ᠳᠡᠭᠡᠭᠰᠢᠯᠡᠭᠦᠯᠦᠨ ᠂ | ᠨᠡᠷᠡᠳᠤ ᠲᠡᠮᠳᠡᠭᠲᠦ ᠶᠢ ᠡᠭᠦᠳᠴᠦ ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ | 《ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠨᠡᠷᠡᠳᠤ ᠬᠤᠳᠠ》 ᠶᠢ ᠲᠦᠷᠭᠡᠪᠴᠢᠯᠡᠨ ᠪᠠᠶᠢᠭᠤᠯᠵᠤ ᠂ ᠰᠤᠷᠭᠠᠨ ᠬᠥᠮᠦᠵᠢᠯ ᠤᠨ ᠰᠢᠯᠢᠳᠡᠭ ᠡᠬᠢ | ᠪᠠᠶᠠᠯᠢᠭ ᠢ ᠬᠤᠳᠠ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠪᠣᠯᠭᠠᠨ᠎ᠠ ᠃ | ᠲᠡᠷᠢᠭᠦᠨ ᠵᠡᠷᠭᠡ ᠶᠢᠨ ᠰᠤᠷᠭᠠᠨ ᠬᠥᠮᠦᠵᠢᠯ ᠤᠨ ᠨᠠᠷᠠᠲᠤ ᠲᠡᠮᠳᠡᠭᠲᠦ ᠶᠢ ᠡᠬᠦᠳᠤᠨ᠎ᠠ᠃ ︽ ᠰᠢᠯᠢᠳᠡᠭ ᠰᠤᠷᠭᠠᠨ ᠬᠥᠮᠦᠵᠢᠯ ︾ ᠤᠨ ᠨᠠᠷᠠᠲᠤ | ᠲᠡᠮᠳᠡᠭᠲᠦ ᠶᠢ ᠪᠣᠶ ᠪᠣᠯᠭᠠᠵᠤ ᠂ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠶᠠᠰᠤ | ᠴᠢᠨᠠᠷ ᠤᠨ ᠳᠡᠭᠡᠭᠰᠢᠯᠡᠯᠲᠡ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ ᠂ ︽ ᠰᠤᠷᠭᠠᠨ ᠬᠦᠮᠤᠵᠢᠯ ᠤᠨ ᠶᠠᠮᠤᠨ ᠰᠠᠭᠤᠷᠢ ᠰᠤᠷᠭᠠᠨ | ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ︾ ᠢ ᠲᠦᠷᠭᠡᠳᠬᠡᠨ ᠪᠠᠶᠢᠭᠤᠯᠵᠤ ᠂ ᠬᠢᠶ᠎ᠠ ᠪᠠᠭᠰᠢ ᠶᠢᠨ ᠪᠥᠬᠦ | ᠤᠯᠤᠰ ᠤᠨ ᠨᠠᠩ ᠥᠨᠳᠥᠷ ᠬᠢᠷᠢ ᠲᠦᠪᠰᠢᠨ ᠪᠥᠬᠦᠶ ᠰᠤᠷᠭᠠᠨ ᠬᠥᠮᠦᠵᠢᠯ ᠤᠨ ᠡᠩᠨᠡᠭᠡᠨ ᠳᠤ ᠳᠠᠪᠰᠢᠨ ᠤᠷᠤᠬᠤ ᠶᠢ ᠠᠬᠢᠭᠤᠯᠤᠨ᠎ᠠ ᠃ ︽ ᠨᠠᠷᠠᠲᠤ | ᠪᠠᠭᠰᠢ ︾ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ ᠂ ᠦᠨ᠎ᠡ ᠲᠥᠯᠥᠪᠦᠷᠢ ᠬᠠᠶᠢᠷᠠᠯᠠᠬᠤ ᠥᠬᠡᠶ ᠪᠠᠷ ᠰᠤᠷᠭᠠᠨ ᠬᠥᠮᠦᠵᠢᠯ ᠤᠨ ᠤᠶᠢᠯᠡᠰ ᠤᠨ | ᠪᠡᠯᠡ ᠤᠷᠤᠭᠤᠯᠤᠯᠳᠠ ᠶᠢ ᠨᠡᠮᠡᠭᠳᠡᠬᠦᠯᠤᠨ ᠂ ᠪᠠᠭᠰᠢ ᠶᠢᠨ ᠴᠠᠯᠢᠩ ᠣᠯᠭᠤᠮᠵᠢ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠵᠤ ᠂ ᠪᠦᠬᠦᠨ ᠢ | ᠦᠭᠬᠦ ᠶᠢ ᠪᠡᠶᠡᠯᠡᠭᠦᠯᠵᠦ ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠤᠷᠤᠭᠤᠯᠤᠨ ᠠᠪᠴᠢᠷᠠᠵᠤ ᠰᠤᠷᠭᠠᠨ ᠬᠥᠮᠦᠵᠢᠯ ᠤᠨ ᠤᠶᠢᠯᠡᠰ ᠲᠤ | ᠤᠷᠤᠯᠴᠠᠭᠤᠯᠤᠨ᠎ᠠ ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ | ᠳᠤ ︽ᠮᠢᠨᠤ ᠬᠢᠶ᠎ᠠ ᠪᠠᠭᠰᠢ ︾ ᠭᠡᠬᠦ ᠭᠤᠣᠯ ᠰᠡᠳᠦᠪᠲᠦ ᠨᠠᠮ ᠤᠨ ᠪᠠᠶᠢᠭᠤᠯᠤᠯᠲᠠ ᠠᠵᠢᠯᠴᠢᠨ ᠤ ᠡᠪᠯᠡᠯ ᠤᠨ ᠪᠠᠶᠢᠭᠤᠯᠤᠯᠲᠠ ᠡᠪ ᠬᠠᠮᠳᠤ ᠵᠠᠯᠠᠭᠤᠴᠤᠳ ᠤᠨ | ᠡᠪᠯᠡᠯ ᠤᠨ ᠪᠠᠶᠢᠭᠤᠯᠤᠯᠳᠠ ᠶᠢᠨ ᠠᠵᠢᠯᠯᠠᠭ᠎ᠠ ᠶᠢ ᠥᠷᠨᠢᠭᠦᠯᠵᠦ ᠂ ︽ ᠬᠢᠶ᠎ᠠ ᠪᠠᠭᠰᠢ ︾ ᠪᠠᠷ ᠭᠤᠣᠯ ᠰᠡᠳᠦᠪ ᠪᠣᠯᠭᠠᠭᠰᠠᠨ ᠰᠣᠶᠣᠯ ᠤᠷᠠᠯᠢᠭ ᠤᠨ | ᠪᠦᠲᠦᠭᠡᠯ ᠢ ᠵᠣᠬᠢᠶᠠᠨ ᠪᠦᠲᠦᠭᠡᠵᠦ ᠂ ︽ᠬᠢᠶ᠎ᠠ ᠪᠠᠭᠰᠢ ︾ ᠪᠣᠯᠤᠭᠰᠠᠨ ᠤ ᠢᠷᠠᠭᠤ ᠠᠯᠳᠠᠷ ᠤᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ | ᠨᠡᠮᠡᠭᠳᠡᠭᠦᠯᠵᠦ ᠂ ︽ᠬᠢᠶ᠎ᠠ ᠪᠠᠭᠰᠢ ᠳᠤ ᠪᠠᠭᠰᠢᠯᠠᠬᠤ ︾ ᠶᠢ ᠬᠥᠮᠦᠰ ᠤᠨ ᠬᠦᠨᠳᠦᠳᠬᠡᠯ ᠢ ᠤᠯᠤᠬᠰᠠᠨ ᠠᠵᠢᠯ ᠮᠡᠷᠭᠡᠵᠢᠯ ᠤᠨ ᠰᠣᠩᠭᠤᠯᠲᠠ | ᠪᠣᠯᠭᠠᠨ᠎ᠠ ᠃ ︽ ᠰᠢᠯᠢᠳᠡᠭ ᠰᠤᠷᠭᠠᠭᠤᠯᠢ ︾ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ ᠂ ᠨᠠᠩ ᠣᠯᠠᠨ ︽ ᠬᠡᠷ ᠤᠨ ᠡᠭᠦᠳᠡᠨ ᠳᠠᠬᠢ ᠰᠠᠶᠢᠨ | ᠰᠤᠷᠭᠠᠭᠤᠯᠢ ︾ ᠶᠢ ᠪᠠᠶᠢᠭᠤᠯᠵᠦ ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠥᠨᠳᠥᠷ | ᠳᠤᠮᠳᠠᠳᠤ ᠶᠢᠨ ᠰᠤᠷᠭᠠᠭᠤᠯᠢ ᠂ ᠮᠠᠨ ᠱᠢ ᠪᠦᠬᠦᠯᠢ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢ ᠲᠦᠷᠭᠡᠳᠬᠡᠨ ᠪᠠᠶᠢᠭᠤᠯᠵᠤ ᠂ ᠠᠷᠪᠠᠨ ᠳᠥᠷᠪᠡᠳᠦᠭᠡᠷ | ᠬᠡᠦᠬᠡᠳ ᠤᠨ ᠴᠡᠴᠡᠷᠯᠢᠭ ᠂ ᠬᠤᠶᠢᠲᠤ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠵᠡᠷᠭᠡ ᠶᠢ ᠪᠠᠶᠢᠭᠤᠯᠡᠵᠦ ᠂ ᠨᠠᠩ ᠣᠯᠠᠨ ᠨᠡᠶᠢᠭᠡᠮ ᠤᠨ | ᠬᠦᠴᠦᠨ ᠢ ᠳᠠᠶᠢᠴᠢᠯᠠᠨ ᠵᠤᠭᠤᠰ ᠴᠤᠬᠯᠠᠭᠤᠯᠤᠨ ᠰᠤᠷᠤᠯᠭ᠎ᠠ ᠶᠢ ᠳᠡᠮᠵᠢᠵᠤ ᠂ ᠨᠢᠭᠡ ᠪᠦᠯᠦᠭ ᠥᠨᠳᠥᠷ ᠪᠠᠷᠢᠮᠵᠢᠶᠠᠲᠤ ᠰᠤᠷᠭᠠᠭᠤᠯᠢ ᠶᠢᠨ ᠪᠠᠶᠢᠷᠢ ᠶᠢ | ᠰᠢᠨ᠎ᠡ ᠪᠠᠷ ᠪᠠᠶᠢᠭᠤᠯᠵᠤ ᠂ ᠨᠠᠩ ᠣᠯᠠᠨ ᠬᠡᠦᠬᠡᠳ ᠲᠤ ᠬᠡᠷ ᠤᠨ ᠡᠭᠦᠳᠡᠨ ᠳᠡᠭᠡᠷ᠎ᠠ ᠪᠠᠨ ᠰᠢᠯᠢᠳᠡᠭ ᠰᠤᠷᠭᠠᠨ ᠬᠥᠮᠦᠵᠢᠯ ᠬᠦᠷᠳᠡᠬᠦ ᠪᠤᠯᠭᠠᠨ᠎ᠠ ᠃ | ᠰᠢᠯᠢᠳᠡᠭ ᠰᠤᠷᠭᠠᠨ ᠬᠥᠮᠦᠵᠢᠯ ᠤᠨ ᠳᠤᠬᠳᠠᠯᠴᠠᠭ᠎ᠠ ᠶᠢ ᠪᠠᠶᠢᠭᠤᠯᠤᠨ᠎ᠠ ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠣᠯᠠᠨ ᠡᠰᠢᠲᠦ ᠲᠦᠭᠡᠮᠡᠯ ᠬᠠᠷᠠᠭᠠᠯᠵᠠᠯ ᠢ ᠠᠬᠢᠭᠤᠯᠵᠤ ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠬᠥᠭᠵᠢᠨ ᠪᠤᠵᠠᠭᠠᠢᠢᠷᠠᠬᠤ ᠶᠢ ᠳᠡᠮᠵᠢᠵᠦ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ | ᠪᠠᠶᠠᠯᠢᠭ ᠢ ᠪᠠᠶᠠᠯᠢᠭᠵᠢᠭᠤᠯᠤᠨ᠎ᠠ ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ | ᠠᠬᠢᠭᠤᠯᠵᠤ ᠂ ︽ ᠳᠠᠷᠤᠭᠠᠰᠤ ᠶᠢ ᠬᠥᠩᠭᠡᠯᠡᠵᠦ ᠴᠢᠨᠠᠷ ᠰᠠᠶᠢᠲᠠᠶ ᠪᠠᠶᠢᠬᠤ ︾ ᠰᠤᠷᠭᠠᠨ ᠬᠥᠮᠦᠵᠢᠯ ᠤᠨ ᠵᠠᠭᠪᠤᠷ ᠢ ᠭᠤᠶᠢᠪᠢᠰᠢ ᠥᠬᠡᠶ ᠪᠠᠷᠢᠮᠲᠠᠯᠠᠨ ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢ ︽ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ ︾ | ᠥᠭᠡᠷᠡᠴᠢᠯᠡᠯᠲᠡ ᠪᠠ ᠰᠠᠭᠤᠷᠢ ᠰᠤᠷᠭᠠᠨ ᠬᠥᠮᠦᠵᠢᠯ ᠤᠨ ᠤᠯᠤᠰ ᠤᠨ ᠳᠡᠰ ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠦᠨ | ᠬᠡᠷᠡᠭᠯᠡᠬᠦ ᠶᠢ ᠭᠦᠨᠵᠡᠭᠡᠶᠢᠷᠡᠭᠦᠯᠦᠨ᠎ᠡ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠳᠡᠷᠢᠬᠦᠨ ᠤ ᠡᠩᠨᠡᠭᠡᠨ ᠳᠤ ᠳᠡᠪᠰᠢᠨ ᠤᠷᠤᠬᠤ ᠶᠢ ᠠᠬᠢᠭᠤᠯᠵᠤ ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠤᠶᠢᠯᠠᠭᠠᠯᠴᠠᠵᠤ᠂ ᠵᠤᠯᠭᠠᠯᠳᠤᠬᠤ ᠴᠡᠭ ᠢᠶᠠᠨ | ᠤᠨᠤᠪᠴᠢᠳᠠᠢ ᠡᠷᠢᠨ ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠵᠡᠷᠭᠡ ᠶᠢᠨ ᠨᠠᠷᠠᠲᠤ ᠰᠤᠷᠭᠠᠭᠤᠯᠢ ᠲᠠᠢ ᠲᠤᠬᠠᠶ ᠶᠢᠨ ᠭᠠᠵᠠᠷ ᠲᠠᠭᠠᠨ ᠪᠤᠶᠤ | ᠣᠢᠢᠷ᠎ᠠ ᠬᠠᠪᠢ ᠳᠠᠭᠠᠨ ᠬᠠᠮᠲᠤᠷᠠᠨ ᠰᠤᠷᠭᠠᠭᠤᠯᠢ ᠡᠷᠭᠢᠯᠡᠵᠦ ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠦᠢᠴᠡᠳ ᠠᠰᠢᠬᠯᠠᠭᠤᠯᠤᠨᠠ ︔ | ᠨᠠᠷᠠᠲᠤ ᠰᠤᠷᠭᠠᠭᠤᠯᠢ ᠶᠢᠨ ᠵᠠᠬᠢᠷᠤᠯ ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠵᠤ ᠂ ᠨᠠᠷᠠᠲᠤ ᠰᠤᠷᠭᠠᠭᠤᠯᠢ ᠳᠠᠭᠠᠭᠤᠯᠤᠨ ᠡᠷᠭᠢᠯᠡᠬᠦ ᠂ | ᠨᠠᠷᠠᠲᠤ ᠪᠠᠭᠰᠢ ᠪᠠᠷ ᠨᠠᠶᠢᠳᠠᠨ ᠬᠠᠮᠢᠶᠠᠷᠤᠭᠤᠯᠬᠤ ᠂ ᠨᠠᠷᠠᠲᠤ ᠠᠵᠤ ᠠᠬᠤᠢᠢᠯᠠᠯ ᠬᠠᠮᠲᠤᠷᠠᠨ ᠡᠷᠭᠢᠯᠡᠬᠦ ᠵᠡᠷᠭᠡ ᠰᠢᠨ᠎ᠡ ᠵᠠᠭᠪᠤᠷ ᠢ ᠰᠦᠪᠡᠭᠴᠢᠯᠡᠨ | ᠬᠡᠷᠡᠭᠵᠢᠭᠦᠯᠦᠨ᠎ᠡ ᠃ ᠳᠤᠭᠤᠷᠢᠭ ᠤᠨ ᠬᠠᠷᠢᠶᠠᠨ ᠤ ︽ ᠨᠢᠭᠡ ᠵᠢᠩᠬᠢᠨᠢ ᠠᠩᠬᠢ ᠬᠤᠶᠠᠷ ᠲᠤᠰᠬᠠᠶ ᠮᠡᠷᠭᠡᠵᠢᠯ ︾ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠤᠨᠴᠠᠯᠢᠭ ᠲᠠᠢ ᠪᠠᠷ ᠰᠤᠷᠭᠠᠭᠤᠯᠢ ᠡᠷᠭᠢᠯᠡᠬᠦ ᠶᠢ ᠳᠡᠮᠵᠢᠨ᠎ᠡ ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠯᠡᠬᠢ ᠥᠨᠳᠥᠷ ᠬᠢᠷᠢ ᠲᠦᠪᠰᠢᠨ ᠪᠦᠬᠦᠢ ᠰᠤᠷᠭᠠᠨ ᠬᠥᠮᠦᠵᠢᠯ ᠤᠨ ᠳᠤᠬᠳᠠᠯᠴᠠᠭ᠎ᠠ ᠶᠢ ᠪᠦᠬᠦ ᠲᠠᠯ᠎ᠠ ᠪᠠᠷ | ᠪᠠᠶᠢᠭᠤᠯᠤᠨ᠎ᠠ ᠃ | ᠰᠤᠷᠭᠠᠨ ᠬᠥᠮᠦᠵᠢᠯ ᠤᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ ᠃ ᠣᠳᠣ ᠪᠠᠶᠢᠭ᠎ᠠ ᠰᠤᠷᠭᠠᠨ ᠬᠥᠮᠦᠵᠢᠯ ᠤᠨ ᠡᠬᠢ ᠪᠠᠶᠠᠯᠢᠭ ᠲᠠᠭᠠᠨ | ᠰᠠᠭᠤᠷᠢᠯᠠᠵᠤ ᠂ ᠰᠤᠷᠭᠠᠨ ᠬᠥᠮᠦᠵᠢᠯ ᠳᠤ ᠦᠶᠯᠡᠴᠢᠯᠡᠬᠦ ᠰᠢᠨ᠎ᠡ ᠠᠵᠤ ᠠᠬᠤᠶ ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠶᠡᠬᠡᠪᠡᠷ ᠬᠥᠭᠵᠢᠭᠦᠯᠵᠦ ᠂ ᠬᠢᠶ᠎ᠠ | ᠪᠠᠭᠰᠢ ᠲᠣᠭᠤᠷᠢᠭ ᠤᠨ ᠰᠤᠷᠭᠠᠨ ᠬᠥᠮᠦᠵᠢᠯ ᠤᠨ ᠪᠦᠯᠦᠭᠯᠡᠯ ᠢ ᠲᠦᠷᠭᠡᠨ ᠨᠢᠭᠡᠳᠤᠯᠳᠡᠢ ᠳᠦᠯᠦᠪᠯᠡᠨ ᠪᠠᠶᠢᠭᠤᠯᠵᠤ ᠂ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠬᠠᠮᠠᠭᠠᠯᠠᠯᠲᠠ ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢᠨ ᠪᠤᠷᠤᠯᠠᠭᠤᠯᠭ᠎ᠠ ᠂ ᠰᠤᠷᠭᠠᠭᠤᠯᠢ ᠶᠢᠨ ᠬᠦᠷᠢᠶᠡᠨ ᠤ ᠢᠳᠡᠭᠡᠨ | ᠤᠮᠳᠠᠭᠠᠨ ᠤ ᠬᠠᠩᠭᠠᠯᠭ᠎ᠠ ᠶᠢᠨ ᠪᠠᠲᠤᠯᠠᠭ᠎ᠠ ᠵᠡᠷᠭᠡ ᠡᠵᠡᠩᠨᠡᠯᠲᠡ ᠶᠢᠨ ᠲᠥᠷᠥᠯ ᠵᠦᠶᠯ ᠢ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠠᠪᠴᠤ ᠂ | ᠦᠶᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ ᠂ ᠬᠡᠪᠴᠢᠶᠡᠵᠢᠯ ᠤᠨ ᠳᠠᠪᠠᠭᠤᠯᠢᠭ ᠢᠶᠠᠷ ᠪᠠᠭᠰᠢ ᠰᠤᠷᠤᠭᠴᠢᠳ ᠤᠨ ᠬᠤᠭᠤᠯᠠ | ᠪᠤᠳᠠᠭ᠎ᠠ ᠵᠡᠷᠭᠡ ᠠᠮᠢᠳᠤᠷᠠᠯ ᠤᠨ ᠵᠠᠷᠤᠯᠭ᠎ᠠ ᠶᠢ ᠪᠠᠭᠤᠷᠠᠭᠤᠯᠬᠤ ᠶᠢᠨ ᠬᠠᠮᠲᠤ ᠠᠵᠤ ᠠᠬᠤᠶ ᠶᠢᠨ ᠠᠰᠢᠭ ᠣᠷᠤᠯᠭ᠎ᠠ ᠪᠠᠷ ᠰᠤᠷᠭᠠᠨ ᠬᠥᠮᠦᠵᠢᠯ ᠤᠨ ᠪᠡᠯᠡ | ᠣᠷᠣᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠨ᠎ᠡ ᠃ ᠰᠢᠯᠭᠠᠯᠲᠠ ᠳᠤ ᠤᠷᠤᠯᠴᠠᠬᠤ ᠪᠣᠯᠪᠠᠰᠤᠷᠠᠯ ᠂ ᠠᠵᠢᠯ ᠳᠤ ᠣᠷᠣᠬᠤ ᠠᠴᠠ ᠡᠮᠦᠨᠡᠬᠢ | ᠪᠣᠯᠪᠠᠰᠤᠷᠠᠯ ᠵᠡᠷᠭᠡ ᠯᠤᠲᠤ ᠶᠡᠭᠡ ᠳᠠᠯᠳᠠ ᠬᠦᠴᠦᠨ ᠲᠠᠢ ᠨᠠᠰᠤᠨ ᠳᠤ ᠬᠦᠷᠦᠭᠰᠡᠳ ᠤᠨ ᠬᠥᠮᠦᠵᠢᠯ ᠤᠨ ᠵᠠᠬ᠎ᠠ ᠳᠡᠯᠭᠡᠭᠦᠷ ᠲᠤ ᠴᠢᠭᠯᠡᠭᠦᠯᠦᠨ ᠂ | ᠠᠯᠪᠠᠲᠠᠨ ᠤ ᠰᠢᠯᠭᠠᠯᠲᠠ ᠂ ᠬᠠᠤᠯᠢ ᠴᠠᠭᠠᠵᠠ ᠶᠢᠨ ᠰᠢᠯᠭᠠᠯᠲᠠ ᠳᠤ ᠦᠶᠯᠡᠴᠢᠯᠡᠬᠦ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢ | ᠶᠡᠬᠡᠪᠡᠷ ᠣᠷᠣᠭᠤᠯᠤᠨ ᠠᠪᠴᠢᠷᠠᠨ᠎ᠠ ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠴᠢᠳᠠᠪᠤᠷᠢ ᠶᠢᠨ ᠪᠣᠯᠪᠠᠰᠤᠷᠠᠯ ᠂ ᠪᠠᠭᠠᠴᠤᠳ ᠬᠡᠦᠬᠡᠳ ᠤᠨ ᠳᠤᠷ᠎ᠠ | ᠰᠣᠨᠢᠷᠬᠠᠯ ᠤᠨ ᠬᠥᠮᠦᠵᠢᠯ ᠂ ᠵᠠᠯᠠᠭᠤᠴᠤᠳ ᠪᠠᠭᠠᠴᠤᠳ ᠤᠨ ᠬᠥᠮᠦᠵᠢᠯ ᠪᠣᠯᠪᠠᠰᠤᠷᠠᠯ ᠵᠡᠷᠭᠡ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨᠵᠡᠭᠡᠶ | ᠠᠭᠤᠳᠠᠯᠠᠵᠤ ᠂ ᠸᠧᠢ ᠯᠠᠢ ᠵᠡᠷᠭᠡ ᠰᠠᠭᠤᠷᠢ ᠰᠤᠷᠭᠠᠨ ᠬᠥᠮᠦᠵᠢᠯ ᠤᠨ ᠠᠵᠢᠯ ᠲᠥᠷᠥᠯ ᠤᠨ ᠬᠥᠲᠥᠴᠢ ᠨᠠᠷᠠᠲᠤ ᠲᠡᠮᠳᠡᠭᠲᠦ ᠶᠢ ᠢᠳᠡᠪᠬᠢᠲᠡᠶ ᠪᠠᠷ | ᠣᠷᠣᠭᠤᠯᠵᠤ ᠠᠪᠴᠢᠷᠠᠨ ᠂ ᠬᠡᠦᠬᠡᠳ ᠤᠨ ᠰᠤᠷᠭᠠᠨ ᠬᠥᠮᠦᠵᠢᠯ ᠂ ᠡᠴᠢᠭᠡ ᠡᠬᠡ ᠦᠷ᠎ᠡ ᠬᠡᠦᠬᠡᠳ ᠤᠨ ᠬᠠᠷᠢᠯᠴᠠᠨ ᠦᠶᠯᠡᠳᠦᠯᠴᠡᠬᠦ ᠪᠠᠷ ᠭᠤᠤᠯ ᠰᠡᠳᠦᠪ | ᠪᠣᠯᠭᠠᠭᠰᠠᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠃ ᠡᠯᠪᠡᠭ ᠪᠠᠶᠠᠯᠢᠭ ᠰᠣᠶᠣᠯ ᠤᠨ ᠦᠵᠡᠮᠵᠢ | ᠪᠠᠶᠢᠳᠠᠯ ᠪᠠ ᠵᠤᠭᠠᠴᠠᠯ ᠤᠨ ᠡᠬᠢ ᠪᠠᠶᠠᠯᠢᠭ ᠢ ᠭᠦᠶᠴᠡᠳ ᠠᠰᠢᠭᠯᠠᠨ ᠰᠤᠳᠤᠯᠭᠠᠨ ᠵᠢᠭᠠᠨ ᠰᠤᠷᠭᠠᠯᠳᠠ ᠠᠵᠤ ᠦᠶᠯᠡᠰ ᠢ ᠬᠥᠭᠵᠢᠭᠦᠯᠵᠦ ᠂ ᠬᠢᠶ᠎ᠠ | ᠪᠠᠭᠰᠢ ᠶᠢ ᠪᠠᠷᠠᠭᠤᠨ ᠬᠡᠰᠡᠭ ᠣᠷᠣᠨ ᠤ ᠰᠤᠳᠤᠯᠭᠠᠨ ᠵᠢᠭᠠᠨ ᠰᠤᠷᠭᠠᠯᠳᠠ ᠪᠠ ᠵᠤᠭᠠᠴᠠᠯ ᠵᠢᠭᠠᠨ ᠰᠤᠷᠭᠠᠯᠳᠠ ᠶᠢᠨ ᠵᠤᠷᠢᠯᠳᠠᠳᠤ ᠭᠠᠵᠠᠷ ᠪᠣᠯᠭᠠᠨ | ᠪᠥᠲᠥᠭᠡᠨ ᠪᠠᠶᠢᠭᠤᠯᠤᠨ᠎ᠠ ᠃ | (ᠭᠤᠷᠪᠠ) ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠶᠢ ᠭᠦᠨᠵᠡᠭᠡᠶᠢᠷᠡᠭᠦᠯᠵᠦ ᠂ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠤᠯᠠᠮ ᠨᠢᠭᠡ ᠠᠯᠬᠤᠮ ᠲᠦᠷᠭᠡᠳᠬᠡᠨ᠎ᠡ | ᠤᠳᠤᠬᠢᠴᠢᠯᠠᠬᠰᠠᠨ ᠪᠥᠲᠥᠭᠡᠨ ᠪᠠᠶᠢᠭᠤᠯᠤᠯᠲᠠ ᠳᠠᠬᠢ ᠰᠢᠨ᠎ᠡ ᠶᠢ ᠡᠭᠦᠳᠬᠦ ᠶᠢᠨ ᠭᠤᠤᠯᠯᠠᠬᠤ ᠪᠠᠶᠢᠷᠢ ᠰᠠᠭᠤᠷᠢ ᠶᠢ ᠭᠤᠶᠢᠪᠢᠰᠢ ᠥᠬᠡᠶ | ᠪᠠᠷᠢᠮᠲᠠᠯᠠᠵᠤ ᠂ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠤᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠪᠠ ᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠠᠰᠢᠭᠲᠠᠶ ᠠᠵᠠ ᠲᠣᠬᠢᠶᠠᠯ ᠢ ᠡᠵᠡᠮᠳᠡᠨ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠪᠠ ᠴᠢᠳᠠᠪᠤᠷᠢᠲᠠᠨ ᠢ ᠬᠥᠲᠥᠯᠦᠨ ᠬᠥᠮᠦᠵᠢᠭᠦᠯᠬᠦ ᠶᠢ ᠳᠤᠪᠤᠶᠢᠯᠭᠠᠨ ᠰᠠᠶᠢᠲᠤᠷ ᠠᠳᠬᠤᠵᠤ ᠂ ᠴᠢᠨᠠᠷ ᠰᠠᠶᠢᠲᠠᠶ | ᠬᠥᠭᠵᠢᠯᠲᠡ ᠳᠤ ᠥᠨᠢᠳᠡ ᠶᠢᠨ ᠬᠥᠳᠡᠯᠭᠡᠬᠦ ᠬᠦᠴᠦᠨ ᠪᠠ ᠣᠶᠤᠨ ᠤ ᠲᠤᠯᠭᠠᠭᠤᠷᠢᠯᠠᠯ ᠬᠠᠩᠭᠠᠨ᠎ᠠ ᠃ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠰᠤᠳᠤᠯᠭᠠᠨ ᠤ ᠬᠦᠷᠢᠶᠡᠯᠡᠩ ᠯᠦᠭᠡ ᠤᠷᠳᠤ ᠬᠤᠭᠤᠴᠠᠭ᠎ᠠ ᠪᠠᠷ ᠬᠤᠷᠰᠢᠯᠴᠠᠬᠤ ᠬᠠᠷᠢᠴᠠᠭ᠎ᠠ ᠪᠠᠶᠢᠭᠤᠯᠵᠤ ᠂ ᠨᠡᠭᠦᠷᠡᠰᠦ ᠶᠢ ᠴᠡᠪᠡᠷ ᠪᠥᠭᠡᠳ ᠥᠨᠳᠥᠷ | ᠦᠷ᠎ᠡ ᠪᠦᠲᠦᠮᠵᠢᠲᠡᠶ ᠠᠰᠢᠭᠯᠠᠬᠤ ᠂ ᠰᠢᠨ᠎ᠡ ᠡᠨᠧᠷᠭᠢ ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠠᠨ ᠤ | ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ ᠂ ᠨᠢᠭᠡ ᠪᠦᠯᠦᠭ ᠰᠢᠨᠵᠢᠯᠡᠬᠦ | ᠤᠬᠠᠭᠠᠨᠲ᠋ᠧᠭᠨᠢᠭ ᠮᠡᠷᠭᠡᠵᠢᠯ ᠤᠨ ᠲᠤᠰᠬᠠᠶ ᠳᠦᠷᠤᠯ ᠵᠤᠶᠢᠯ ᠢ ᠣᠷᠣᠭᠤᠯᠵᠤ ᠠᠪᠴᠢᠷᠠᠬᠤ ᠶᠢᠨ ᠬᠠᠮᠲᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠠᠬᠢᠭᠤᠯᠵᠤ ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠪᠣᠯᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠮᠠᠨ ᠤ ᠳᠤᠭᠤᠷᠢᠭ ᠲᠤ ᠨᠤᠳᠤᠬᠰᠢᠭᠤᠯᠬᠤ ᠪᠠᠷ ᠴᠢᠷᠮᠠᠶᠢᠨ᠎ᠠ ᠃ ᠣᠷᠳᠣᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠬ᠎ᠠ ᠳᠡᠯᠭᠡᠭᠦᠷ ᠮᠠᠨ ᠤ ᠳᠤᠭᠤᠷᠢᠭ ᠲᠤ ᠡᠷᠦᠬᠡ ᠠᠮᠠ ᠣᠷᠣᠬᠤ ᠶᠢ ᠲᠦᠷᠭᠡᠳᠬᠡᠨ ᠠᠬᠢᠭᠤᠯᠵᠤ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠵᠣᠯᠭᠠᠭᠤᠯᠤᠨ ᠬᠠᠮᠲᠤᠷᠠᠯᠴᠠᠬᠤ ᠶᠢ ᠭᠦᠨᠵᠡᠭᠡᠶ ᠠᠬᠢᠭᠤᠯᠤᠨ᠎ᠠ ᠃ ᠤᠷᠤᠭᠤᠯᠤᠨ ᠠᠪᠴᠢᠷᠠᠬᠤ ᠪᠠ ᠪᠤᠶᠢᠵᠢᠭᠤᠯᠬᠤ | ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ ᠂ ᠨᠢᠭᠡ ᠪᠦᠯᠦᠭ ᠳᠡᠭᠡᠳᠦ ᠰᠢᠨ᠎ᠠ ᠮᠡᠷᠭᠡᠵᠢᠯ ᠤᠨ ᠠᠵᠤ ᠠᠬᠤᠢᠢᠯᠠᠯ ᠪᠣᠯᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠤᠮᠳᠠ ᠪᠠᠭ᠎ᠠ ᠠᠵᠤ ᠠᠬᠤᠶᠢᠯᠠᠯ ᠢ ᠣᠷᠣᠭᠤᠯᠵᠤ ᠠᠪᠴᠢᠷᠠᠬᠤ ᠪᠠ ᠪᠤᠶᠢᠵᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ ᠬᠦᠴᠦᠨ ᠢ ᠲᠠᠰᠤᠷᠠᠯᠳᠠ ᠦᠭᠡᠢ ᠬᠥᠭᠵᠢᠭᠡᠨ᠎ᠡ ᠃ | ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠬᠤᠲᠠ ᠶᠢᠨ ᠳᠡᠭᠡᠳᠦ ᠰᠢᠨ᠎ᠠ ᠮᠡᠷᠭᠡᠵᠢᠯ ᠤᠨ ᠠᠵᠤ | ᠦᠶᠯᠡᠰ ᠤᠨ ᠬᠦᠷᠢᠶᠡᠯᠡᠩ ᠲᠣᠭᠤᠷᠢᠭ ᠯᠤᠭ᠎ᠠ ᠬᠠᠮᠲᠤᠪᠠᠷ ᠵᠠᠰᠠᠵᠤ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ | ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠳᠠᠪᠠᠵᠤ ᠂ ᠪᠡᠯᠡ ᠣᠷᠣᠭᠤᠯᠤᠯᠲᠠ ᠶᠢ ᠬᠠᠮᠲᠤᠪᠠᠷ ᠡᠭᠦᠷᠭᠡᠯᠡᠬᠦ ᠂ ᠦᠷ᠎ᠡ ᠪᠦᠲᠦᠭᠡᠯ ᠢ | ᠬᠠᠮᠲᠤᠪᠠᠷ ᠡᠳ᠋ᠯᠡᠬᠦ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ ᠃ ᠬᠦᠷᠢᠶᠡᠯᠡᠩ ᠲᠣᠭᠤᠷᠢᠭ ᠤᠨ ᠲᠠᠪᠴᠠᠩ ᠤᠨ ᠳᠠᠪᠠᠭᠤᠯᠢᠭ ᠪᠣᠯᠤᠨ | ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠂ ᠠᠵᠤ ᠠᠬᠤᠢᠢᠯᠠᠯ ᠢ | ᠨᠡᠪᠴᠢᠭᠦᠯᠬᠦ ᠵᠡᠷᠭᠡ ᠲᠠᠯ᠎ᠠ ᠪᠠᠷ ᠨᠢᠭᠲᠠ ᠬᠠᠮᠲᠤᠷᠠᠯᠴᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠬᠤᠯᠪᠦᠭᠠᠳᠦ ᠴᠤᠬᠴᠠ ᠶᠢ | ᠬᠠᠮᠲᠤᠪᠠᠷ ᠴᠣᠭᠴᠠᠯᠠᠨ ᠪᠠᠶᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠡᠬᠢ ᠰᠤᠷᠪᠤᠯᠵᠢ ᠶᠢ ᠪᠣᠳᠣᠯᠬᠢᠯᠠᠬᠤ | ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠨ᠎ᠠ ᠃ ᠠᠵᠤ ᠠᠬᠤᠢᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠶᠢ | ᠶᠡᠬᠡᠪᠡᠷ ᠳᠡᠮᠵᠢᠵᠦ ᠂ ᠠᠰᠢᠭᠲᠠᠶ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ ᠂ ᠠᠵᠤ ᠠᠬᠤᠢᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠰᠢᠨ᠎ᠠ ᠶᠢ ᠡᠬᠦᠳᠬᠦ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠶᠢ ᠨᠡᠩ ᠡᠷᠴᠢᠮᠳᠡᠢ ᠳᠠᠶᠢᠴᠢᠯᠠᠵᠤ ᠂ ᠪᠦᠬᠦ ᠨᠡᠶᠢᠭᠡᠮ ᠤᠨ ᠰᠤᠳᠤᠯᠤᠨ ᠨᠡᠭᠡᠭᠡᠨ | ᠬᠦᠭᠵᠢᠬᠦᠯᠬᠦ ᠪᠡᠯᠡ ᠣᠷᠣᠭᠤᠯᠤᠯᠲᠠ ᠶᠢᠨ ᠬᠢᠷᠢ ᠳᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ ᠃ | ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠤᠨ ᠢ ᠬᠦᠭᠵᠢᠭᠡᠨ᠎ᠠ᠃ ᠲᠥᠷᠥ ᠶᠢᠨ ᠪᠣᠳᠣᠯᠭ᠎ᠠ ᠪᠠᠷ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠂ ᠣᠷᠴᠢᠨ ᠠᠬᠤᠢ ᠪᠠᠷ ᠴᠢᠳᠠᠪᠤᠷᠢᠲᠠᠨ ᠢ ᠦᠯᠡᠳᠡᠭᠡᠬᠦ ᠶᠢ ᠪᠠᠷᠢᠮᠲᠠᠯᠠᠵᠤ ᠂ ᠳᠤᠭᠤᠷᠢᠭ ᠤᠨ ᠲᠣᠰ ᠱᠠᠲᠤᠨ ᠤ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠥᠮᠦᠵᠢᠭᠦᠯᠬᠦ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ ᠂ ᠣᠳᠣᠬᠠᠨ ᠤ ᠪᠥᠬᠦ | ᠳᠤᠭᠤᠷᠢᠭ ᠤᠨ ᠠᠵᠤ ᠦᠶᠯᠡᠰ ᠤᠨ ᠬᠥᠭᠵᠢᠯᠲᠡ ᠶᠢᠨ ᠭᠤᠤᠯᠳᠠᠯᠭ᠎ᠠ ᠲᠠᠢ ᠴᠢᠭᠯᠡᠯ ᠲᠠᠢ ᠤᠶᠠᠯᠳᠤᠭᠤᠯᠤᠨ ᠂ ᠪᠠᠴᠢᠮ ᠳᠤᠲᠠᠭᠳᠠᠵᠤ ᠪᠠᠶᠢᠭ᠎ᠠ | ᠮᠡᠷᠭᠡᠵᠢᠯ ᠤᠨ ᠴᠢᠳᠠᠪᠤᠷᠢᠲᠠᠨ ᠤ ᠭᠠᠷᠴᠠᠭ ᠢ ᠭᠠᠷᠭᠠᠵᠤ ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠡᠯ᠎ᠡ ᠲᠥᠷᠥᠯ ᠤᠨ ᠠᠵᠢᠯᠯᠠᠭ᠎ᠠ ᠪᠠᠷ | ᠳᠠᠮᠵᠢᠭᠤᠯᠤᠨ ᠂ ᠴᠢᠳᠠᠪᠤᠷᠢᠲᠠᠨ ᠤ ᠮᠡᠳᠡᠭᠡ ᠵᠠᠩᠭᠢ ᠶᠢᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠨ ᠂ ᠨᠠᠩ ᠣᠯᠠᠨ ᠴᠢᠳᠠᠪᠤᠷᠢᠲᠠᠨ ᠢ | ᠤᠷᠤᠭᠤᠯᠤᠨ ᠠᠪᠴᠢᠷᠠᠵᠤ ᠮᠠᠨ ᠤ ᠳᠤᠭᠤᠷᠢᠭ ᠲᠤ ᠨᠤᠲᠤᠭᠰᠢᠭᠤᠯᠤᠨ᠎ᠠ ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠶᠯᠡᠴᠢᠯᠡᠭᠡᠨ ᠤ | ᠨᠣᠭᠤᠭᠠᠨ ᠺᠠᠷᠲ ᠤᠨ ᠲᠦᠷᠢᠮ ᠢ ᠪᠠᠶᠢᠭᠤᠯᠵᠤ ᠂ ᠣᠷᠣᠨ ᠰᠠᠭᠤᠴᠠ ᠂ ᠡᠪᠡᠳᠴᠢᠨ ᠦᠵᠡᠭᠦᠯᠬᠦ ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ | ᠵᠡᠷᠭᠡ ᠲᠠᠯ᠎ᠠ ᠪᠠᠷ ᠵᠣᠬᠢᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ ᠂ ᠨᠠᠩ ᠶᠡᠭᠡ ᠪᠠᠭᠲᠠᠭᠠᠮᠵᠢᠲᠤ ᠴᠢᠨᠠᠷ ᠪᠠ ᠲᠠᠲᠠᠬᠤ ᠬᠦᠴᠦᠨ ᠲᠠᠢ | ᠴᠢᠳᠠᠪᠤᠷᠢᠲᠠᠨ ᠤ ᠦᠶᠯᠡᠴᠢᠯᠡᠭᠡᠨ ᠤ ᠪᠠᠲᠤᠯᠠᠭ᠎ᠠ ᠶᠢᠨ ᠣᠷᠴᠢᠨ ᠠᠬᠤᠢ ᠶᠢ ᠢᠳᠡᠪᠬᠢᠲᠡᠶ ᠪᠠᠷ ᠪᠣᠶ ᠪᠣᠯᠭᠠᠨ᠎ᠠ ᠃ ᠺᠠᠳ᠋ᠷ ᠴᠢᠳᠠᠪᠤᠷᠢᠲᠠᠨ ᠢ ᠳᠤᠰᠢᠶᠠᠯ | ᠡᠭᠦᠷᠭᠡᠯᠡᠨ ᠪᠣᠯᠪᠠᠰᠤᠷᠠᠬᠤ ᠰᠣᠯᠢᠯᠴᠠᠬᠤ ᠳᠦᠷᠤᠯ ᠵᠤᠶᠢᠯ ᠢ ᠬᠡᠷᠡᠭᠵᠢᠭᠦᠯᠵᠦ ᠂ ᠵᠢᠯ ᠪᠤᠯᠭᠠᠨ ᠠᠵᠤ ᠠᠬᠤᠶ ᠂ ᠮᠥᠩᠭᠦᠨ ᠭᠦᠢᠯᠭᠡᠭᠡ ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠴᠠᠷᠠᠭᠠᠨ ᠤ ᠺᠠᠳ᠋ᠷ ᠢ ᠰᠣᠩᠭᠤᠨ ᠲᠣᠮᠢᠯᠠᠵᠤ ᠲᠡᠷᠢᠭᠦᠨ ᠤ ᠭᠠᠵᠠᠷ ᠣᠷᠣᠨ ᠳᠤ ᠲᠤᠰᠢᠶᠠᠯ ᠡᠭᠦᠷᠭᠡᠯᠡᠭᠦᠯᠦᠨ | ᠰᠤᠷᠤᠯᠴᠠᠭᠤᠯᠵᠤ ᠂ ᠺᠠᠳ᠋ᠷ ᠢ ᠬᠥᠮᠦᠵᠢᠭᠦᠯᠬᠦ ᠠᠵᠢᠯ ᠪᠠ ᠴᠢᠳᠠᠪᠤᠷᠢᠲᠠᠨ ᠤ ᠡᠩᠨᠡᠭᠡ ᠱᠠᠳᠤᠴᠢᠯᠠᠬᠰᠠᠨ ᠪᠠᠶᠢᠭᠤᠯᠤᠯᠲᠠ ᠶᠢ ᠢᠳᠡᠪᠬᠢᠲᠡᠶ | ᠴᠢᠩᠭᠠᠳᠬᠠᠨ᠎ᠠ ᠃ | ︵ ᠳᠥᠷᠪᠡ ︶ ᠡᠷᠡᠭᠦᠯ ᠮᠡᠨᠳᠦ ᠶᠢᠨ ᠠᠵᠤ ᠦᠶᠯᠡᠰ ᠢ ᠪᠤᠵᠠᠭᠠᠶᠢᠷᠠᠭᠤᠯᠵᠤ ᠂ ᠥᠨᠳᠥᠷ ᠬᠢᠷᠢ ᠲᠦᠪᠰᠢᠨ ᠪᠥᠬᠦᠶ ᠡᠷᠡᠭᠦᠯ ᠮᠡᠨᠳᠦ ᠶᠢᠨ | ᠬᠤᠲᠠ ᠶᠢ ᠪᠥᠲᠥᠭᠡᠨ ᠪᠠᠶᠢᠭᠤᠯᠤᠨ᠎ᠠ | ︽ ᠡᠷᠡᠭᠦᠯ ᠬᠠᠮᠠᠭᠠᠯᠠᠯ ᠂ ᠡᠷᠡᠭᠦᠯ ᠮᠡᠨᠳᠦ ︾ ᠶᠢᠨ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ ᠂ ᠴᠢᠨᠠᠷᠯᠢᠭ ᠡᠷᠡᠭᠦᠯ | ᠮᠡᠨᠳᠦ ᠶᠢᠨ ᠡᠬᠢ ᠪᠠᠶᠠᠯᠢᠭ ᠪᠠ ᠦᠶᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠦᠨ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠶᠯᠡᠴᠢᠯᠡᠭᠡᠨ ᠤ ᠳᠤᠬᠳᠠᠯᠴᠠᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ ᠂ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠴᠢᠨᠠᠷᠯᠢᠭ ᠡᠷᠡᠭᠦᠯ ᠮᠡᠨᠳᠦ ᠶᠢᠨ ᠦᠶᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠨ᠎ᠠ ᠃ | ᠡᠮᠴᠢᠯᠡᠭᠡ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ ᠲᠡᠭᠦᠯᠳᠡᠷᠵᠢᠭᠦᠯᠦᠨ᠎ᠡ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ | ᠢᠯᠡᠷᠡᠭᠰᠡᠨ ᠣᠯᠠᠨ ᠨᠡᠢᠲᠡ ᠶᠢᠨ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠥᠷᠢᠯᠡᠵᠦ ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠳᠤᠬᠳᠠᠯᠴᠠᠭ᠎ᠠ | ᠶᠢ ᠪᠦᠷᠢᠨᠰᠢᠬᠦᠯᠦᠨ ᠂ ᠳᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠣᠯᠠᠨ | ᠨᠡᠶᠢᠳᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠬᠳᠠᠯᠴᠠᠭ᠎ᠠ ᠶᠢ ᠲᠡᠭᠦᠯᠳᠡᠷᠵᠢᠭᠦᠯᠵᠦ ᠂ ᠨᠥᠬᠦᠴᠡᠯ ᠪᠦᠷᠢᠳᠦᠭᠰᠡᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠭᠠᠨ ᠲᠡᠰ ᠳᠡᠪᠰᠢᠭᠦᠯᠦᠨ ᠥᠭᠡᠷᠡᠴᠢᠯᠡᠬᠦ ᠶᠢ | ᠲᠡᠮᠵᠢᠵᠤ ᠂ ᠵᠦᠵᠢᠶᠠᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠨᠡᠭᠦᠯᠭᠡᠬᠦ ᠠᠵᠢᠯ ᠢ ᠪᠡᠶᠡᠯᠡᠭᠦᠯᠵᠦ ᠂ | ᠡᠩᠭᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠵᠦ ᠂ 《 10 ᠮᠢᠨᠦ᠋ᠲ ᠤᠨ ᠶᠠᠪᠠᠭᠠᠨ ᠵᠠᠮ | ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠠᠭᠠᠷᠢᠭ》 ᠢ ᠪᠠᠶᠢᠭᠤᠯᠤᠨ᠎ᠠ ᠃ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ | ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠶᠯᠡᠴᠢᠯᠡᠬᠦ APP ᠶᠢ | ᠳᠡᠯᠭᠡᠷᠡᠭᠦᠯᠦᠨ ᠬᠡᠷᠡᠭᠯᠡᠵᠦ ᠂ ᠭᠤᠤᠯᠳᠠᠯᠭ᠎ᠠ ᠲᠠᠢ ᠬᠥᠮᠦᠰ ᠲᠤ ᠥᠪᠡᠷᠮᠢᠴᠡ ᠦᠶᠯᠡᠴᠢᠯᠡᠭᠡᠨ ᠤ ᠲᠥᠰᠦᠯ ᠲᠣᠭᠲᠠᠭᠠᠨ ᠥᠭᠴᠦ ᠂ ᠰᠠᠭᠤᠭᠠᠯᠢ ᠠᠷᠠᠳ | ᠨᠢᠭᠡᠪᠦᠷᠢ ᠳᠤ ᠴᠥᠮ ᠥᠪᠡᠷ ᠤᠨ ᠬᠠᠨᠤᠮᠵᠢᠲᠠᠶ ︽ ᠡᠷᠡᠭᠦᠯ ᠮᠡᠨᠳᠦ ᠶᠢᠨ ᠬᠠᠮᠢᠶᠠᠷᠤᠭᠴᠢ ︾ ᠲᠠᠢ ᠪᠣᠯᠭᠠᠬᠤ ᠪᠠᠷ ᠴᠢᠷᠮᠠᠶᠢᠨ᠎ᠠ ᠃ | ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠰᠢᠯᠢᠳᠡᠭᠵᠢᠬᠦᠯᠤᠨ᠎ᠠ᠃ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠂ ᠬᠢᠲᠠᠳ ᠮᠣᠩᠭᠤᠯ ᠡᠮᠨᠡᠯᠭᠡ ᠂ ᠤᠳᠠᠭᠠᠨ ᠴᠢᠨᠠᠷᠲᠠᠶ ᠡᠪᠡᠳᠴᠢᠨ ᠂ | ᠪᠠᠶᠢᠡᠭᠭᠤ ᠲᠤᠬᠢᠶᠡᠯᠳᠦᠳᠠᠭ ᠡᠪᠡᠦᠡᠴᠢᠠ ᠵᠡᠷᠭᠡ ᠲᠤᠰᠬᠠᠶ ᠰᠠᠯᠠᠭᠠᠨ ᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠥᠲᠥᠭᠡᠨ ᠪᠠᠶᠢᠭᠤᠯᠤᠯᠲᠠ ᠶᠢ | ᠳᠡᠮᠵᠢᠵᠦ ᠂ ᠡᠮᠴᠢ ᠶᠢᠨ ᠣᠯᠠᠨ ᠴᠡᠭ ᠲᠤ ᠠᠵᠢᠯ ᠡᠷᠭᠢᠯᠡᠬᠦ ᠂ ᠡᠪᠡᠳᠴᠢᠲᠡᠨ ᠤ ᠮᠡᠳᠡᠭᠡ ᠵᠠᠩᠭᠢ ᠶᠢ ᠬᠠᠮᠲᠤᠪᠠᠷ ᠭᠡᠷᠡᠭᠯᠡᠬᠦ ᠂ ᠠᠯᠤᠰ ᠠᠴᠠ | ᠬᠠᠮᠲᠤᠷᠠᠨ ᠣᠨᠣᠰᠢᠯᠠᠬᠤ ᠶᠢᠨ ᠬᠠᠮᠵᠢᠯᠴᠠᠭ᠎ᠠ ᠶᠢ ᠪᠡᠶᠡᠯᠡᠭᠦᠯᠵᠦ ᠂ ᠭᠠᠵᠠᠷ ᠣᠷᠣᠨ ᠤ ᠡᠮᠴᠢᠯᠡᠭᠡᠨ ᠤ ᠦᠶᠯᠡᠴᠢᠯᠡᠭᠡᠨ ᠤ ᠬᠢᠷᠢ ᠳᠦᠪᠰᠢᠨ ᠢ | ᠳᠡᠭᠡᠭᠰᠢᠯᠡᠭᠦᠯᠦᠨ᠎ᠡ ᠃ ᠳᠤᠭᠤᠷᠢᠭ ᠤᠨ ᠬᠠᠷᠢᠶᠠᠨ ᠤ ᠬᠤᠲᠠ ᠶᠢᠨ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠶᠢ ᠢᠳᠡᠪᠬᠢᠲᠡᠶ ᠪᠠᠷ ᠬᠠᠮᠵᠢᠨ | ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠵᠡᠷᠭᠡ | ᠡᠮᠴᠢᠯᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠰᠠᠭᠤᠨ ᠡᠮᠴᠢᠯᠡᠬᠦ ᠂ ᠠᠯᠤᠰ ᠠᠴᠠ ᠣᠨᠣᠰᠢᠯᠠᠨ ᠡᠮᠨᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠤᠯᠤᠰ ᠤᠨ ᠳᠣᠲᠣᠭᠠᠳᠤ ᠶᠢᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠬᠢᠶ᠎ᠠ ᠪᠠᠭᠰᠢ ᠳᠤ | ᠣᠷᠣᠭᠤᠯᠵᠤ ᠂ ᠣᠯᠠᠨ ᠲᠦᠮᠡᠨ ᠳᠤ ᠬᠡᠷ ᠤᠨ ᠡᠭᠦᠳᠡᠨ ᠳᠡᠭᠡᠷ᠎ᠠ ᠨᠢ ᠰᠢᠯᠢᠳᠡᠭ ᠡᠮᠴᠢᠯᠡᠭᠡᠨ ᠤ ᠦᠶᠯᠡᠴᠢᠯᠡᠭᠡ ᠬᠦᠷᠲᠡᠭᠡᠨ᠎ᠡ ᠃ ᠨᠡᠶᠢᠭᠡᠮ ᠤᠨ ᠬᠥᠷᠦᠩᠭᠡ | ᠪᠠᠷ ᠡᠷᠡᠭᠦᠯᠵᠢᠯ ᠰᠤᠪᠢᠯᠠᠯᠲᠠ ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠂ ᠠᠨᠠᠭᠠᠬᠤ ᠤᠬᠠᠭᠠᠨ ᠤ ᠵᠢᠰᠦ ᠭᠤᠶᠣᠯᠠᠬᠤ ᠵᠡᠷᠭᠡ ᠳᠡᠭᠡᠳᠦ | ᠲᠠᠰ ᠤᠨ ᠡᠮᠴᠢᠯᠡᠭᠡ ᠰᠤᠪᠢᠯᠠᠯᠲᠠ ᠶᠢᠨ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠵᠤ ᠂ ᠤᠯᠤᠰ ᠤᠨ ᠳᠣᠲᠣᠭᠠᠳᠤ ᠶᠢᠨ ᠬᠡᠦᠬᠡᠳ ᠤᠨ ᠨᠠᠷᠠᠲᠤ | ᠡᠮᠨᠡᠯᠭᠡ ᠶᠢᠨ ᠬᠤᠷᠢᠶ᠎ᠠ ᠂ ᠨᠢᠳᠦᠨ ᠡᠮᠨᠡᠯᠭᠡ ᠶᠢᠨ ᠬᠤᠷᠢᠶ᠎ᠠ ᠵᠡᠷᠭᠡ ᠤᠨᠴᠠᠯᠢᠬᠳᠤ ᠲᠤᠰᠬᠠᠶ ᠡᠮᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ | ᠣᠷᠣᠭᠤᠯᠤᠨ ᠠᠪᠴᠢᠷᠠᠵᠤ ᠂ ᠣᠯᠠᠨ ᠲᠦᠮᠡᠨ ᠤ ᠣᠯᠠᠨ ᠡᠰᠢᠵᠢᠬᠦᠯᠦᠭᠰᠡᠨ ᠡᠷᠡᠭᠦᠯ ᠮᠡᠨᠳᠦ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ ᠃ | | ᠡᠷᠡᠬᠦᠯ ᠮᠡᠨᠳᠤ ᠨᠠᠰᠤᠳᠠᠨ ᠤ ᠠᠰᠠᠷᠠᠮᠵᠢ ᠶᠢᠨ ᠠᠵᠤ ᠦᠶᠯᠡᠰ ᠢ ᠬᠥᠭᠵᠢᠭᠦᠯᠦᠨ᠎ᠡ ᠃ ᠬᠢᠶ᠎ᠠ ᠪᠠᠭᠰᠢ ᠶᠢᠨ ᠠᠮᠢ ᠠᠬᠤᠶ ᠂ ᠠᠭᠤᠷ | ᠠᠮᠢᠰᠬᠤᠯ ᠂ ᠣᠷᠴᠢᠨ ᠲᠣᠭᠤᠷᠢᠨ ᠵᠡᠷᠭᠡ ᠳᠠᠪᠠᠭᠤᠯᠢᠭ ᠢ ᠭᠦᠢᠴᠡᠳ ᠠᠰᠢᠭᠯᠠᠨ ᠂ ᠨᠡᠶᠢᠭᠡᠮ ᠤᠨ ᠬᠥᠷᠦᠩᠭᠡ ᠶᠢ ᠳᠠᠳᠠᠨ ᠣᠷᠣᠭᠤᠯᠵᠤ ᠂ ᠰᠡᠯᠡᠭᠦᠴᠡᠨ | ᠰᠤᠪᠢᠯᠠᠬᠤ ᠂ ᠪᠡᠶ᠎ᠡ ᠶᠢᠨ ᠲᠠᠮᠢᠷ ᠤᠨ ᠰᠤᠪᠢᠯᠠᠯᠲᠠ ᠵᠡᠷᠭᠡ ᠡᠷᠡᠭᠦᠯ ᠮᠡᠨᠳᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ ᠂ ᠲᠠᠢ ᠹᠠ ᠰᠢᠶᠠᠩ ᠤᠨ ᠺᠠᠩ ᠶᠠᠩ | ᠪᠠᠯᠭᠠᠰᠤ ᠵᠡᠷᠭᠡ ᠶᠡᠷᠦᠩᠬᠡᠶᠢᠯᠡᠭᠰᠡᠨ ᠴᠢᠨᠠᠷᠲᠠᠶ ᠰᠡᠯᠡᠭᠦᠴᠡᠨ ᠰᠤᠪᠢᠯᠠᠬᠤ ᠰᠠᠭᠤᠷᠢᠨ ᠭᠠᠵᠠᠷ ᠢ ᠪᠥᠳᠥᠭᠡᠨ ᠪᠠᠶᠢᠭᠤᠯᠬᠤ ᠶᠢ ᠠᠬᠢᠭᠤᠯᠵᠤ ᠂ 《ᠪᠡᠶ᠎ᠡ ᠰᠤᠪᠢᠯᠠᠯᠳᠠ | ᠲᠠᠢ ᠬᠢᠶ᠎ᠠ ᠪᠠᠭᠰᠢ》 ᠶᠢᠨ ᠨᠡᠷᠡᠳᠥ ᠲᠡᠮᠳᠡᠭ ᠢ ᠡᠬᠦᠳᠤᠨ᠎ᠠ ᠃ ᠨᠢᠭᠡ ᠪᠦᠯᠦᠭ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠂ ᠬᠤᠲᠠ ᠶᠢᠨ ᠠᠷᠠᠳ ᠤᠨ | ᠪᠥᠮᠪᠥᠭᠡᠨ ᠲᠠᠯᠠᠪᠤᠷ ᠂ ᠠᠷᠠᠳ ᠲᠤ ᠲᠥᠬᠦᠮ ᠦᠵᠡᠭᠦᠯᠬᠦ ᠪᠡᠶ᠎ᠡ ᠴᠢᠭᠢᠷᠠᠭᠵᠢᠭᠤᠯᠬᠤ ᠴᠡᠭ ᠢ ᠰᠢᠨ᠎ᠡ ᠪᠠᠷ ᠪᠠᠶᠢᠭᠤᠯᠵᠤ ᠂ ᠬᠤᠲᠠ ᠶᠢᠨ ᠨᠡᠭᠠᠳᠦᠮ ᠂ | ᠣᠷᠳᠣᠰ ᠤᠨ ᠮᠠᠷᠠᠽᠤᠨ ᠂ ᠪᠠᠭ᠎ᠠ ᠮᠠᠷᠠᠽᠤᠨ ᠵᠡᠷᠭᠡ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠡᠷᠭᠢᠯᠡᠨ ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ ᠂ ᠪᠥᠬᠦ ᠨᠡᠶᠢᠭᠡᠮ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠂ | ᠥᠭᠡᠳᠡᠯᠡᠨ ᠳᠠᠪᠰᠢᠬᠤ ᠰᠠᠶᠢᠨ ᠰᠠᠶᠢᠬᠠᠨ ᠠᠬᠤᠢ ᠪᠠᠶᠢᠳᠠᠯ ᠲᠠᠢ ᠪᠣᠯᠭᠠᠨ᠎ᠠ ᠃ ︽ ᠬᠡᠷ ᠲᠡᠭᠡᠨ ᠰᠠᠭᠤᠵᠤ ᠬᠦᠷᠳᠡᠬᠦ ᠨᠡᠶᠢᠭᠡᠮ ᠲᠣᠭᠤᠷᠢᠭ ᠤᠨ | ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ︾ ᠡᠷᠡᠬᠦᠯ | ᠮᠡᠨᠳᠤ ᠨᠠᠰᠤᠳᠠᠨ ᠤ ᠠᠰᠠᠷᠠᠮᠵᠢ ᠶᠢᠨ ᠦᠶᠯᠡᠴᠢᠯᠡᠭᠡᠨ ᠤ ᠳᠤᠬᠳᠠᠯᠴᠠᠭ᠎ᠠ ᠶᠢ ᠪᠠᠶᠢᠭᠤᠯᠵᠤ ᠂ ᠵᠦᠵᠢᠶᠠᠩ ᠂ ᠨᠢᠩ ᠰᠢᠨ ᠵᠡᠷᠭᠡ ᠨᠡᠶᠢᠭᠡᠮ ᠲᠣᠭᠤᠷᠢᠭ ᠲᠤ | ᠨᠠᠰᠤᠳᠠᠨ ᠤ ᠠᠰᠠᠷᠠᠮᠵᠢ ᠶᠢᠨ ᠦᠶᠯᠡᠴᠢᠯᠡᠭᠡᠨ ᠤ ᠲᠥᠪ ᠂ ᠲᠣᠭᠤᠷᠢᠭ ᠤᠨ ᠨᠡᠶᠢᠭᠡᠮ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠢ ᠪᠠᠶᠢᠭᠤᠯᠬᠤ | ᠠᠰᠢᠬᠯᠠᠯᠳᠠ ᠳᠤ ᠤᠷᠤᠭᠤᠯᠬᠤ ᠶᠢᠨ ᠬᠠᠮᠲᠤ ᠲᠥᠷᠥᠯ ᠵᠦᠶᠯ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠢᠳᠡᠪᠬᠢᠲᠡᠶ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ︽ ᠬᠡᠷ ᠲᠡᠭᠡᠨ ᠰᠠᠭᠤᠵᠤ ᠪᠠᠶᠢᠭ᠎ᠠ ᠪᠠ ᠨᠡᠶᠢᠭᠡᠮ ᠲᠣᠭᠤᠷᠢᠭ + ᠨᠡᠭᠦᠳᠡᠯ | ᠮᠠᠶ᠋ᠢᠭ ︾ ᠤᠨ ᠨᠠᠰᠤᠳᠠᠨ ᠤ ᠠᠰᠠᠷᠠᠮᠵᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ ᠃ | ︵ ᠲᠠᠪᠤ ︶ ᠰᠣᠶᠣᠯ ᠤᠨ ᠠᠭᠤᠯᠤᠬᠳᠠᠬᠤᠨ ᠢ ᠪᠠᠶᠠᠯᠢᠬᠵᠢᠭᠤᠯᠵᠤ ᠂ ᠪᠥᠬᠦ ᠤᠷᠤᠨ ᠪᠦᠰᠡ ᠶᠢᠨ ᠵᠤᠭᠠᠴᠠᠯ ᠤᠨ ᠬᠥᠭᠵᠢᠯᠲᠡ ᠶᠢᠨ | ᠴᠢᠳᠠᠪᠤᠷᠢ ᠳᠡᠰᠵᠢᠯᠳᠡ ᠶᠢ ᠳᠡᠭᠡᠭᠰᠢᠯᠡᠭᠦᠯᠦᠨ᠎ᠡ | ᠣᠷᠳᠣᠰ ᠤᠨ ᠣᠯᠠᠨ ᠡᠰᠢᠲᠦ ᠰᠣᠶᠣᠯ ᠢ ᠶᠡᠬᠡᠪᠡᠷ ᠤᠯᠠᠮᠵᠢᠯᠠᠨ ᠵᠠᠯᠭᠠᠮᠵᠢᠯᠠᠵᠤ ᠂ ᠬᠢᠶ᠎ᠠ ᠪᠠᠭᠰᠢ ᠶᠢᠨ ᠤᠨᠴᠠᠯᠢᠬᠳᠤ ᠰᠣᠶᠣᠯ ᠢ | ᠲᠠᠰᠤᠷᠠᠯᠲᠠ ᠥᠬᠡᠶ ᠪᠠᠶᠠᠯᠢᠬᠵᠢᠭᠤᠯᠤᠨ ᠂ ᠡᠯᠪᠡᠭ ᠪᠠᠶᠠᠯᠢᠭ ᠰᠣᠶᠣᠯ ᠤᠨ ᠵᠤᠭᠠᠴᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠨ ᠠᠰᠢᠭᠯᠠᠵᠤ ᠂ | ᠰᠣᠶᠣᠯ ᠢᠶᠠᠷ ᠵᠤᠭᠠᠴᠠᠯ ᠢ ᠠᠬᠢᠭᠤᠯᠬᠤ ᠂ ᠵᠤᠭᠠᠴᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠨ ᠂ ᠬᠦᠴᠦᠨ ᠲᠡᠭᠦᠯᠳᠡᠷ ᠠᠷᠭ᠎ᠠ | ᠬᠡᠮᠵᠢᠶ᠎ᠡ ᠪᠠᠷ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠤᠯᠤᠰ ᠤᠨ 5A ᠲᠠᠰ ᠤᠨᠵᠤᠭᠠᠴᠠᠯ ᠤᠨ ᠦᠵᠡᠮᠵᠢᠲᠦ ᠣᠷᠣᠨ | ᠪᠠ ᠤᠯᠤᠰ ᠤᠨ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠵᠦ ᠂ ᠪᠥᠬᠦ | ᠤᠷᠤᠨ ᠪᠦᠰᠡ ᠵᠢᠨᠵᠤᠭᠠᠴᠠᠯ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ ᠃ | ᠬᠤᠳᠠ ᠶᠢᠨ ᠰᠣᠶᠣᠯ ᠤᠨ ᠤᠬᠢ ᠰᠠᠶᠢᠨ ᠤᠷᠴᠢᠨ ᠠᠬᠤᠢ ᠶᠢ ᠪᠠᠶᠢᠭᠤᠯᠤᠨ᠎ᠠ ᠃ ᠪᠣᠯᠪᠠᠰᠤᠨ ᠬᠢᠶ᠎ᠠ ᠪᠠᠭᠰᠢ ᠶᠢᠨ ᠪᠠᠶᠢᠭᠤᠯᠤᠯᠲᠠ ᠶᠢ | ᠠᠬᠢᠭᠤᠯᠵᠤ ᠂ ᠪᠣᠯᠪᠠᠰᠤᠨ ᠢ ᠡᠭᠦᠳᠦᠨ ᠪᠠᠶᠢᠭᠤᠯᠬᠤ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ ᠂ | ᠠᠷᠠᠳ ᠢᠷᠭᠡᠳ ᠤᠨ ᠪᠣᠯᠪᠠᠰᠤᠨ ᠤ ᠬᠡᠪ ᠴᠢᠨᠠᠷ ᠪᠣᠯᠤᠨ ᠨᠡᠶᠢᠭᠡᠮ ᠤᠨ ᠪᠣᠯᠪᠠᠰᠤᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ ᠂ | ᠳᠣᠲᠣᠭᠠᠳᠤ ᠳᠠᠭᠠᠨ ᠬᠥᠮᠦᠰ ᠤᠨ ᠰᠡᠳᠬᠢᠯ ᠢ ᠨᠢᠭᠲᠠᠷᠠᠭᠤᠯᠵᠤ ᠂ ᠭᠠᠳᠠᠭᠰᠢ ᠪᠠᠨ ᠲᠦᠷᠢ ᠲᠥᠷᠬᠦ ᠶᠢ ᠱᠤᠭᠤᠨ ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠬᠤᠰᠢᠭᠤᠴᠢ ᠣᠷᠣᠨ ᠢ ᠪᠠᠶᠢᠭᠤᠯᠤᠨ᠎ᠠ ᠃ ᠰᠣᠶᠣᠯ ᠢᠶᠠᠷ ᠬᠤᠲᠠ ᠶᠢ 《 ᠱᠤᠭᠤᠬᠤ》 ᠶᠢ ᠪᠠᠷᠢᠮᠲᠠᠯᠠᠵᠤ ᠂ | ᠨᠡᠩ ᠣᠯᠠᠨ ᠰᠣᠶᠣᠯ ᠤᠨ ᠬᠦᠴᠤᠨ ᠵᠤᠶᠢᠯ ᠢ ᠬᠤᠲᠠ ᠶᠢᠨ ᠪᠦᠲᠦᠭᠡᠨ ᠪᠠᠶᠢᠭᠤᠯᠤᠯᠲᠠ ᠳᠤ ᠠᠭᠤᠰᠬᠠᠨ ᠣᠷᠣᠭᠤᠯᠵᠤ ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ ᠨᠠᠮ ᠤᠨ ᠲᠡᠦᠬᠡ ᠶᠢᠨ ᠨᠠᠮᠴᠢ ᠴᠢᠨᠠᠷ ᠤᠨ ᠬᠥᠮᠦᠵᠢᠯ ᠤᠨ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ ᠂ 《 ᠬᠠᠤᠯᠢᠵᠢᠯ ᠰᠣᠶᠣᠯ 》 ᠢ ᠪᠠᠳᠠᠷᠠᠭᠤᠯᠬᠤ ᠦᠨᠳᠦᠰᠦᠨ ᠬᠠᠤᠯᠢ ᠶᠢᠨ ᠴᠡᠴᠡᠷᠯᠢᠭ ᠢ | ᠪᠠᠶᠢᠭᠤᠯᠵᠤ ᠂ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︾ ᠶᠢ ᠢᠯᠡᠷᠡᠭᠦᠯᠦᠭᠰᠡᠨ | ᠦᠨᠳᠤᠰᠤᠲᠠᠨ ᠤ ᠪᠦᠯᠭᠦᠮᠳᠡᠯ ᠭᠤᠤᠯ ᠰᠡᠳᠦᠪᠲᠦ ᠴᠡᠴᠡᠷᠯᠢᠭ ᠢ ᠰᠢᠯᠢᠳᠡᠭᠵᠢᠭᠦᠯᠦᠨ ᠪᠦᠳᠤᠭᠡᠨ ᠪᠠᠶᠢᠭᠤᠯᠵᠤ ᠂ ᠭᠠᠵᠠᠷ ᠣᠷᠣᠨ ᠤ ᠤᠯᠠᠮᠵᠢᠯᠠᠯᠲᠤ | ᠰᠣᠶᠣᠯ ᠢ ᠳᠡᠯᠭᠡᠨ ᠦᠵᠡᠭᠦᠯᠬᠦ ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ ᠂ ᠲᠡᠦᠬᠡ ᠰᠣᠶᠣᠯ ᠤᠨ ᠦᠪ ᠢ ᠤᠯᠠᠮᠵᠢᠯᠠᠨ ᠵᠠᠯᠭᠠᠮᠵᠢᠯᠠᠵᠤ ᠂ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠨ ᠂ ᠬᠤᠲᠠ ᠶᠢᠨ | ᠰᠣᠶᠣᠯ ᠢ ᠪᠠᠳᠠᠷᠠᠭᠤᠯᠵᠤ ᠂ ᠬᠢᠶ᠎ᠠ ᠪᠠᠭᠰᠢ ᠶᠢ ᠣᠷᠳᠣᠰ ᠤᠨ ᠣᠯᠠᠨ ᠡᠰᠢᠲᠦ ᠰᠣᠶᠣᠯ ᠢ ᠲᠥᠪᠯᠡᠷᠡᠭᠦᠯᠦᠨ ᠳᠡᠯᠭᠡᠨ ᠦᠵᠡᠭᠦᠯᠬᠦ ᠴᠢᠬᠤᠯᠠ ᠴᠤᠩᠬᠤᠪᠴᠢ | ᠪᠣᠯᠭᠠᠨ ᠪᠥᠲᠥᠭᠡᠨ ᠪᠠᠶᠢᠭᠤᠯᠤᠨ᠎ᠠ ᠃ ︽ ᠵᠣᠯ ᠵᠢᠷᠭᠠᠯ ᠲᠠᠢ ᠣᠷᠣᠰᠢᠨ ᠰᠠᠭᠤᠬᠤ ᠳᠤ ᠲᠠᠭᠠᠯᠠᠮᠵᠢᠲᠠᠢ ︾ ᠬᠤᠳᠠ ᠶᠢᠨ ᠲᠦᠷᠢ ᠲᠥᠷᠬᠦ ᠶᠢ ᠶᠡᠬᠡᠪᠡᠷ | ᠤᠬᠠᠭᠤᠯᠤᠨ ᠳᠡᠯᠭᠡᠷᠡᠭᠦᠯᠵᠦ ᠂ ᠬᠢᠶ᠎ᠠ ᠪᠠᠰᠢ ᠶᠢᠨ ᠥᠪᠡᠷᠮᠢᠴᠡ ᠰᠣᠶᠣᠯ ᠢᠷᠭᠡᠨᠰᠢᠯ ᠤᠨ ᠷᠢᠳᠢ ᠰᠢᠳᠢ ᠶᠢ ᠭᠦᠢᠴᠡᠳ ᠢᠯᠡᠷᠡᠭᠦᠯᠦᠨ᠎ᠡ ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠤᠨ᠎ᠠ᠃ ᠰᠢᠨ᠎ᠡ ᠴᠠᠭ ᠦᠶ᠎ᠡ ᠶᠢᠨ | ᠤᠯᠠᠭᠠᠨᠮᠥ᠋ᠴᠢᠷ ᠤᠨ ᠦᠶᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ ᠂ ᠬᠢᠶ᠎ᠠ ᠪᠠᠭᠰᠢ ᠤᠯᠠᠭᠠᠨᠮᠥ᠋ᠴᠢᠷ ᠤᠨ ᠡᠩᠨᠡᠭᠡ ᠶᠢ ᠪᠦᠳᠤᠭᠡᠨ | ᠪᠠᠶᠢᠭᠤᠯᠤᠨ᠎ᠠ ᠃ ᠢᠳᠡᠪᠬᠢᠲᠡᠶ ᠪᠠᠷ ᠤᠬᠠᠭᠠᠯᠠᠨ ᠵᠣᠯᠭᠠᠭᠤᠯᠵᠤ ᠂ ︽ ᠬᠦᠬᠡᠳᠤᠬᠤᠢ ᠶᠢᠨ ᠬᠤᠨᠢᠴᠢᠠ ︾ ︽ ᠮᠢᠨᠦ ᠯᠧᠦ ᠯᠠᠨ ︾ ᠵᠡᠷᠭᠡ ᠬᠥᠮᠦᠨ | ᠪᠦᠬᠦᠨ ᠳᠤ ᠲᠠᠭᠠᠰᠢᠶᠠᠭᠳᠠᠭᠰᠠᠨ ᠂ ᠭᠠᠵᠠᠷ ᠣᠷᠣᠨ ᠤ ᠳᠦᠷᠢ ᠲᠥᠷᠬᠦ ᠶᠢ ᠥᠷᠭᠡᠨ ᠢᠶᠠᠷ ᠤᠯᠠᠮᠵᠢᠯᠠᠨ ᠳᠠᠭᠤᠯᠠᠭᠰᠠᠨ ᠂ ᠳᠡᠯᠭᠡᠨ ᠦᠵᠡᠭᠦᠯᠦᠭᠰᠡᠨ | ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠨ᠎ᠡ ᠃ ᠪᠠᠶᠢᠭᠤᠯᠭ᠎ᠠ ᠂ ᠨᠡᠶᠢᠭᠡᠮ ᠲᠣᠭᠤᠷᠢᠭ ᠪᠠ ᠵᠤᠭᠠᠴᠠᠯ ᠤᠨ ᠦᠵᠡᠮᠵᠢ ᠶᠢᠨ | ᠣᠷᠣᠨ ᠤ ᠨᠤᠮ ᠤᠨ ᠰᠠᠩ ᠤᠩᠰᠢᠯᠭ᠎ᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠂ ᠨᠡᠩ ᠤᠯᠠᠨ | ᠤᠶᠤᠨᠴᠢ ᠨᠣᠮ ᠤᠨ ᠦᠷᠦᠭᠡ ᠂ ᠰᠦᠯᠵᠢᠶᠡᠨ ᠤ ᠬᠤᠪᠢᠰᠬᠠᠯᠳᠤ ᠬᠦᠮᠤᠵᠢᠯ ᠤᠨ ᠨᠣᠮ ᠤᠨ ᠦᠷᠦᠭᠡ ᠶᠢ ᠤᠯᠠᠨ ᠠᠷᠭ᠎ᠠ ᠵᠠᠮ ᠢᠶᠠᠷ ᠪᠦᠳᠦᠭᠡᠨ | ᠪᠠᠶᠢᠭᠤᠯᠵᠤ ᠂ ᠪᠠᠶᠢᠭᠤᠯᠭ᠎ᠠ ᠶᠢᠨ ᠬᠢᠨ ᠲᠦᠷᠦᠭᠦᠯᠡᠨ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠥᠷᠨᠢᠭᠦᠯᠵᠦ ᠂ 《 ᠪᠢᠴᠢᠭ ᠤᠨ | ᠰᠤᠷᠪᠤᠯᠵᠢᠲᠤ ᠬᠢᠶ᠎ᠠ ᠪᠠᠭᠰᠢ 》 ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠴᠢᠬᠤᠯᠠ ᠶᠡᠭᠡ ᠰᠣᠶᠣᠯ ᠤᠨ ᠰᠠᠭᠤᠷᠢ ᠲᠥᠬᠦᠭᠡᠷᠦᠮᠵᠢ ᠶᠢᠨ | ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠂ ᠪᠸᠢ ᠯᠢᠨ ᠮᠦᠽᠸᠢ ᠶᠢᠨ ᠡᠭᠦᠳᠡ ᠪᠠᠨ ᠨᠡᠭᠡᠭᠡᠵᠦ ᠡᠵᠡᠩᠨᠡᠯᠳᠡ ᠬᠢᠬᠦ ᠶᠢ ᠠᠬᠢᠭᠤᠯᠤᠨ᠎ᠠ ᠃ ᠲᠤᠮᠳᠠᠳᠤ | ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠣᠶᠣᠯ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ | ᠥᠷᠨᠢᠭᠦᠯᠵᠦ ᠂ ᠮᠠᠨᠳᠠᠷᠠᠸ᠎ᠠ ᠴᠡᠴᠡᠭ ᠤᠨ ᠰᠣᠶᠣᠯ ᠵᠤᠭᠠᠴᠠᠯ ᠤᠨ ᠨᠠᠶᠢᠷ ᠂ ᠣᠷᠣᠨ ᠨᠤᠲᠤᠭ ᠤᠨ ᠵᠠᠩ ᠥᠢᠯᠨ ᠶᠢᠨ ᠰᠣᠶᠣᠯ ᠤᠨᠦᠵᠡᠰᠬᠦᠯᠡᠩ ᠂ | ᠬᠤᠳᠠ ᠶᠢᠨ ᠨᠠᠶᠢᠷᠠᠯ ᠬᠥᠭᠵᠢᠮ ᠤᠨ ᠴᠤᠭᠯᠠᠭᠠᠨ ᠪᠣᠯᠤᠨ ᠰᠤᠩᠭᠤᠳᠠᠭ ᠳᠠᠭᠤᠤ ᠪᠦᠵᠢᠭᠳᠦ ᠳᠠᠭᠤᠷᠢᠯᠢᠭ ᠤᠨ ᠦᠵᠡᠭᠦᠯᠭᠡ ᠲᠣᠭᠯᠠᠯᠲᠠ ᠶᠢ ᠡᠷᠬᠢᠯᠡᠵᠤ ᠂ | ᠤᠨᠴᠠᠯᠢᠬᠳᠤ ᠰᠣᠶᠣᠯ ᠤᠨ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠤᠨ᠎ᠠ ᠃ | ᠰᠣᠶᠣᠯ ᠵᠤᠭᠠᠴᠠᠯ ᠤᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠃ ᠪᠦᠳᠤᠭᠡᠯᠴᠢ ᠰᠣᠶᠣᠯ ᠤᠨ ᠠᠵᠤ ᠦᠢᠯᠡᠰ ᠢ | ᠶᠡᠬᠡᠪᠡᠷ ᠬᠥᠭᠵᠢᠭᠦᠯᠵᠦ ᠂ ᠭᠠᠵᠠᠷ ᠣᠷᠤᠨ ᠤ ᠰᠣᠶᠤᠯ ᠤᠨ ᠥᠪᠡᠷᠮᠢᠴᠡ ᠣᠨᠴᠠᠯᠢᠭ ᠪᠥᠬᠦᠢ ᠪᠦᠳᠤᠭᠡᠯᠴᠢ ᠰᠣᠶᠣᠯ ᠤᠨ ᠤᠨ ᠦᠢᠯᠡᠳᠬᠦᠨ ᠢ ᠨᠡᠭᠡᠭᠡᠨ | ᠬᠥᠭᠵᠢᠭᠦᠯᠵᠦ ᠂ ᠤᠷᠳᠤᠰ ᠤᠨ ᠪᠦᠲᠦᠭᠡᠯᠴᠢ ᠰᠣᠶᠣᠯ ᠤᠨ ᠠᠵᠤ ᠦᠢᠯᠡᠰ ᠤᠨ ᠦᠵᠡᠰᠬᠦᠯᠡᠩ ᠢ ᠰᠠᠶᠢᠲᠤᠷ ᠡᠷᠬᠢᠯᠡᠵᠤ ᠂ ᠥᠪᠡᠷᠲᠡᠭᠡᠨ ᠵᠠᠰᠠᠬᠤ ᠣᠷᠣᠨ ᠤ | ᠪᠦᠳᠤᠭᠡᠯᠴᠢ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠢ ᠪᠤᠢ ᠪᠣᠯᠭᠠᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ ᠴᠢᠰᠤ ︾ ᠶᠢ ᠰᠣᠶᠣᠯ ᠤᠨ ︽ ᠪᠡᠶ᠎ᠡ ᠴᠣᠭᠴᠠ ︾ ᠳᠤ ᠶᠡᠭᠦᠯᠡᠵᠦ ᠂ ᠤᠯᠠᠭᠠᠡᠮᠦ᠋ᠷᠡᠨ ᠤ ᠦᠵᠡᠮᠵᠢ ᠶᠢᠨ ᠨᠠᠭᠤᠷ ᠤᠨ ᠳᠠᠭᠤᠤ | ᠬᠥᠭᠵᠢᠮ ᠤᠨ ᠣᠷᠭᠢᠯᠤᠮᠠᠯ ᠪᠤᠯᠠᠭ ᠢ ᠥᠭᠡᠷᠡᠴᠢᠯᠡᠨ ᠰᠠᠶᠢᠵᠢᠷᠠᠭᠤᠯᠵᠤ ᠂ ᠳᠠᠭᠤᠤ ᠬᠡᠷᠡᠯ ᠴᠠᠬᠢᠯᠭᠠᠨ ᠵᠡᠷᠭᠡ ᠳᠡᠭᠡᠳᠦ ᠲᠠᠰ ᠤᠨ ᠮᠡᠷᠭᠡᠵᠢᠯ ᠢ | ᠠᠰᠢᠭᠯᠠᠨ ᠂ ᠥᠭᠡᠷᠡᠴᠢᠯᠡᠯᠲᠡ ᠨᠡᠭᠡᠭᠡᠯᠲᠡ ᠲᠠᠢ ᠣᠷᠳᠣᠰ ᠤᠨ ᠥᠯᠢᠭᠡᠷ ᠪᠠ ᠰᠢᠨ᠎ᠡ ᠶᠢ ᠡᠭᠦᠳᠦᠭᠰᠡᠨ ᠬᠢᠶ᠎ᠠ ᠪᠠᠭᠰᠢ ᠶᠢᠨ ᠥᠯᠢᠭᠡᠷ ᠢ ᠰᠠᠶᠢᠲᠤᠷ | ᠶᠠᠷᠢᠨ᠎ᠠ ᠃ A ᠲᠠᠰ ᠤᠨ ᠦᠵᠡᠮᠵᠢ ᠶᠢᠨ ᠣᠷᠣᠨ ᠤ ᠴᠢᠨᠠᠷᠵᠢᠯ ᠢ ᠳᠡᠭᠡᠭᠰᠢᠯᠡᠭᠦᠯᠬᠦ ᠪᠠᠷᠢᠯᠭ᠎ᠠ ᠶᠢ ᠭᠦᠨᠵᠡᠭᠡᠶ ᠥᠷᠨᠢᠭᠦᠯᠵᠦ ᠂ ᠬᠢᠶ᠎ᠠ ᠪᠠᠯᠭᠠᠰᠤ ᠂ | ᠪᠠᠶᠠᠰᠤᠯᠳᠤ ᠬᠢᠶ᠎ᠠ ᠪᠠᠭᠠᠷ ᠂ ᠳᠡᠷᠭᠡᠨ ᠤᠷᠤᠯᠳᠤᠭᠠᠨ ᠤ ᠬᠤᠲᠠ ᠂ ᠤᠯᠠᠭᠠᠨᠮᠦ᠋ᠷᠡᠨ ᠨᠠᠭᠤᠷ ᠵᠡᠷᠭᠡ ᠭᠤᠤᠯᠳᠠᠯᠭ᠎ᠠ ᠲᠠᠢ ᠦᠵᠡᠮᠵᠢ ᠶᠢᠨ ᠣᠷᠣᠨ ᠢ ᠲᠠᠰ | ᠳᠡᠪᠰᠢᠭᠦᠯᠦᠨ ᠥᠭᠡᠷᠡᠴᠢᠯᠡᠬᠦ ᠶᠢ ᠳᠡᠮᠵᠢᠵᠦ ᠂ ᠡᠷᠡᠭᠦᠯᠵᠢᠯ ᠰᠤᠪᠢᠯᠠᠯᠲᠠ ᠵᠤᠭᠠᠴᠠᠯ ᠂ ᠠᠮᠲᠠᠲᠤ ᠢᠳᠡᠭᠡᠨ ᠤ ᠵᠤᠭᠠᠴᠠᠯ ᠵᠡᠷᠭᠡ ᠬᠤᠲᠠ ᠶᠢᠨ | ᠦᠶᠯᠡᠴᠢᠯᠡᠭᠡᠨ ᠤ ᠦᠶᠯᠡᠰ ᠯᠦᠭᠡ ᠨᠢᠭᠲᠠ ᠤᠶᠠᠯᠳᠤᠭᠰᠠᠨ ᠵᠤᠭᠠᠴᠠᠯ ᠤᠨ ᠦᠶᠯᠡᠰ ᠤᠨ ᠰᠢᠨ᠎ᠠ ᠳᠦᠯᠦᠪ ᠪᠠᠶᠢᠳᠠᠯ ᠢ ᠶᠡᠬᠡᠪᠡᠷ ᠬᠥᠭᠵᠢᠭᠦᠯᠵᠦ ᠂ | ᠡᠯᠪᠡᠭ ᠪᠠᠶᠠᠯᠢᠭ ᠤᠷᠠᠨ ᠰᠠᠶᠢᠬᠠᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠤᠲᠠ ᠳᠤ ᠨᠠᠩ | ᠣᠯᠠᠨ ᠬᠥᠮᠦᠨ ᠤ ᠪᠠᠭ᠋ᠠᠷᠬᠠᠯ ᠢ ᠲᠠᠲᠠᠭᠰᠠᠨ ᠬᠤᠳᠠᠯᠳᠤᠭᠠᠨ ᠤ ᠪᠠᠶᠢᠳᠠᠯ ᠢ ᠲᠠᠰᠤᠷᠠᠯᠲᠠ ᠥᠬᠡᠶ ᠲᠥᠪᠯᠡᠷᠡᠭᠦᠯᠦᠨ ᠪᠤᠢ ᠪᠤᠯᠭᠠᠨ᠎ᠠ ᠃ ᠭᠡᠷᠡᠮᠤ | ᠴᠡᠩᠭᠡᠯ ᠤᠨ ᠬᠦᠷᠢᠶᠡᠯᠡᠩ ᠂ ᠹᠧᠩ ᠮᠧᠶ ᠶᠦᠨ ᠳ᠋ᠢᠩ ᠵᠤᠴᠢᠳ ᠤᠨ ᠪᠠᠭᠤᠳᠠᠯ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ ᠂ ᠰᠣᠶᠣᠯ ᠵᠤᠭᠠᠴᠠᠯ ᠤᠨ ᠰᠢᠯᠢᠳᠡᠭ ᠡᠬᠢ ᠪᠠᠶᠠᠯᠢᠭ ᠪᠠ ᠢᠵᠢ ᠪᠥᠷᠢᠳᠦᠭᠰᠡᠨ ᠦᠶᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ | ᠨᠡᠮᠡᠭᠳᠡᠭᠦᠯᠦᠨ᠎ᠡ ᠃ ᠣᠶᠤᠨᠴᠢ ᠵᠤᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ︽ ᠭᠠᠷ ᠤᠲᠠᠰᠤ ᠪᠠᠷ | ᠬᠢᠶ᠎ᠠ ᠪᠠᠭᠰᠢ ᠳᠤ ᠵᠤᠭᠠᠴᠠᠬᠤ ︾ ᠶᠢ ᠪᠡᠶᠡᠯᠡᠭᠦᠯᠦᠨ᠎ᠡ ᠃ | ( ᠵᠢᠷᠭᠤᠭ᠎ᠠ ) ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ ᠂ ᠣᠳᠣᠬᠢᠴᠢᠯᠠᠭᠰᠠᠨ ᠴᠢᠨᠠᠷ ᠰᠠᠶᠢᠲᠠᠶ | ᠬᠤᠳᠠ ᠶᠢ ᠪᠥᠳᠥᠭᠡᠨ ᠪᠠᠶᠢᠭᠤᠯᠤᠨ᠎ᠠ | ︽ ᠥᠨᠳᠦᠷ ᠡᠬᠢᠯᠡᠯᠲᠡ ᠪᠠᠷ ᠲᠥᠯᠥᠪᠵᠢᠭᠦᠯᠭᠡ ᠬᠢᠬᠦ ᠂ ᠳᠡᠭᠡᠳᠦ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠂ ᠨᠠᠷᠢᠯᠢᠬᠵᠢᠭᠤᠯᠤᠨ | ᠬᠠᠮᠢᠶᠠᠷᠬᠤ ︾ ᠤᠶᠢᠯᠠᠭᠠᠬᠳᠠᠬᠤᠨ ᠢ ᠭᠤᠶᠢᠪᠢᠰᠢ ᠥᠬᠡᠶ ᠪᠠᠷᠢᠮᠲᠠᠯᠠᠨ ᠂ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ ᠂ ᠬᠤᠲᠠ ᠶᠢᠨ ᠦᠶᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ ᠂ ᠬᠤᠲᠠ ᠶᠢᠨ ᠶᠡᠷᠦᠩᠬᠡᠶᠢᠯᠡᠭᠰᠡᠨ | ᠳᠠᠭᠠᠭᠠᠬᠤ ᠴᠢᠳᠠᠪᠤᠷᠢ ᠶᠢ ᠴᠢᠩᠭᠠᠷᠠᠭᠤᠯᠵᠤ ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠣᠳᠣᠬᠢᠴᠢᠯᠠᠭᠰᠠᠨ ᠴᠢᠨᠠᠷᠵᠢᠯ ᠬᠤᠲᠠ ᠶᠢ ᠴᠢᠷᠮᠠᠶᠢᠨ | ᠪᠠᠶᠢᠭᠤᠯᠤᠨ᠎ᠠ ᠃ | ᠬᠤᠳᠠ ᠶᠢ ᠡᠵᠡᠩᠨᠡᠬᠦ ᠣᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ᠎ᠠ ᠃ ᠵᠠᠬ᠎ᠠ ᠳᠡᠯᠭᠡᠭᠦᠷ ᠤᠨ ᠠᠵᠤ ᠠᠬᠤᠶ ᠶᠢᠨ ᠦᠵᠡᠯᠲᠡ ᠪᠠᠷ | ᠬᠤᠳᠠ ᠶᠢ ᠲᠥᠯᠥᠪᠵᠢᠭᠦᠯᠵᠦ ᠂ ᠪᠦᠳᠦᠭᠡᠨ ᠪᠠᠶᠢᠭᠤᠯᠬᠤ ᠪᠠ ᠬᠠᠮᠢᠶᠠᠷᠴᠤ ᠂ ᠠᠵᠤ ᠠᠬᠤᠶ ᠶᠢᠨ ᠲᠠᠩᠰᠠ ᠂ ᠠᠷᠠᠳ ᠤᠨ ᠠᠮᠢᠳᠤᠷᠠᠯ ᠤᠨ | ᠲᠠᠩᠰᠠ ᠂ ᠠᠯᠤᠰ ᠤᠨ ᠲᠠᠩᠰᠠ ᠶᠢ ᠰᠠᠶᠢᠲᠤᠷ ᠪᠤᠳᠤᠵᠤ ᠂ ᠣᠷᠣᠭᠤᠯᠤᠯᠲᠠ ᠪᠠ ᠭᠠᠷᠭᠠᠯᠲᠠ ᠶᠢᠨ ᠰᠠᠶᠢᠨ ᠣᠷᠴᠢᠯ ᠢ ᠪᠡᠶᠡᠯᠡᠭᠦᠯᠦᠨ᠎ᠡ ᠃ | ᠬᠤᠳᠠ ᠶᠢᠨ ᠬᠠᠷᠢᠶ᠎ᠠ ᠲᠤᠭᠤᠷᠢᠬ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠳᠤ | ᠬᠠᠮᠵᠢᠯᠴᠠᠵᠤ ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠵᠢᠷᠤᠭ ᠲᠥᠯᠥᠪᠯᠡᠭᠡ ᠶᠢ ᠵᠢᠷᠤᠭᠯᠠᠵᠤ ᠂ ᠲᠤᠮᠤ ᠬᠤᠳᠠ ᠶᠢᠨ ᠪᠣᠷᠣ | ᠲᠥᠯᠥᠪ ᠢ ᠤᠯᠠᠮ ᠴᠢᠨᠠᠭᠰᠢᠳᠠ ᠥᠷᠭᠡᠳᠬᠡᠬᠦ ᠂ ᠬᠤᠳᠠ ᠶᠢᠨ ᠪᠠᠶᠢᠷᠢᠰᠢᠯ ᠢ ᠰᠢᠯᠢᠳᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ ᠃ | ᠬᠥᠮᠦᠨ ᠠᠮᠠ ᠶᠢᠨ ᠲᠥᠪᠯᠡᠷᠡᠯ ᠤᠨ ᠰᠢᠨ᠎ᠡ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠂ ᠵᠡᠭᠦᠨ ᠬᠡᠰᠡᠭ ᠪᠠ ᠬᠤᠶᠢᠲᠤ ᠬᠡᠰᠡᠭ ᠤᠨ | ᠬᠡᠰᠡᠭ ᠣᠷᠣᠨ ᠢ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠤᠨ᠂ ᠠᠵᠤ ᠦᠢᠯᠡᠰ ᠪᠠ ᠰᠤᠷᠭᠠᠨ ᠬᠥᠮᠦᠵᠢᠯ ᠂ ᠡᠮ | ᠡᠮᠨᠡᠯᠭᠡ ᠵᠡᠷᠭᠡ ᠡᠬᠢ ᠪᠠᠶᠠᠯᠢᠭ ᠢ ᠵᠡᠷᠭᠡ ᠪᠠᠷ ᠲᠥᠪᠯᠡᠷᠡᠭᠦᠯᠵᠦ ᠂ ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ | ᠳᠤ ᠳᠣᠭᠢᠷᠬᠠᠰᠠᠨ ᠰᠢᠨ᠎ᠡ ᠪᠦᠯᠬᠦᠮ ᠢ ᠪᠠᠶᠢᠭᠤᠯᠤᠨ᠎ᠠ ᠃ ᠲᠤᠭᠤᠷᠢᠭ ᠤᠨ ᠳᠣᠲᠣᠷᠠᠬᠢ ᠡᠯᠪᠡᠭ ᠪᠠᠶᠠᠯᠢᠭ ᠴᠡᠴᠡᠷᠯᠢᠭ ᠨᠤᠭᠤ ᠭᠠᠵᠠᠷ ᠂ ᠭᠤᠤᠯ | ᠮᠥᠷᠡᠨ ᠂ ᠰᠣᠶᠣᠯ ᠤᠨ ᠪᠠᠷᠢᠯᠭ᠎ᠠ ᠶᠢ ᠠᠮᠢᠳᠤᠯᠢᠭᠵᠢᠭᠤᠯᠤᠨ ᠠᠰᠢᠭᠯᠠᠵᠤ ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ ᠂ | ᠡᠳ᠋ ᠬᠥᠷᠥᠩᠭᠡ ᠶᠢ ᠬᠦᠷᠤᠩᠭᠡ ᠪᠣᠯᠭᠠᠨ ᠬᠤᠪᠢᠷᠠᠭᠤᠯᠵᠤ ᠂ ᠬᠥᠷᠥᠩᠭᠡ ᠶᠢ ᠦᠷ᠎ᠡ ᠠᠰᠢᠭ ᠪᠣᠯᠭᠠᠨ ᠬᠤᠪᠢᠷᠠᠭᠤᠯᠤᠨ᠎ᠠ ᠃ ᠣᠯᠠᠨ ᠡᠰᠢᠵᠢᠭᠰᠡᠨ | ᠪᠠᠶᠠᠴᠢ ᠴᠣᠭᠴᠠ ᠶᠢ ᠬᠤᠳᠠ ᠶᠢᠨ ᠶᠠᠪᠤᠳᠠᠯ ᠤᠨ ᠪᠥᠳᠥᠭᠡᠨ ᠪᠠᠶᠢᠭᠤᠯᠤᠯᠲᠠ ᠶᠢᠨ ᠬᠠᠮᠠᠭᠠᠯᠠᠯᠲᠠ ᠳᠤ ᠣᠷᠣᠯᠴᠠᠬᠤ ᠶᠢ ᠵᠣᠷᠢᠭᠵᠢᠭᠤᠯᠤᠨ ᠂ | ᠬᠠᠮᠤᠭ ᠤᠨ ᠪᠠᠭ᠎ᠠ ᠪᠡᠯᠡ ᠤᠷᠤᠭᠤᠯᠤᠯᠳᠠ ᠪᠠᠷ ᠬᠠᠮᠤᠭ ᠤᠨ ᠶᠡᠭᠡ ᠨᠡᠶᠢᠭᠡᠮ ᠤᠨ ᠦᠷ᠎ᠡ ᠠᠰᠢᠭ ᠢ ᠡᠬᠦᠳᠤᠨ᠎ᠡ ᠃ | ᠬᠤᠳᠠ ᠶᠢ ᠰᠢᠨᠡᠳᠬᠡᠬᠦ ᠠᠵᠢᠯᠯᠠᠭ᠎ᠠ ᠶᠢ ᠥᠷᠨᠢᠭᠦᠯᠦᠨ᠎ᠡ ᠃ ᠵᠠᠮ ᠬᠠᠷᠢᠯᠴᠠᠭᠠᠨ ᠤ ᠬᠦᠢᠰᠤ ᠶᠢᠨ ᠲᠤᠬᠳᠠᠯᠴᠠᠭ᠎ᠠ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠵᠦ ᠂ ᠤᠯᠠᠭᠠᠨᠮᠦ᠋ᠷᠡᠨ ᠭᠤᠷᠪᠠᠳᠤᠭᠠᠷ ᠬᠥᠭᠦᠷᠭᠡ ᠂ 210 ᠤᠯᠤᠰ ᠤᠨ ᠵᠠᠮ ᠤᠨ ᠰᠢᠨ᠎ᠡ ᠱᠤᠭᠤᠮ ᠢ | ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠤᠨ᠎ᠠ ᠃ ᠬᠦᠴᠤᠨ ᠵᠦᠢᠯ ᠤᠨ ᠬᠢᠵᠠᠭᠠᠷᠯᠠᠯ ᠢ ᠢᠯᠠᠨ | ᠳᠠᠪᠠᠵᠤ ᠂ 210 ᠤᠯᠤᠰ ᠤᠨ ᠵᠠᠮ ᠤᠨ ᠬᠢᠶ᠎ᠠ ᠪᠠᠭᠰᠢ ᠲᠣᠭᠤᠷᠢᠭ ᠤᠨ ᠬᠤᠯᠪᠣᠬᠤ ᠱᠤᠭᠤᠮ ᠂ ᠢᠯᠠᠯᠳᠠ ᠵᠠᠮ ᠠᠴᠠ ᠺᠠᠨᠭ᠌ ᠡᠦ ᠡᠮᠦᠨ᠎ᠡ ᠵᠠᠮ | ᠬᠦᠷᠬᠦ ᠠᠵᠤ ᠦᠢᠯᠡᠰ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ | ᠦᠷᠲᠡᠭᠡ ᠂ ᠨᠡᠶᠢᠲᠡ ᠶᠢᠨ ᠮᠠᠰᠢᠨ ᠤ ᠡᠬᠢᠨ ᠤ ᠪᠠ ᠡᠴᠦᠰ ᠤᠨ ᠦᠷᠲᠡᠭᠡ ᠶᠢᠨ ᠭᠠᠵᠠᠷ ᠢ ᠰᠣᠩᠭᠤᠬᠤ ᠶᠢ ᠲᠦᠷᠭᠡᠪᠴᠢᠯᠡᠨ | ᠠᠬᠢᠭᠤᠯᠤᠨ᠎ᠠ ᠃ ᠴᠢᠨᠠᠷᠵᠢᠯ ᠰᠠᠭᠤᠭᠠᠯᠢ ᠠᠷᠠᠳ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ ᠂ ᠰᠢᠨ᠎ᠡ ᠪᠠᠷ | ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠪᠠ ᠠᠮᠤᠷ ᠲᠦᠪᠰᠢᠨ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ ᠂ ᠰᠢᠯᠢᠳᠡᠭ ᠰᠠᠭᠤᠭᠠᠯᠢ ᠠᠷᠠᠳ ᠤᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ ᠂ ᠤᠤᠯ ᠤᠨ | ᠪᠠᠶᠢᠭᠰᠠᠨ ᠰᠠᠭᠤᠭᠠᠯᠢ ᠲᠣᠭᠤᠷᠢᠭ ᠤᠨ ᠦᠵᠡᠮᠵᠢ ᠶᠢᠨ ᠴᠢᠨᠠᠷ ᠴᠢᠨᠰᠠᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ ᠂ ᠨᠥᠬᠦᠴᠡᠯ ᠪᠥᠷᠢᠳᠦᠭᠰᠡᠨ | ᠶᠠᠪᠠᠭᠠᠨ ᠱᠠᠲᠤᠲᠤ ᠰᠠᠭᠤᠭᠠᠯᠢ ᠠᠷᠠᠳ ᠤᠨ ᠠᠰᠠᠷ ᠲᠤ ᠴᠠᠬᠢᠯᠭᠠᠨ ᠱᠠᠲᠤ ᠨᠡᠮᠡᠨ ᠤᠭᠰᠠᠷᠠᠵᠤ ᠂ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ | ᠲᠣᠭᠤᠷᠢᠨ ᠢ ᠪᠣᠶ ᠪᠣᠯᠭᠠᠨ᠎ᠠ ᠃ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠬᠡᠰᠡᠭ ᠲᠣᠭᠤᠷᠢᠭ ᠤᠨ ᠬᠤᠳᠠ ᠶᠢᠨ ᠶᠠᠪᠤᠳᠠᠯ ᠤᠨ ᠵᠠᠮ ᠂ ᠭᠠᠵᠠᠷ | ᠳᠣᠣᠷᠠᠬᠢ ᠶᠡᠷᠦᠩᠬᠡᠶᠢᠯᠡᠭᠰᠡᠨ ᠬᠤᠭᠤᠯᠠᠶ ᠂ ᠴᠡᠴᠡᠷᠯᠢᠭ ᠠᠭᠤᠳᠠᠮ ᠲᠠᠯᠠᠪᠠᠢ ᠂ ᠲᠡᠷᠭᠡᠨ ᠵᠣᠭᠰᠣᠭᠠᠯ ᠵᠡᠷᠭᠡ ᠰᠠᠭᠤᠷᠢ ᠲᠥᠬᠦᠭᠡᠷᠦᠮᠵᠢ ᠶᠢᠨ ᠪᠥᠳᠥᠭᠡᠨ | ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ ᠃ ᠵᠢᠩ ᠨᠸᠡᠭ ᠢᠯᠴᠢ ᠶᠢᠨ ᠴᠠᠬᠢᠯᠭᠠᠨ ᠤ 2 ᠳ᠋ᠤᠭᠠᠷ ᠮᠠᠰᠢᠨ ᠴᠣᠭᠴᠠᠯᠠᠪᠤᠷᠢ ᠶᠢᠨ ᠢᠯᠴᠢ | ᠬᠠᠩᠭᠠᠬᠤ ᠪᠠᠭᠲᠠᠭᠠᠮᠵᠢ ᠶᠢ ᠨᠡᠮᠡᠭᠳᠡᠭᠦᠯᠦᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠠᠬᠢᠭᠤᠯᠵᠤ ᠂ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠢᠯᠴᠢ ᠶᠢᠨ ᠡᠬᠢ ᠰᠤᠷᠪᠤᠯᠵᠢ ᠪᠠ ᠬᠤᠶᠢᠲᠤ ᠲᠣᠭᠤᠷᠢᠭ ᠤᠨ ᠢᠯᠴᠢ ᠰᠢᠲᠠᠮᠠᠬᠠᠶ ᠬᠡᠶ ᠬᠠᠨᠭ᠍ᠭᠠᠬᠤ ᠦᠶᠯᠡᠴᠢᠯᠡᠭᠡᠨ ᠤ | ᠲᠥᠪ ᠢ ᠪᠠᠯᠠ ᠣᠷᠣᠭᠤᠯᠤᠨ ᠪᠠᠶᠢᠭᠤᠯᠵᠤ ᠂ ᠬᠤᠲᠠ ᠶᠢᠨ ᠢᠯᠴᠢ ᠬᠠᠩᠭᠠᠬᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠃ ︽ ᠣᠷᠣᠨ | ᠰᠠᠭᠤᠴᠠ ᠶᠢ ᠰᠠᠷᠢᠭᠠᠯᠠᠬᠤ ᠥᠬᠡᠶ ︾ ᠪᠠᠶᠢᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠨ ᠂ ᠬᠡᠷ ᠪᠠᠶᠢᠰᠢᠩ ᠤᠨ ᠦᠨ᠎ᠡ ᠶᠢ ᠵᠣᠬᠢᠰᠲᠠᠶ | ᠪᠠᠶᠢᠷᠢᠨ ᠳᠤ ᠪᠠᠶᠢᠯᠭᠠᠬᠤ ᠪᠠᠷ ᠴᠢᠷᠮᠠᠶᠢᠵᠤ ᠂ ᠱᠧᠨ ᠬᠤᠸᠠ ᠺᠠᠩ ᠴᠧᠩ ᠤᠨ C-8 ᠰᠠᠭᠤᠭᠠᠯᠢ ᠠᠷᠠᠳ ᠤᠨ ᠲᠣᠭᠤᠷᠢᠭ ᠂ ᠵᠸᠡᠭ ᠳ᠋ᠠ ᠽᠢ | ᠶᠢᠨ ᠹᠦ᠋ ︵ ᠬᠤᠶᠠᠳᠤᠭᠠᠷ ᠬᠤᠭᠤᠴᠠᠭ᠎ᠠ ︶ ᠵᠡᠷᠭᠡ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠤᠨ ᠪᠦᠲᠦᠮᠵᠢᠲᠡᠶ ᠬᠠᠩᠭᠠᠯᠭ᠎ᠠ ᠶᠢ ᠲᠦᠷᠭᠡᠬᠡᠨ | ᠪᠦᠷᠢᠯᠳᠦᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠂ ᠬᠤᠶ ᠰᠢᠨ ᠶᠤᠸᠠᠨ ᠂ ᠭᠤᠸᠠᠨ ᠱᠠᠨ ᠶᠤᠸᠠᠢ ᠂ ᠺᠠᠩ ᠴᠧᠩ ᠮᠢᠩ ᠶᠤᠸᠠᠨ | ᠵᠡᠷᠭᠡ ᠰᠠᠭᠤᠭᠠᠯᠢ ᠠᠷᠠᠳ ᠤᠨ ᠲᠣᠭᠤᠷᠢᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠳᠠᠬᠢᠨ ᠠᠬᠢᠭᠤᠯᠵᠤ ᠂ ᠵᠢᠯ ᠤᠨ ᠳᠣᠲᠣᠷ᠎ᠠ ᠵᠠᠬ᠎ᠠ | ᠳᠡᠯᠭᠡᠭᠦᠷ ᠲᠤ ᠲᠦᠮᠡ ᠰᠢᠬᠠᠮ ᠢᠵᠢ ᠲᠠᠸᠠᠷ ᠤᠨ ᠣᠷᠣᠨ ᠰᠠᠭᠤᠴᠠ ᠶᠢ ᠬᠠᠩᠭᠠᠬᠤ ᠪᠠᠷ ᠴᠢᠷᠮᠠᠶᠢᠨ᠎ᠠ ᠃ | ᠬᠤᠳᠠ ᠶᠢᠨ ᠨᠠᠷᠢᠯᠢᠭ ᠵᠠᠰᠠᠯᠲᠠ ᠶᠢ ᠴᠢᠩᠭᠠᠳᠬᠠᠨ᠎ᠠ ᠃ ᠬᠤᠲᠠ ᠶᠢᠨ ᠪᠠᠷᠢᠮᠵᠢᠶᠠᠵᠢᠬᠰᠠᠨ ᠬᠠᠮᠢᠶᠠᠷᠤᠯᠲᠠ ᠶᠢᠨ ᠲᠤᠬᠳᠠᠯᠴᠠᠭ᠎ᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠨᠢᠭᠡᠳᠦᠯᠲᠡᠶ ᠬᠠᠮᠢᠶᠠᠷᠤᠯᠲᠠ ᠶᠢᠨ ᠪᠠᠷᠢᠮᠵᠢᠶ᠎ᠠ ᠂ ᠠᠵᠢᠯᠯᠠᠭᠠᠨ ᠤ ᠪᠠᠷᠢᠮᠵᠢᠶ᠎ᠠ ᠂ ᠴᠢᠨᠠᠷ ᠤᠨ | ᠪᠠᠷᠢᠮᠵᠢᠶ᠎ᠠ ᠂ ᠬᠢᠨᠠᠨ ᠰᠢᠯᠭᠠᠬᠤ ᠪᠠᠷᠢᠮᠵᠢᠶ᠎ᠠ ᠶᠢ ᠲᠤᠬᠳᠠᠭᠠᠵᠤ ᠂ ᠬᠤᠲᠠ ᠶᠢᠨ ᠬᠠᠮᠢᠶᠠᠷᠤᠯᠲᠠ ᠶᠢᠨ ᠡᠯ᠎ᠡ ᠬᠦᠷᠢᠶᠡᠨ ᠳᠠᠬᠢ ᠪᠠᠷᠢᠮᠵᠢᠶ᠎ᠠ ᠵᠢᠷᠤᠮᠵᠢᠨ | ᠪᠦᠬᠦᠨ ᠢ ᠬᠠᠮᠤᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢᠨ ᠬᠠᠮᠲᠤ ᠪᠥᠬᠦ ᠬᠤᠲᠠ ᠂ ᠪᠥᠬᠦ ᠥᠪᠡᠷᠲᠡᠭᠡᠨ ᠵᠠᠰᠠᠬᠤ ᠣᠷᠣᠨ ᠳᠤ | ᠬᠤᠲᠠ ᠶᠢᠨ ᠨᠠᠷᠢᠯᠢᠭ ᠵᠠᠰᠠᠯᠲᠠ ᠶᠢᠨ ︽ ᠬᠢᠶ᠎ᠠ ᠪᠠᠭᠰᠢ ᠬᠡᠪ ᠵᠠᠭᠪᠤᠷ ︾ ᠢ ᠳᠡᠯᠭᠡᠷᠡᠭᠦᠯᠦᠨ᠎ᠡ ᠃ ᠵᠣᠷᠯᠣᠩ ᠤᠨ ᠬᠤᠪᠢᠰᠬᠠᠯ ᠂ | ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ ᠂ ᠨᠢᠭᠡ ᠪᠦᠯᠦᠭ ᠤᠬᠢᠶᠠᠵᠤ ᠴᠡᠪᠡᠷᠯᠡᠬᠦ ᠶᠢ ᠨᠢᠭᠡ | ᠴᠤᠭᠴᠠᠵᠢᠭᠤᠯᠤᠭᠰᠠᠨ ᠲᠡᠷᠭᠡ ᠂ ᠬᠤᠭ ᠨᠣᠪᠰᠢ ᠶᠢ ᠪᠠᠭᠠᠰᠬᠠᠬᠤ ᠲᠡᠷᠭᠡ ᠶᠢ ᠰᠢᠨ᠎ᠡ ᠪᠠᠷ ᠬᠤᠳᠠᠯᠳᠤᠨ ᠠᠪᠴᠤ ᠂ ᠣᠷᠴᠢᠨ ᠲᠣᠭᠤᠷᠢᠨ ᠤ | ᠠᠷᠢᠭᠤᠨ ᠴᠡᠪᠡᠷ ᠤᠨ ᠮᠧᠬᠠᠨᠢᠬᠵᠢᠬᠰᠠᠨ ᠠᠵᠢᠯᠯᠠᠬᠤ ᠡᠷᠴᠢᠮ ᠢ ᠴᠢᠩᠭᠠᠷᠠᠭᠤᠯᠤᠨ ᠂ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ ᠃ ︽ 5G ᠤᠶᠤᠨᠲᠤ ᠬᠤᠲᠠ ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠂ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠂ ᠡᠭᠦᠯᠡᠨ ᠪᠤᠳᠤᠯᠲᠠ ᠂ ᠲᠣᠮᠣ ᠳ᠋ᠠᠶᠢᠲ᠋ᠠ ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ | ᠬᠤᠲᠠ ᠶᠢᠨ ᠬᠠᠮᠢᠶᠠᠷᠤᠯᠲᠠ ᠳᠠᠬᠢ ᠬᠡᠷᠡᠭᠯᠡᠯᠲᠡ ᠶᠢ ᠴᠢᠩᠭᠠᠳᠬᠠᠵᠤ ᠂ ᠬᠤᠲᠠ ᠶᠢᠨ ᠬᠠᠮᠢᠶᠠᠷᠤᠯᠲᠠ ᠶᠢᠨ ᠲᠣᠭᠠᠵᠢᠭᠤᠯᠬᠤ ᠂ | ᠣᠶᠤᠨᠵᠢᠭᠤᠯᠬᠤ ᠂ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ | ︵ ᠳᠣᠯᠤᠭ᠎ᠠ ︶ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠶᠢ ᠪᠠᠷᠢᠮᠲᠠᠯᠠᠵᠤ ᠂ ᠪᠣᠬᠢᠷᠲᠤᠯ ᠥᠬᠡᠶ ᠬᠥᠭᠵᠢᠯᠲᠡ ᠶᠢ | ᠬᠤᠲᠠ ᠶᠢᠨ ᠬᠠᠮᠤᠭ ᠤᠨ ᠦᠵᠡᠰᠬᠦᠯᠡᠩᠲᠦ ᠰᠠᠶᠢᠬᠠᠨ ᠳᠡᠪᠢᠰᠬᠡᠷ ᠥᠩᠭᠡ ᠪᠣᠯᠭᠠᠨ᠎ᠠ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠠᠵᠤ ᠠᠬᠤᠢ ᠶᠢ ᠬᠥᠭᠵᠢᠭᠦᠯᠬᠦ ᠬᠤᠶᠠᠷ ᠤᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ ᠂ ᠠᠮᠢ ᠠᠬᠤᠢ ᠶᠢᠨ ᠰᠠᠭᠤᠷᠢ ᠦᠩᠭᠡ ᠶᠢ ᠵᠤᠵᠠᠭᠠᠳᠬᠠᠬᠤ ᠶᠢᠨ ᠬᠠᠮᠲᠤ ᠂ ᠠᠮᠢ ᠠᠬᠤᠢ ᠶᠢᠨ ᠡᠬᠢ ᠪᠠᠶᠠᠯᠢᠭ ᠤᠨ ᠨᠡᠩ | ᠤᠯᠠᠨ ᠦᠷᠳᠡᠭ ᠢ ᠡᠭᠦᠳᠬᠦ ᠶᠢ ᠠᠬᠢᠭᠤᠯᠵᠤ ᠂ ᠬᠢᠶ᠎ᠠ ᠪᠠᠭᠰᠢ ᠶᠢᠨ ᠬᠦᠬᠡ ᠲᠩᠷᠢ ᠬᠦᠪᠤᠡᠭ ᠴᠠᠭᠠᠨ ᠡᠭᠦᠯᠡ ᠪᠣᠯᠤᠨ ᠬᠥᠬᠡᠮᠳᠦᠭ ᠨᠣᠭᠤᠭᠠᠨ | ᠠᠭᠤᠯᠠ ᠤᠰᠤ ᠶᠢ ᠪᠦᠬᠦ ᠲᠠᠯ᠎ᠠ ᠪᠠᠷ ᠰᠠᠶᠢᠲᠤᠷ ᠰᠠᠬᠢᠨ ᠬᠠᠮᠠᠭᠠᠯᠠᠨ᠎ᠠ ᠃ | ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠵᠦ ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠬᠤ ᠶᠢ ᠤᠬᠳᠤᠬᠤ ᠠᠵᠢᠯ ᠢ ᠰᠠᠶᠢᠳᠤᠷ ᠬᠢᠨ᠎ᠠ᠃ ᠯᠸᠢ ᠵᠢᠶᠠ ᠫᠦᠸᠧ ᠬᠤᠲᠠ ᠶᠢᠨ ᠦᠶᠡᠷ ᠢ ᠰᠡᠷᠭᠡᠶᠢᠯᠡᠬᠦ ᠵᠢᠴᠢ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ ᠂ ᠺᠠᠤ ᠺᠠᠤ ᠰᠢ ᠨᠠ ᠬᠤᠲᠠ ᠶᠢᠨ ᠤᠰᠤᠨ ᠤ | ᠰᠢᠰᠲ᠋ᠧᠮ ᠤᠨ ᠤᠰᠤ ᠨᠥᠬᠦᠪᠥᠷᠢᠯᠡᠬᠦ ᠢᠨᠵᠧᠨᠧᠷᠢᠩ ᠢ ᠠᠬᠢᠭᠤᠯᠤᠨ ᠂ ᠠᠪᠬᠠᠢ ᠭᠤᠤ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠪᠣᠯᠤᠨ | ᠵᠢᠯᠤᠭᠤᠴᠢᠨ ᠭᠤᠤᠯ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠢ ᠡᠬᠢᠯᠡᠭᠦᠯᠵᠦ ᠂ ᠪᠣᠬᠢᠷ ᠤᠰᠤ ᠰᠢᠶᠳᠪᠦᠷᠢᠯᠡᠬᠦ | ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ︵ ᠬᠤᠶᠠᠳᠤᠭᠠᠷ ᠬᠤᠭᠤᠴᠠᠭ᠎ᠠ ︶ ᠶᠢ ᠪᠡᠶᠡᠯᠡᠭᠦᠯᠵᠦ ᠂ | ᠤᠯᠠᠭᠠᠨᠮᠦ᠋ᠷᠡᠨ ᠤ ᠰᠠᠪᠠ ᠭᠠᠵᠠᠷ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨ | ᠬᠦ ᠪᠠᠲᠤᠯᠠᠨ᠎ᠠ ᠃ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠬᠥᠷᠥᠰᠥ ᠰᠢᠷᠣᠶ ᠶᠢᠨ ᠣᠷᠴᠢᠨ | ᠠᠬᠤᠶ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠎ᠠ ᠃ ᠵᠠᠮ ᠤᠨ ᠲᠣᠭᠤᠰᠣ ᠰᠢᠷᠣᠢ ᠂ ᠪᠠᠷᠢᠯᠭ᠎ᠠ ᠶᠢᠨ ᠭᠠᠵᠠᠷ ᠲᠤᠭᠤᠰᠤ ᠰᠢᠷᠤᠢ | ᠵᠡᠷᠭᠡ ᠪᠣᠬᠢᠷᠲᠤᠯ ᠤᠨ ᠡᠬᠢ ᠰᠤᠷᠪᠤᠯᠵᠢ ᠶᠢ ᠨᠡᠩ ᠦᠨᠳᠤᠷ ᠪᠠᠷᠢᠮᠵᠢᠶ᠎ᠠ ᠪᠠᠷ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ ᠂ ᠪᠦᠬᠦ ᠵᠢᠯ ᠤᠨ | ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ 90% ᠠᠴᠠ ᠳᠡᠭᠡᠭᠰᠢ ᠳᠤ ᠬᠦᠷᠭᠡᠬᠦ ᠶᠢ ᠪᠠᠳᠤᠯᠠᠨ᠎ᠠ ᠃ | ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ ᠃ ︽ ᠨᠡᠭᠦᠷᠡᠰᠦᠲᠥ᠋ᠷᠥᠭᠴᠢ ᠶᠢᠨ | ᠲᠠᠪᠬᠤᠷ ᠢᠰᠤᠯ ᠢ ᠬᠢᠵᠠᠭᠠᠷᠯᠠᠬᠤ ᠶᠢ ᠣᠷᠭᠢᠯ ᠳᠤ ᠬᠦᠷᠭᠡᠬᠦ ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠰᠠᠭᠠᠷᠮᠠᠭᠵᠢᠭᠤᠯᠬᠤ ︾ ᠬᠠᠷᠠᠯᠲᠠ ᠶᠢ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠂ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ ᠂ ᠨᠡᠭᠦᠷᠡᠰᠦᠨ | ᠠᠭᠤᠷᠬᠠᠶ ᠶᠢᠨ ᠠᠵᠤ ᠠᠬᠤᠢᠢᠯᠠᠯ ᠯᠤᠭ᠎ᠠ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠤᠨ ᠂ ︽ ᠨᠡᠭᠦᠷᠡᠰᠦᠲᠥ᠋ᠷᠥᠭᠴᠢ ᠶᠢ ᠬᠤᠷᠠᠭᠤᠯᠬᠤ | ᠣᠶ ︾ ᠶᠢᠨ ᠪᠥᠲᠥᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ ᠃ ᠮᠣᠳᠣ ᠳᠠᠷᠢᠵᠤ ᠣᠢᠢᠵᠢᠭᠤᠯᠬᠤ ᠠᠵᠢᠯ ᠢ ᠢᠳᠡᠪᠬᠢᠲᠡᠶ | ᠥᠷᠨᠢᠭᠦᠯᠵᠦ ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠯᠦᠭᠡ ᠬᠤᠤᠰᠯᠠᠨ ᠬᠠᠮᠲᠤᠪᠠᠷ ᠪᠠᠶᠢᠭᠤᠯᠬᠤ ᠲᠣᠭᠲᠠᠴᠠ ᠶᠢ ᠪᠠᠶᠢᠭᠤᠯᠤᠨ ᠂ | ᠪᠥᠬᠦ ᠨᠡᠶᠢᠭᠡᠮ ᠢ ᠳᠠᠶᠢᠴᠢᠯᠠᠨ ᠨᠢᠭᠡ ᠪᠦᠯᠦᠭ ᠡᠮᠡᠭᠲᠡᠶᠢᠴᠦᠳ ᠤᠨ ᠣᠶ ᠂ ᠡᠪ ᠬᠠᠮᠲᠤ ᠵᠠᠯᠠᠭᠤᠴᠤᠳ ᠤᠨ ᠣᠶ ᠂ ᠬᠤᠶᠠᠷ ᠢ ᠬᠦᠷᠢᠶᠡᠯᠡᠬᠦ | ᠣᠶ ᠶᠢ ᠪᠣᠶ ᠪᠣᠯᠭᠠᠵᠤ ᠂ ᠵᠢᠯ ᠤᠨ ᠳᠣᠲᠣᠷ᠎ᠠ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠲᠠᠯᠠᠪᠠᠶ ᠶᠢ ᠲᠦᠮᠡᠨ ᠮᠥ ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ᠃ ᠬᠤᠲᠠ ᠶᠢᠨ ᠨᠣᠭᠤᠭᠠᠷᠠᠭᠤᠯᠤᠯᠲᠠ ᠶᠢ ᠲᠠᠰ ᠳᠡᠪᠰᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠲᠦᠷᠭᠡᠳᠬᠡᠨ ᠠᠬᠢᠭᠤᠯᠵᠤ ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠴᠡᠴᠡᠷᠯᠢᠭᠵᠢᠭᠦᠯᠬᠦ ᠂ ᠡᠷᠴᠢᠮᠵᠢᠭᠦᠯᠬᠦ ᠂ ᠨᠠᠷᠢᠯᠢᠬᠵᠢᠭᠤᠯᠬᠤ ᠲᠠᠶᠢᠰᠢ | ᠬᠤᠪᠢᠷᠠᠭᠤᠯᠬᠤ ᠶᠢ ᠪᠡᠶᠡᠯᠡᠭᠦᠯᠦᠨ ᠂ ᠨᠢᠭᠡ ᠪᠦᠯᠦᠭ ᠨᠣᠭᠤᠭᠠᠷᠠᠭᠤᠯᠤᠯᠲᠠ ᠶᠢᠨ ᠴᠡᠭ ᠂ ᠬᠤᠲᠠ ᠶᠢᠨ ᠨᠣᠭᠤᠭᠠᠨ ᠪᠦᠰᠡ ᠶᠢ ᠨᠠᠷᠢᠨ ᠨᠢᠮᠪᠠᠶ ᠪᠣᠶ | ᠪᠣᠯᠭᠠᠵᠤ ᠂ ᠴᠢᠨᠠᠷ ᠰᠠᠶᠢᠲᠠᠶ ᠬᠤᠲᠠ ᠶᠢᠨ ᠨᠣᠭᠤᠭᠠᠷᠠᠭᠤᠯᠤᠯᠲᠠ ᠶᠢᠨ ᠠᠮᠢ ᠠᠬᠤᠶ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ᠎ᠠ ᠃ | ᠬᠤᠲᠠ ᠶᠢᠨ ᠲᠡᠭᠦᠷᠭᠡ ᠶᠢᠨ ᠠᠮᠢ ᠠᠬᠤᠶ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠭᠤᠨ ᠡᠳᠦᠷ ᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠲᠤᠰᠬᠠᠶ ᠠᠵᠢᠯᠯᠠᠭ᠎ᠠ ᠶᠢ ᠥᠷᠨᠢᠭᠦᠯᠵᠦ ᠂ ᠲᠠᠷᠢᠶᠠᠨ ᠭᠠᠵᠠᠷ ᠢ ᠬᠠᠤᠯᠢ ᠲᠣᠭᠲᠠᠭᠠᠯ ᠠᠴᠠ ᠵᠥᠷᠢᠴᠡᠨ ᠲᠠᠲᠠᠪᠤᠷᠢᠯᠠᠨ ᠡᠵᠡᠯᠡᠬᠦ ᠪᠠ ᠨᠤᠲᠤᠭ | ᠪᠡᠯᠴᠢᠭᠡᠷ ᠤᠨ ᠣᠢᠢᠲᠤ ᠭᠠᠵᠠᠷ ᠢ ᠡᠪᠳᠡᠬᠦ ᠦᠶᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠭᠡᠵᠤ ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠶᠡᠬᠡᠪᠡᠷ ᠠᠬᠢᠭᠤᠯᠵᠤ ᠂ ᠪᠣᠬᠢᠷᠲᠤᠯ ᠥᠬᠡᠶ ᠠᠮᠤᠷ ᠲᠦᠪᠰᠢᠨ ᠠᠮᠢ ᠠᠬᠤᠶ ᠶᠢᠨ ᠬᠠᠯᠬᠠᠪᠴᠢ ᠶᠢ | ᠲᠠᠰᠤᠷᠠᠯᠲᠠ ᠥᠬᠡᠶ ᠴᠣᠭᠴᠠᠯᠠᠨ ᠪᠠᠶᠢᠭᠤᠯᠤᠨ᠎ᠠ ᠃ | ᠠᠮᠢ ᠠᠬᠤᠶ ᠶᠢᠨ ᠡᠬᠢ ᠪᠠᠶᠠᠯᠢᠭ ᠤᠨ ᠦᠨ᠎ᠡ ᠥᠷᠲᠡᠭ ᠢ ᠬᠦᠨᠵᠡᠭᠡᠶᠢᠷᠡᠬᠦᠯᠤᠨ᠎ᠡ᠃ ︽ ᠬᠥᠬᠡᠮᠳᠦᠭ ᠨᠣᠭᠤᠭᠠᠨ ᠠᠭᠤᠯᠠ ᠤᠰᠤ ᠪᠣᠯ | ᠠᠯᠲᠠ ᠮᠥᠩᠭᠦᠨ ᠠᠭᠤᠯᠠ ᠤᠰᠤ ᠮᠥᠨ ︾ ᠭᠡᠬᠦ ᠣᠢᠢᠯᠠᠭᠠᠭᠳᠠᠬᠤᠨ ᠢ ᠯᠠᠪᠳᠠᠭᠤᠨ ᠪᠠᠲᠤᠲᠠᠶ ᠦᠶᠯᠡᠳᠦᠯᠭᠡᠵᠢᠭᠦᠯᠵᠦ ᠂ ᠰᠠᠶᠢᠨ ᠰᠠᠶᠢᠬᠠᠨ ᠠᠮᠢ | ᠠᠬᠤᠶ ᠶᠢᠨ ᠣᠷᠴᠢᠨ ᠲᠣᠭᠤᠷᠢᠨ ᠤ ᠡᠬᠢ ᠪᠠᠶᠠᠯᠢᠭ ᠲᠤ ᠲᠦᠰᠢᠭᠯᠡᠨ ᠂ ︽ ᠤᠰᠤᠨ ᠳᠡᠭᠡᠷᠡᠬᠢ ᠠᠵᠤ ᠠᠬᠤᠶ ︾ ᠶᠢ ᠶᠡᠬᠡᠪᠡᠷ | ᠬᠥᠭᠵᠢᠭᠦᠯᠵᠦ ᠂ ᠳᠤᠮᠳᠠᠳᠤ ᠤᠯᠤᠰ ᠤᠨ ᠤᠷᠤᠯᠳᠤᠭᠠᠨ ᠤ ᠵᠠᠪᠢ ᠶᠢᠨ ᠮᠠᠰᠲ᠋ᠧᠷ ᠤᠨ ᠰᠢᠷᠢᠰ ᠤᠷᠤᠯᠳᠤᠭᠠᠨ ᠂ ᠣᠯᠠᠨ ᠤᠯᠤᠰ ᠤᠨ ᠯᠤᠤᠲᠤ | ᠣᠩᠭᠤᠴᠠ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ ᠂ ᠤᠰᠤᠨ ᠳᠡᠭᠡᠷᠡᠬᠢ ᠪᠡᠶ᠎ᠡ ᠶᠢᠨ | ᠲᠠᠮᠢᠷ ᠤᠨ ᠠᠵᠤ ᠦᠶᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠤᠨ᠎ᠠ ᠃ ᠴᠡᠴᠡᠭ ᠢᠶᠠᠷ ᠵᠠᠭᠤᠴᠢ ᠪᠣᠯᠭᠠᠬᠤ ᠶᠢ ᠪᠠᠷᠢᠮᠲᠠᠯᠠᠵᠤ ᠂ | ︽ ᠴᠡᠴᠡᠭ ᠤᠨ ᠠᠵᠤ ᠠᠬᠤᠢ ︾ ᠶᠢ ᠬᠦᠴᠦᠷᠬᠡᠭᠵᠢᠭᠦᠯᠵᠦ ᠂ ᠠᠩᠬᠠᠳᠤᠭᠠᠷ ᠬᠤᠭᠤᠴᠠᠭᠠᠨ ᠤ ︽ ᠴᠡᠴᠡᠷᠯᠢᠭᠳᠦ ᠬᠢᠶ᠎ᠠ | ᠪᠠᠭᠰᠢ ︾ ᠰᠢᠷᠢᠰ ᠠᠵᠢᠯᠯᠠᠭ᠎ᠠ ᠶᠢ ᠡᠷᠬᠢᠯᠡᠵᠦ ᠂ ᠨᠢᠭᠡ ᠪᠦᠯᠦᠭ ᠭᠤᠣᠯ ᠰᠡᠳᠦᠪᠲᠦ ᠴᠡᠴᠡᠭ ᠤᠨ ᠲᠠᠷᠢᠶ᠎ᠠ ᠴᠡᠴᠡᠭ ᠤᠨ ︽ᠲᠠᠯᠠᠢ︾ ᠶᠢ | ᠨᠠᠷᠢᠯᠢᠭ ᠴᠣᠭᠴᠠᠯᠠᠵᠤ ᠂ ᠬᠦᠢᠯᠡᠰᠦᠨ ᠴᠡᠴᠡᠭ ᠲᠤᠭᠤᠷ ᠤᠨ ᠴᠡᠴᠡᠭ ᠤᠨ ᠨᠠᠶᠢᠷ ᠂ ᠠᠯᠳᠠᠨ ᠵᠤᠯᠠ ᠴᠡᠴᠡᠭ ᠤᠨ ᠦᠵᠡᠰᠬᠦᠯᠡᠩ ᠂ | ᠮᠠᠨᠳᠠᠷᠠᠸ᠎ᠠ ᠴᠡᠴᠡᠭ ᠤᠨ ᠰᠣᠶᠣᠯ ᠤᠨ ᠨᠠᠶᠢᠷ ᠂ ᠵᠢᠭᠠᠷ ᠡᠪᠡᠰᠦᠨ ᠤ ᠰᠣᠶᠣᠯ ᠤᠨ ᠨᠠᠶᠢᠷ ᠵᠡᠷᠭᠡ ᠶᠢ ᠰᠠᠶᠢᠲᠤᠷ ᠡᠷᠬᠢᠯᠡᠵᠦ ᠂ ᠠᠩᠬᠢᠯᠤᠮ᠎ᠠ | ᠴᠡᠴᠡᠭ ᠢ ᠵᠤᠭᠠᠴᠠᠭᠰᠠᠳ ᠤᠨ ᠰᠣᠨᠢᠷᠬᠠᠯ ᠢ ᠲᠠᠲᠠᠬᠤ ︽ ᠬᠦᠴᠤᠳᠤ ᠰᠣᠷᠢᠨᠵᠢᠨ ᠣᠷᠣᠨ ︾ ᠪᠣᠯᠭᠠᠵᠤ ᠂ ᠬᠢᠶ᠎ᠠ ᠪᠠᠭᠰᠢ ᠶᠢ | ᠬᠤᠲᠠ ᠶᠢᠨ ᠠᠷᠠᠳ ᠤᠨ ᠨᠢᠳᠤᠨ ᠳᠠᠬᠢ ︽ ᠬᠦᠰᠡᠯᠡᠩ ᠤᠨ ᠤᠷᠤᠨ ︾ ᠪᠣᠯᠭᠠᠨ ᠴᠣᠭᠴᠠᠯᠠᠨ᠎ᠠ ᠃ ᠵᠤᠯᠵᠠᠭ᠎ᠠ ᠮᠣᠳᠣᠨ ᠤ | ᠬᠦᠷᠢᠶᠡᠯᠡᠩ ᠤᠨ ᠰᠠᠭᠤᠷᠢᠨ ᠭᠠᠵᠠᠷ ᠲᠤ ᠲᠦᠰᠢᠭᠯᠡᠨ ᠰᠣᠷᠭᠤᠭ ᠴᠡᠴᠡᠭ ᠤᠨ ᠴᠤᠭᠯᠠᠭ᠎ᠠ ᠮᠠᠶᠢᠮᠠᠶ ᠶᠢ ᠨᠡᠭᠡᠭᠡᠨ ᠡᠷᠭᠢᠯᠡᠵᠦ ᠂ ᠴᠡᠴᠡᠷᠯᠢᠭ ᠤᠨ | ᠦᠵᠡᠰᠬᠦᠯᠡᠩ ᠢ ᠪᠡᠯᠡᠳᠬᠡᠨ ᠡᠷᠭᠢᠯᠡᠵᠦ ᠂ ᠠᠮᠢ ᠠᠬᠤᠶ ᠶᠢᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠂ ᠥᠷᠢᠰᠥᠯᠳᠦᠭᠡᠨ ᠤ | ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠃ | ︵ ᠨᠠᠶᠮᠠ ︶ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠪᠣᠶ ᠪᠣᠯᠭᠠᠵᠤ ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ︽ ᠲᠠᠪᠤᠨ ᠣᠳᠣᠨ ᠲᠠᠰ ᠤᠨ ᠪᠠᠭᠤᠳᠠᠯ ᠤᠨ ᠦᠢᠯᠡᠴᠢᠯᠡᠭᠴᠢ ︾ ᠶᠢᠨ ᠤᠶᠢᠯᠠᠭᠠᠬᠳᠠᠬᠤᠨ ᠢ ᠭᠦᠨᠵᠡᠭᠡᠶ ᠨᠠᠶᠢᠳᠠᠪᠤᠷᠢᠵᠢᠭᠤᠯᠵᠤ ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠂ ᠪᠥᠬᠦ ᠲᠠᠯ᠎ᠠ ᠪᠠᠷ | ᠥᠭᠡᠷᠡᠴᠢᠯᠡᠯᠲᠡ ᠬᠢᠵᠦ ᠰᠢᠨ᠎ᠡ ᠶᠢ ᠡᠬᠦᠳᠤᠨ ᠂ ᠭᠠᠳᠠᠭᠠᠳᠤ ᠨᠡᠭᠡᠭᠡᠯᠳᠡ ᠪᠠᠨ ᠦᠷᠭᠦᠯᠵᠢᠯᠡᠨ ᠦᠷᠭᠡᠳᠭᠡᠵᠤ ᠂ ᠨᠠᠩ ᠥᠨᠳᠥᠷ ᠪᠦᠲᠦᠮᠵᠢᠲᠡᠶ | ᠳᠥᠭᠦᠮ ᠳᠥᠲᠡ ᠂ ᠡᠷᠬᠡ ᠲᠡᠭᠰᠢ ᠲᠥᠪ ᠭᠤᠤᠯᠴᠢ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠲᠦᠷᠭᠡᠳᠬᠡᠨ ᠪᠣᠶ ᠪᠣᠯᠭᠠᠵᠤ ᠂ ᠪᠠᠷᠠᠭᠤᠨ | ᠬᠡᠰᠡᠭ ᠤᠨ ᠭᠠᠵᠠᠷ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠰᠢᠨ᠎ᠡ ᠥᠨᠳᠦᠷᠯᠢᠭ ᠢ ᠴᠢᠷᠮᠠᠶᠢᠨ ᠪᠠᠶᠢᠭᠤᠯᠤᠨ᠎ᠠ ᠃ | ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ | ᠡᠷᠬᠢᠯᠡᠬᠦ ᠣᠷᠴᠢᠨ ᠠᠬᠤᠢ ᠶᠢᠨ ᠲᠤᠰᠬᠠᠶ ᠵᠦᠶᠯ ᠢᠶᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ ᠂ | ︽ ᠲᠠᠯᠪᠢᠬᠤ ᠬᠠᠮᠢᠶᠠᠷᠬᠤ ᠦᠶᠯᠡᠴᠢᠯᠡᠬᠦ ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ ᠃ ︽ ᠨᠢᠭᠡ ᠴᠣᠩᠬᠤ ᠪᠠᠷ ᠨᠡᠶᠢᠳᠡᠮ | ᠭᠦᠶᠴᠡᠳᠬᠡᠬᠦ ︾ ︽ ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠭᠡᠷᠡᠴᠢᠯᠡᠬᠦ | ᠵᠦᠶᠯᠡᠰ ᠪᠠ ᠠᠵᠤ ᠠᠬᠤᠢᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶᠯᠡᠰ ᠲᠤ ᠠᠮᠠᠯᠳᠠᠬᠤ ᠲᠦᠷᠢᠮ ᠢ ᠬᠡᠷᠡᠭᠵᠢᠭᠦᠯᠦᠨ ᠂ | ᠨᠢᠭᠡ ᠪᠦᠯᠦᠭ ᠠᠯᠲᠠᠨ ᠮᠧᠳᠠᠯᠳᠤ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠡᠩᠨᠡᠭᠡ ᠶᠢ ᠲᠦᠷᠭᠡᠳᠬᠡᠨ ᠪᠠᠶᠢᠭᠤᠯᠵᠤ ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠲᠤᠭᠤᠷᠢᠭ ᠤᠨ ᠱᠠᠲᠤᠨ ᠠᠴᠠ ᠳᠣᠷᠣᠭᠰᠢᠬᠢ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ︽ ᠴᠠᠭ ᠬᠢᠵᠠᠭᠠᠷᠯᠠᠨ ᠰᠢᠶᠳᠪᠦᠷᠢᠯᠡᠵᠦ ᠳᠠᠭᠤᠰᠬᠠᠬᠤ ᠂ ᠴᠠᠭ ᠠᠴᠠ | ᠭᠡᠳᠤᠷᠡᠪᠡᠯ ᠪᠤᠷᠤᠭᠤ ᠪᠠᠨ ᠮᠡᠳᠡᠷᠡᠬᠦ ᠂ ᠬᠠᠷᠢᠭᠤᠴᠠᠯᠭ᠎ᠠ ᠨᠡᠬᠡᠮᠵᠢᠯᠡᠬᠦ ︾ ᠲᠦᠷᠢᠮ ᠢ ᠰᠤᠳᠤᠯᠤᠨ ᠬᠡᠷᠡᠭᠵᠢᠭᠦᠯᠦᠨ᠎ᠡ ᠃ ᠳᠤᠲᠠᠭᠤ ᠶᠢ ᠭᠥᠯᠢᠶᠡᠨ | ᠠᠪᠴᠤ ᠰᠢᠶᠳᠪᠦᠷᠢᠯᠡᠬᠦ ᠲᠦᠷᠢᠮ ᠢ ᠶᠡᠬᠡᠪᠡᠷ ᠳᠡᠯᠭᠡᠷᠡᠭᠦᠯᠵᠦ ᠂ ︽ ᠪᠠᠷᠢᠮᠵᠢᠶ᠎ᠠ ᠲᠠᠢ + ᠠᠮᠠᠯᠠᠯᠲᠠ ᠲᠠᠢ ︾ ᠲᠦᠷᠢᠮ ᠢ ᠰᠦᠪᠡᠭᠴᠢᠯᠡᠨ | ᠬᠡᠷᠡᠭᠵᠢᠭᠦᠯᠵᠦ ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠤᠨ᠎ᠠ ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ ᠰᠠᠶᠢᠨ ᠮᠠᠭᠤ ᠶᠢ ᠦᠨᠡᠯᠡᠬᠦ ︾ ᠲᠦᠷᠢᠮ ᠢ ᠲᠡᠭᠦᠯᠳᠡᠷᠵᠢᠭᠦᠯᠵᠦ ᠂ ᠠᠵᠢᠯ ᠶᠠᠪᠤᠳᠠᠯ | ᠭᠦᠶᠴᠡᠳᠬᠡᠬᠦ ᠠᠵᠤ ᠠᠬᠤᠢᠢᠯᠠᠯ ᠪᠠ ᠣᠯᠠᠨ ᠲᠦᠮᠡᠨ ᠢᠶᠠᠷ ᠦᠶᠯᠡᠴᠢᠯᠡᠭᠡᠨ ᠤ ᠠᠮᠵᠢᠯᠲᠠ ᠪᠦᠲᠦᠮᠵᠢ ᠶᠢ ᠦᠨᠡᠯᠡᠭᠦᠯᠦᠨᠡ ᠃ 《ᠰᠠᠶᠢᠲᠤᠷ | ᠲᠠᠯᠪᠢᠬᠤ》 ᠶᠢᠨ ᠬᠠᠮᠲᠤ 《ᠰᠠᠶᠢᠲᠤᠷ ᠬᠠᠮᠢᠶᠠᠷᠬᠤ》 ᠶᠢ ᠨᠡᠩ ᠰᠠᠶᠢᠨ ᠪᠡᠶᠡᠯᠡᠬᠦᠯᠤᠨ᠎ᠡ ᠃ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ︽ ᠭᠡᠨᠡᠳᠡᠬᠦᠯᠤᠨ ᠪᠠᠶᠢᠴᠠᠭᠠᠬᠤ ᠬᠠᠤᠯᠢ ᠭᠡᠷᠡᠭᠵᠢᠬᠦᠯᠬᠦ ᠂ ᠨᠢᠭᠡ ᠶᠢ ᠢᠯᠡ | ᠪᠣᠯᠭᠠᠬᠤ ︾ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠳᠠ︾ ᠶᠢ ᠴᠢᠩᠭ᠎ᠠ ᠨᠠᠶᠢᠳᠠᠪᠤᠷᠢᠵᠢᠭᠤᠯᠵᠤ ᠂ | ︽ ᠶᠠᠪᠤᠳᠠᠯ ᠪᠦᠬᠦᠨ ᠢ ᠬᠠᠷᠰᠢᠯᠠᠬᠤ ᠦᠭᠡᠢ ᠂ ᠶᠠᠪᠤᠳᠠᠯ ᠪᠦᠬᠦᠨ ᠢ ᠪᠠᠷᠢᠨ ᠭᠦᠢᠴᠡᠳᠬᠡᠬᠦ ︾ ᠶᠢ ᠪᠡᠶᠡᠯᠡᠭᠦᠯᠵᠦ ᠂ ᠠᠵᠢᠯ ᠦᠢᠯᠡᠰ | ᠴᠣᠭᠴᠠᠯᠠᠭᠴᠢ ᠪᠠ ᠠᠵᠤ ᠠᠬᠤᠶᠢᠯᠠᠯᠳᠠᠳ ᠰᠠᠨᠠᠭ᠎ᠠ ᠠᠮᠤᠷ ᠰᠡᠳᠬᠢᠯ ᠰᠢᠭᠤᠳᠤᠨ ᠠᠵᠢᠯ ᠦᠢᠯᠡᠰ ᠢᠶᠠᠨ ᠡᠷᠬᠢᠯᠡᠨ ᠡᠵᠡᠩᠨᠡᠬᠦ ᠪᠣᠯᠭᠠᠨ᠎ᠠ ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠤᠨ ᠢ ᠬᠦᠭᠵᠢᠭᠡᠨ᠎ᠡ᠃ ᠨᠡᠶᠢᠭᠡᠮ ᠤᠨ ᠢᠲᠡᠭᠡᠮᠵᠢ ᠶᠢᠨ ᠲᠤᠬᠳᠠᠯᠴᠠᠭ᠎ᠠ | ᠶᠢ ᠲᠦᠷᠭᠡᠪᠴᠢᠯᠡᠨ ᠪᠦᠷᠢᠨᠰᠢᠬᠦᠯᠦᠨ ᠲᠡᠭᠦᠯᠳᠡᠷᠵᠢᠭᠦᠯᠵᠦ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢᠨ ᠲᠦᠷᠢᠮ ᠢ ᠪᠠᠶᠢᠭᠤᠯᠵᠤ ᠂ ᠭᠤᠣᠯᠴᠢ ᠪᠠᠷ ᠦᠷᠢᠰᠤᠯᠳᠤᠬᠦ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠴᠢᠷᠮᠠᠶᠢᠨ | ᠬᠠᠮᠠᠭᠠᠯᠠᠨ᠎ᠠ ᠃ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠱᠠᠲᠤᠨ ᠤ ᠲᠥᠷᠥ ᠶᠢᠨ ᠪᠣᠳᠣᠯᠭ᠎ᠠ ᠰᠠᠨᠠᠯ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠭᠠᠶᠢᠯᠢ ᠶᠢ ᠬᠥᠩᠭᠡᠯᠡᠵᠦ ᠰᠦᠶᠳᠬᠡᠯ ᠢ ᠪᠠᠭᠤᠷᠠᠭᠤᠯᠬᠤ ᠂ ᠲᠦᠭᠡᠮᠡᠯ ᠬᠠᠷᠠᠭᠠᠯᠵᠠᠯ ᠬᠦᠷᠲᠡᠭᠡᠬᠦ | ᠮᠥᠩᠭᠦᠨ ᠭᠦᠶᠯᠭᠡᠭᠡ ᠂ ᠠᠵᠤ ᠠᠬᠤᠢᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ ᠲᠡᠭᠦᠯᠳᠡᠷᠵᠢᠭᠦᠯᠵᠦ ᠂ ᠠᠵᠤ ᠠᠬᠤᠢᠢᠯᠠᠯ ᠳᠤ ᠦᠨᠡᠨ ᠪᠣᠳᠠᠲᠠᠶ ᠪᠣᠳᠠᠲᠤ ᠠᠰᠢᠭ ᠬᠦᠷᠲᠡᠭᠡᠨ᠎ᠡ ᠃ ᠠᠵᠤ ᠠᠬᠤᠢᠢᠯᠠᠯ ᠤᠨ | ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ ᠂ ᠭᠠᠵᠠᠷ ᠰᠢᠷᠣᠶ ᠵᠡᠷᠭᠡ ᠵᠠᠩᠭᠢᠯᠠᠭ᠎ᠠ ᠶᠢᠨ ᠬᠦᠴᠤᠨ ᠵᠦᠢᠯ ᠤᠨ | ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠠᠵᠤ ᠠᠬᠤᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ ᠂ ᠠᠵᠤ ᠠᠬᠤᠢᠢᠯᠠᠯ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠳᠠᠰᠤᠷᠠᠯᠳᠠ ᠦᠬᠡᠢ | ᠬᠥᠭᠵᠢᠭᠡᠵᠦ ᠂ ᠳᠤᠰ ᠭᠠᠵᠠᠷ ᠤᠨ ᠨᠡᠩ ᠤᠯᠠᠨ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠢᠢᠯᠠᠯ ᠢ ᠤᠷᠢᠨ ᠬᠢᠶ᠎ᠠ ᠪᠠᠭᠰᠢ ᠳᠤ | ᠨᠤᠲᠤᠭᠰᠢᠭᠤᠯᠵᠤ ᠂ ᠬᠢᠶ᠎ᠠ ᠪᠠᠭᠰᠢ ᠳᠤ ᠪᠡᠯᠡ ᠣᠷᠣᠭᠤᠯᠤᠨ᠎ᠠ ᠃ ᠬᠤᠳᠠᠯᠳᠤᠭᠠᠴᠢᠨ ᠢ ᠳᠣᠲᠣᠨᠣᠴᠢᠯᠠᠨ ᠠᠵᠤ ᠠᠬᠤᠢᠢᠯᠠᠯ ᠢ ᠲᠤᠰᠠᠯᠠᠬᠤ | ᠦᠢᠯᠡᠴᠢᠯᠡᠭᠡ ᠶᠢ ᠰᠢᠯᠢᠳᠡᠭᠵᠢᠭᠦᠯᠵᠦ ᠂ ᠵᠠᠰᠠᠭ ᠵᠠᠬᠢᠷᠭ᠎ᠠ ᠠᠵᠤ ᠠᠬᠤᠢᠢᠯᠠᠯ ᠤᠨ ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ | ᠡᠷᠬᠢᠯᠡᠵᠦ ᠂ ᠵᠠᠰᠠᠭ ᠵᠠᠬᠢᠷᠭ᠎ᠠ ᠪᠠᠩᠬᠢ ᠠᠵᠤ ᠠᠬᠤᠢᠢᠯᠠᠯ ᠢ ᠵᠣᠯᠭᠠᠭᠤᠯᠬᠤ ᠲᠠᠪᠴᠠᠩ ᠢ ᠪᠠᠶᠢᠭᠤᠯᠵᠤ ᠂ ᠠᠵᠤ ᠠᠬᠤᠢᠢᠯᠠᠯ ᠢ ᠬᠠᠪᠰᠤᠷᠤᠨ ᠪᠣᠳᠠᠲᠠᠶ | ᠬᠦᠴᠢᠷᠳᠡᠯ ᠢ ᠨᠢ ᠰᠢᠶᠳᠪᠦᠷᠢᠯᠡᠵᠦ ᠥᠭᠭᠦᠨ᠎ᠡ ᠃ ᠳᠤᠮᠳᠠ ᠪᠠᠭ᠎ᠠ ᠠᠵᠤ ᠠᠬᠤᠶᠢᠯᠠᠯ ᠤᠨ ᠳᠠᠩᠰᠠᠨ ᠵᠣᠭᠤᠰ ᠢ ᠤᠳᠠᠭᠠᠰᠢᠷᠠᠭᠤᠯᠤᠨ ᠥᠷᠢᠲᠦᠵᠦ | ᠪᠠᠶᠢᠭ᠎ᠠ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠰᠢᠶᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠂ | ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠰᠡᠳᠬᠢᠯ ᠢ ᠠᠮᠤᠷᠵᠢᠭᠤᠯᠤᠨ᠎ᠠ ᠃ | ᠭᠤᠣᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠳᠡ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ ᠂ ᠲᠤᠭᠤᠷᠢᠭ ᠤᠨ ᠬᠠᠷᠢᠶ᠎ᠠ ᠳᠠᠬᠢ ᠤᠯᠤᠰ ᠤᠨ ᠥᠮᠴᠢᠯᠡᠯᠲᠦ ᠠᠵᠤ ᠠᠬᠤᠢᠯᠠᠯ | ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠢ ᠲᠦᠷᠭᠡᠳᠬᠡᠨ ᠢᠯᠭᠠᠷᠠᠭᠤᠯᠵᠤ ᠂ ᠠᠵᠤ ᠠᠬᠤᠢᠢᠯᠠᠯ ᠤᠨ ᠨᠢᠳᠤᠷᠭᠠᠨ ᠦᠢᠯᠡᠰ ᠢ ᠠᠬᠢᠭᠤᠯᠵᠤ ᠂ | ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠠᠩᠭᠢᠯᠠᠭ᠎ᠠ ᠶᠢᠨ ᠬᠦᠷᠢᠶᠡᠨ ᠤ ᠴᠢᠬᠤᠯᠠ ᠡᠭᠦᠷᠭᠡ ᠶᠢ ᠪᠥᠬᠦ ᠲᠠᠯ᠎ᠠ ᠪᠠᠷ ᠡᠭᠦᠷᠭᠡᠯᠡᠨ᠎ᠡ ᠃ | ᠤᠯᠤᠰ ᠤᠨ ᠥᠮᠴᠢᠯᠡᠯᠲᠦ ᠠᠵᠤ ᠠᠬᠤᠢᠯᠠᠯ ᠤᠨ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ ᠂ ᠤᠯᠤᠰ ᠲᠥᠷᠥ ᠶᠢᠨ ᠰᠢᠨᠵᠢ ᠴᠢᠨᠠᠷ | ᠢ ᠬᠦᠴᠦᠯᠡᠨ ᠴᠢᠩᠭᠠᠳᠬᠠᠵᠤ ᠂ ᠴᠠᠯᠢᠩ ᠣᠯᠭᠤᠮᠵᠢ ᠶᠢᠨ ᠤᠷᠮᠠᠰᠢᠭᠤᠯᠬᠤ ᠵᠣᠬᠢᠴᠠᠮᠵᠢ ᠶᠢ ᠨᠠᠶᠢᠳᠠᠪᠤᠷᠢᠵᠢᠭᠤᠯᠤᠨ ᠂ ᠬᠥᠭᠵᠢᠯᠲᠡ ᠶᠢᠨ ᠠᠮᠢᠵᠢᠷᠠᠯ | ᠤᠨ ᠬᠦᠴᠦᠨ ᠢ ᠲᠠᠰᠤᠷᠠᠯᠳᠠ ᠥᠭᠡᠢ ᠨᠡᠮᠡᠭᠳᠡᠭᠦᠯᠦᠨ ᠂ ᠤᠯᠤᠰ ᠤᠨ ᠥᠮᠴᠢᠯᠡᠯᠲᠦ ᠠᠵᠤ ᠠᠬᠤᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠪᠤᠵᠠᠭᠠᠢᠢᠷᠠᠭᠤᠯᠬᠤ ᠶᠢ ᠠᠬᠢᠭᠤᠯᠵᠤ ᠂ ᠲᠤᠭᠤᠷᠢᠭ ᠤᠨ ᠭᠠᠳᠠᠨ᠎ᠠ ᠵᠠᠬ᠎ᠠ ᠳᠡᠯᠭᠡᠭᠦᠷ ᠢ ᠢᠳᠡᠪᠬᠢᠲᠡᠶ ᠪᠠᠷ ᠥᠷᠭᠡᠵᠢᠭᠦᠯᠦᠨ᠎ᠡ ᠃ ᠵᠠᠰᠠᠭ ᠪᠠ ᠠᠵᠢᠯ | ᠦᠶᠯᠡᠰ ᠢ ᠰᠠᠯᠭᠠᠬᠤ ᠂ ᠠᠵᠢᠯ ᠦᠶᠯᠡᠰ ᠪᠠ ᠠᠵᠤ ᠠᠬᠤᠢᠢᠯᠠᠯ ᠢ ᠰᠠᠯᠭᠠᠬᠤ ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠵᠠᠷᠴᠢᠮ ᠢ | ᠪᠠᠷᠢᠮᠲᠠᠯᠠᠨ ᠂ ᠲᠤᠭᠤᠷᠢᠭ ᠤᠨ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ ᠂ 3 | ᠰᠠᠷ᠎ᠠ ᠶᠢᠨ ᠰᠡᠭᠦᠯᠴᠢ ᠠᠴᠠ ᠡᠮᠦᠨ᠎ᠡ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠦᠨ᠎ᠡ ᠃ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ᠲᠥᠰᠦᠪ ᠤᠨ ᠠᠮᠵᠢᠯᠲᠠ ᠪᠦᠲᠦᠮᠵᠢ ᠶᠢᠨ | ᠬᠠᠷᠠᠯᠲᠠᠲᠤ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠲᠦᠷᠭᠡᠪᠴᠢᠯᠡᠨ ᠠᠬᠢᠭᠤᠯᠵᠤ ᠂ ᠠᠮᠵᠢᠯᠲᠠ ᠪᠦᠲᠦᠮᠵᠢ ᠶᠢᠨ ᠦᠷ᠎ᠡ ᠳ᠋ᠦᠩ ᠤᠨ | ᠬᠠᠷᠢᠭᠤᠴᠠᠯᠭ᠎ᠠ ᠨᠡᠬᠡᠮᠵᠢᠯᠡᠬᠦ ᠪᠠ ᠲᠥᠰᠦᠪ ᠤᠨ ᠲᠤᠬᠢᠷᠠᠭᠤᠯᠤᠯᠳᠠ ᠶᠢ ᠬᠠᠷᠢᠯᠴᠠᠨ ᠬᠤᠯᠪᠤᠬᠳᠠᠭᠤᠯᠬᠤ ᠶᠢ ᠪᠡᠶᠡᠯᠡᠭᠦᠯᠵᠦ ᠂ 《ᠵᠣᠭᠤᠰ ᠵᠠᠷᠤᠪᠠᠯ | ᠵᠠᠪᠠᠯ ᠦᠷ᠎ᠡ ᠪᠦᠲᠦᠮᠵᠢ ᠶᠢ ᠨᠢ ᠨᠡᠬᠡᠮᠵᠢᠯᠡᠬᠦ ᠂ ᠦᠷ᠎ᠡ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ》 ᠶᠢ ᠦᠨᠡᠨ ᠬᠦ | ᠪᠡᠶᠡᠯᠡᠭᠦᠯᠦᠨ᠎ᠡ ᠃ | ᠭᠠᠳᠠᠭᠠᠳᠤ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ ᠃ ᠬᠤᠲᠠ ᠶᠢᠨ ᠤᠯᠤᠰ ᠲᠥᠷᠥ ᠶᠢᠨ ᠲᠥᠪ ᠤᠨ ᠪᠠᠶᠢᠷᠢ | ᠲᠣᠭᠲᠠᠭᠠᠯᠲᠠ ᠶᠢ ᠳᠣᠪᠤᠶᠢᠯᠭᠠᠨ ᠂ ᠣᠷᠳᠣᠰ ᠤᠨ ᠬᠠᠮᠤᠭ ᠤᠨ ᠰᠠᠶᠢᠨ ᠣᠷᠣᠨ ᠢ ᠴᠢᠷᠮᠠᠶᠢᠨ ᠪᠠᠶᠢᠭᠤᠯᠵᠤ ᠂ ᠪᠥᠬᠦ ᠬᠤᠲᠠ ᠶᠢᠨ ᠤᠯᠤᠰ | ᠲᠥᠷᠥ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠶᠯᠡᠴᠢᠯᠡᠨ᠎ᠡ ᠃ ᠬᠥᠬᠡᠬᠤᠲᠠ ᠪᠤᠭᠤᠲᠤ ᠤᠷᠳᠤᠰ | ᠤᠯᠠᠭᠠᠨᠴᠠᠪ ᠤᠨ ᠨᠢᠭᠡ ᠴᠤᠬᠴᠠᠵᠢᠯᠳᠠ ᠂ ᠬᠥᠬᠡᠬᠤᠲᠠ ᠪᠤᠭᠤᠲᠤ ᠤᠷᠳᠤᠰ ᠲᠡᠮᠡᠭᠡᠲᠦ ᠶᠢᠨ ᠬᠠᠮᠵᠢᠯᠴᠠᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠳᠤ | ᠪᠦᠬᠦ ᠲᠠᠯ᠎ᠠ ᠪᠠᠷ ᠠᠭᠤᠰᠤᠯᠴᠠᠭᠤᠯᠵᠤ ᠂ ᠬᠤᠳᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠳ᠋ᠦᠡᠭᠱᠸᠡᠭ ᠠᠯᠳᠠᠨᠰᠢᠷᠡᠭᠡᠳᠤ ᠬᠢᠶ᠎ᠠ | ᠪᠠᠭᠰᠢ ᠶᠢ ᠴᠤᠬᠴᠠᠵᠢᠭᠤᠯᠤᠨ ᠬᠦᠭᠵᠢᠬᠦᠯᠬᠦ ᠰᠡᠳᠬᠢᠴᠡ ᠶᠢ ᠨᠠᠶᠢᠳᠠᠪᠤᠷᠢᠵᠢᠭᠤᠯᠤᠨ ᠂ ᠳ᠋ᠦᠩᠱᠧᠩ ᠲᠣᠭᠤᠷᠢᠭ ᠂ ᠡᠵᠡᠨ ᠬᠤᠷᠤᠭ᠎ᠠ ᠬᠤᠰᠢᠭᠤ ᠲᠠᠢ | ᠬᠠᠮᠲᠤᠷᠠᠨ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠤᠷᠳᠤᠰ ᠬᠤᠳᠠ ᠶᠢᠨ ᠲᠦᠪ ᠲᠤᠭᠤᠷᠢᠭ ᠢ ᠴᠢᠬᠤᠯᠠ ᠬᠦᠢᠰᠤ ᠬᠤᠳᠠ | ᠪᠣᠯᠭᠠᠨ ᠪᠦᠳᠦᠬᠡᠨ ᠪᠠᠶᠢᠭᠤᠯᠤᠨ᠎ᠠ᠃ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ ᠂ | ︽ ᠶᠡᠭᠡ ᠨᠢ ᠪᠠᠭ᠎ᠠ ᠪᠠᠨ ᠬᠦᠳᠤᠯᠬᠦ︾ ᠬᠠᠮᠵᠢᠯᠴᠠᠨ ᠬᠠᠮᠲᠤᠪᠠᠷ ᠪᠠᠶᠢᠭᠤᠯᠬᠤ ᠲᠣᠭᠲᠠᠴᠠ ᠶᠢ ᠪᠠᠶᠢᠭᠤᠯᠵᠤ ᠂ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤᠪᠠᠷ ᠡᠳ᠋ᠯᠡᠵᠦ ᠂ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠨ᠎ᠠ ᠃ ᠠᠵᠤ ᠠᠬᠤᠶ ᠂ ᠰᠣᠶᠣᠯ ᠂ | ᠴᠢᠳᠠᠪᠤᠷᠢᠲᠠᠨ ᠵᠡᠷᠭᠡ ᠤᠯᠠᠨ ᠬᠦᠷᠢᠶᠡᠨ ᠳᠤ ᠂ ᠪᠡᠭᠡᠵᠢᠩ ᠲᠢᠶᠠᠨᠵᠢᠨ ᠾᠧᠪᠸᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ | ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠵᠡᠷᠭᠡ ᠠᠵᠤ ᠠᠬᠤᠶ ᠶᠢᠨ ᠬᠦᠷᠢᠶᠡᠨ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠪᠦᠬᠦ ᠲᠠᠯ᠎ᠠ ᠪᠠᠷ | ᠠᠭᠤᠰᠤᠯᠴᠠᠨ᠎ᠠ ᠃ | ︵ ᠶᠢᠰᠦ ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ ᠂ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ | ᠠᠷᠠᠳ ᠤᠨ ᠲᠥᠯᠥᠭᠡ ᠬᠥᠭᠵᠢᠭᠦᠯᠬᠦ ᠦᠷᠳᠡᠭ ᠤᠨ ᠬᠠᠨᠳᠤᠰᠢ ᠶᠢ ᠪᠠᠷᠢᠮᠲᠠᠯᠠᠵᠤ ᠂ ᠠᠷᠠᠳ ᠤᠨ ᠠᠮᠢᠳᠤᠷᠠᠯ ᠢ ᠤᠷᠢᠳ ᠢᠶᠠᠷ | ᠪᠤᠳᠤᠯᠬᠢᠯᠠᠬᠤ ᠦᠢᠯᠡᠳᠦᠯᠭᠡ ᠶᠢᠨ ᠤᠳᠤᠷᠢᠳᠤᠮᠵᠢ ᠶᠢ ᠲᠤᠪᠤᠶᠢᠯᠭᠠᠨ ᠂ ᠠᠷᠠᠳ ᠤᠨ ᠰᠠᠨᠠᠭ᠎ᠠ ᠶᠢ ᠴᠢᠬᠤᠯᠠᠴᠢᠯᠠᠬᠤ ᠦᠨᠡᠯᠡᠯᠲᠡ ᠶᠢᠨ ᠴᠢᠭᠯᠡᠯ ᠢ | ᠴᠢᠩᠭᠠᠳᠬᠠᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠂ ᠵᠣᠯ ᠵᠢᠷᠭᠠᠯᠲᠤ ᠲᠦᠷᠦᠭᠳᠡᠯ ᠂ | ᠠᠮᠤᠷ ᠲᠦᠪᠰᠢᠨ ᠲᠥᠷᠦᠭᠳᠡᠯ ᠢ ᠨᠡᠩ ᠪᠦᠷᠢᠨ ᠲᠡᠭᠦᠯᠳᠡᠷ ᠂ ᠨᠡᠩ ᠪᠠᠲᠤᠯᠠᠭ᠎ᠠ ᠲᠠᠢ ᠂ ᠨᠡᠩ ᠦᠷᠬᠦᠯᠵᠢᠯᠡᠬᠦᠶᠢᠴᠡ ᠪᠣᠯᠭᠠᠬᠤ ᠪᠠᠷ | ᠴᠢᠷᠮᠠᠶᠢᠨ᠎ᠠ ᠃ | ᠬᠤᠳᠠ ᠶᠢ ᠨᠡᠩ ᠢᠯᠡᠭᠦᠦ ᠰᠣᠶᠣᠯ ᠢᠷᠭᠡᠨᠰᠢᠯ ᠤᠨ ᠲᠤᠯᠠᠭᠠᠨ ᠡᠪᠤᠷ ᠪᠣᠯᠭᠠᠨ᠎ᠠ ᠃ ᠠᠵᠢᠯ ᠣᠯᠭᠤᠯᠲᠠ ᠶᠢᠨ ᠪᠠᠲᠤᠯᠠᠭ᠎ᠠ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ ᠂ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢ ᠪᠠ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ | ᠬᠠᠮᠲᠤᠯᠢᠭ ᠤᠨ ᠠᠵᠢᠯ ᠣᠯᠵᠤ ᠦᠢᠯᠡᠰ ᠪᠤᠰᠬᠠᠬᠤ ᠶᠢ ᠲᠡᠮᠵᠢᠬᠦ ᠠᠵᠢᠯ ᠢ ᠰᠠᠶᠢᠲᠤᠷ ᠬᠢᠨ᠎ᠠ ᠃ 《ᠵᠠᠰᠠᠭ ᠤᠨ ᠣᠷᠳᠣᠨ ᠤ ᠡᠭᠦᠳᠡᠨ ᠳᠤ | ᠣᠴᠢᠵᠤ》 ᠪᠠᠶᠢᠭᠰᠠᠨ ᠢ 《ᠵᠠᠰᠠᠭ ᠤᠨ ᠣᠷᠳᠣᠨ ᠡᠭᠦᠳᠡᠨ ᠳᠤ ᠣᠴᠢᠬᠤ》 ᠪᠣᠯᠭᠠᠨ ᠬᠤᠪᠢᠷᠠᠭᠤᠯᠵᠤ ᠂ ᠨᠡᠬᠦᠯᠭᠡᠨ ᠰᠢᠯᠵᠢᠭᠰᠡᠨ | ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠲᠡᠳᠬᠦᠵᠦ ᠂ ᠠᠷᠴᠢᠭᠤᠷ ᠢᠶᠠᠨ | ᠬᠠᠶᠠᠨ ᠬᠤᠳᠠ ᠳᠤ ᠤᠷᠤᠭᠰᠠᠨ ᠲᠠᠷᠢᠶᠠᠴᠢᠳ ᠢ ᠨᠡᠩ ᠤᠯᠠᠨ ᠣᠷᠤᠯᠭ᠎ᠠ ᠶᠢᠨ ᠢᠷᠡᠯᠳᠡ ᠲᠠᠢ ᠂ ᠨᠡᠩ ᠨᠡᠷ᠎ᠡ ᠲᠦᠷᠦ ᠲᠠᠢ ᠠᠮᠢᠳᠤᠷᠠᠯ ᠲᠠᠢ | ᠪᠣᠯᠭᠠᠵᠤ ᠂ ᠬᠤᠳᠠ ᠳᠤ ᠨᠡᠩ ᠰᠠᠶᠢᠨ ᠠᠭᠤᠰᠤᠯᠴᠠᠭᠤᠯᠤᠨ᠎ᠠ ᠃ ᠭᠠᠳᠠᠨ᠎ᠠ ᠠᠴᠠ ᠢᠷᠡᠭᠰᠡᠨ ᠬᠦᠯᠤᠰᠤᠨ ᠠᠵᠢᠯᠴᠢᠳ ᠢ ᠨᠡᠩ ᠢᠯᠡᠭᠦᠦ | ᠬᠠᠯᠠᠮᠵᠢᠯᠠᠨ ᠬᠠᠶᠢᠷᠠᠯᠠᠵᠤ ᠂ ᠣᠷᠣᠨ ᠰᠠᠭᠤᠴᠠ ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠪᠣᠳᠠᠲᠠᠢ ᠬᠦᠴᠢᠷᠳᠡᠯ ᠢ ᠨᠢ | ᠬᠠᠪᠰᠤᠷᠤᠨ ᠰᠢᠢᠳᠪᠦᠷᠢᠯᠡᠵᠦ ᠂ ᠪᠦᠬᠦ ᠲᠤᠭᠤᠷᠢᠭ ᠤᠨ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠠᠷᠢᠭᠤᠨ ᠴᠡᠪᠡᠷ ᠤᠨ ᠠᠵᠢᠯᠴᠢᠳ ᠲᠤ ᠨᠡᠩ ᠴᠡᠪᠡᠷ | ᠴᠡᠮᠴᠡᠭᠡᠷ ᠬᠤᠪᠴᠠᠰᠤ ᠡᠮᠦᠰᠬᠡᠵᠦ ᠂ ᠨᠡᠩ ᠲᠡᠷᠢᠭᠦᠨ ᠤ ᠮᠠᠰᠢᠨ ᠮᠧᠬᠠᠨᠢᠭ ᠢ ᠬᠡᠷᠡᠭᠯᠡᠭᠦᠯᠵᠦ ᠂ ᠬᠤᠳᠠ ᠶᠢᠨ ᠨᠡᠭᠦᠳᠡᠯ ᠦᠵᠡᠮᠵᠢ ᠪᠣᠯᠭᠠᠨ᠎ᠠ ᠃ | ᠬᠤᠳᠠ ᠶᠢᠨ ᠴᠢᠳᠠᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ ᠂ ᠨᠢᠭᠡ ᠪᠦᠯᠦᠭ ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠢ | ᠰᠢᠨ᠎ᠡ ᠪᠠᠷ ᠪᠠᠶᠢᠭᠤᠯᠵᠤ ᠂ ᠬᠤᠳᠠ ᠶᠢ ᠦᠵᠡᠰᠬᠦᠯᠡᠩᠲᠦ ᠰᠠᠶᠢᠬᠠᠨ ᠦᠡᠭᠭᠡ ᠵᠢᠰᠦ ᠲᠠᠢ ᠪᠣᠯᠭᠠᠬᠤ ᠪᠠᠷ ᠪᠠᠷᠠᠬᠤ ᠦᠭᠡᠢ ᠬᠦᠭᠵᠢᠶᠡᠨ ᠨᠠᠷᠬᠢᠶᠠᠨ | ᠪᠢᠯᠬᠠᠮ᠎ᠠ ᠪᠣᠯᠭᠠᠨ᠎ᠠ ᠃ ᠴᠢᠳᠠᠯ ᠤᠨ ᠢᠶᠠᠨ ᠬᠢᠷᠢ ᠪᠠᠷ ᠬᠢᠬᠦ ᠂ ᠴᠢᠳᠠᠯ ᠢᠶᠠᠷ ᠢᠶᠠᠨ ᠴᠢᠷᠮᠠᠢᠬᠤ ᠶᠢ ᠪᠠᠷᠢᠮᠲᠠᠯᠠᠵᠤ ᠂ ᠤᠯᠠᠨ | ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠂ ᠨᠡᠩ ᠤᠯᠠᠨ ᠬᠥᠭᠵᠢᠯᠲᠡ ᠶᠢᠨ ᠦᠷ᠎ᠡ | ᠪᠦᠲᠦᠭᠡᠯ ᠢ ᠠᠷᠠᠳ ᠤᠯᠠᠨ ᠳᠤ ᠬᠦᠷᠲᠡᠭᠡᠬᠦ ᠶᠢ ᠴᠢᠷᠮᠠᠶᠢᠨ ᠠᠬᠢᠭᠤᠯᠤᠨ᠎ᠠ ᠃ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠡ᠃ ︽ ᠠᠮᠤᠭᠤᠯᠠᠩ ᠬᠢᠶ᠎ᠠ | ᠪᠠᠭᠰᠢ ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ ᠂ ︽ ᠭᠡᠭᠡᠨ ᠰᠠᠷᠠᠭᠤᠯ ᠢᠨᠵᠧᠨᠧᠷᠢᠩ ︾ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠣᠳᠣᠬᠢᠴᠢᠯᠠᠭᠰᠠᠨ | ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠤᠬᠳᠠᠯᠴᠠᠭ᠎ᠠ ᠶᠢ ᠪᠠᠶᠢᠭᠤᠯᠤᠨ᠎ᠠ ᠃ ︽ ᠭᠤᠷᠪᠠ ᠬᠤᠯᠪᠣᠭᠠᠯᠠᠨ | ᠬᠥᠳᠡᠯᠦᠯᠴᠡᠬᠦ ︾ ᠶᠢ ᠭᠦᠨᠵᠡᠭᠡᠶ ᠠᠬᠢᠭᠤᠯᠵᠤ ᠂ ᠨᠡᠶᠢᠭᠡᠮ ᠤᠨ ᠬᠦᠴᠦᠨ ᠤ ᠵᠠᠰᠠᠭ ᠤᠨ ᠣᠷᠳᠣᠨ ᠤ ᠦᠶᠯᠡᠴᠢᠯᠡᠭᠡ ᠬᠤᠳᠠᠯᠳᠤᠨ | ᠠᠪᠬᠤ ᠳᠤ ᠣᠷᠣᠯᠴᠠᠬᠤ ᠶᠢ ᠳᠡᠮᠵᠢᠨ᠎ᠡ ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ | ᠰᠡᠷᠭᠡᠶᠢᠯᠡᠬᠦ ᠂ ᠣᠯᠠᠨ ᠡᠰᠢᠵᠢᠬᠦᠯᠤᠨ ᠰᠢᠶᠳᠪᠦᠷᠢᠯᠡᠬᠦ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠲᠠᠯ᠎ᠠ ᠪᠠᠷ ᠬᠢ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠵᠦ ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠲᠣᠬᠢᠲᠠᠶ ᠰᠢᠶᠳᠪᠦᠷᠢᠯᠡᠨ᠎ᠡ ᠃ ᠬᠠᠤᠯᠢᠵᠢᠯ ᠵᠠᠰᠠᠭ ᠤᠨ ᠤᠷᠳᠤᠨ ᠤ ᠪᠠᠶᠢᠭᠤᠯᠤᠯᠲᠠ ᠶᠢ ᠴᠢᠩᠭᠠᠳᠬᠠᠵᠤ ᠂ ᠤᠳᠤ | ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠬᠳᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ ᠂ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠰᠠᠶᠢᠳᠤᠷ ᠬᠢᠨ᠎ᠠ᠃ | ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠦᠯᠦᠪᠵᠢᠬᠦᠯᠤᠨ ᠬᠦᠭᠵᠢᠬᠦᠯᠤᠨ᠎ᠡ ᠃ ᠶᠡᠷᠦᠩᠬᠡᠢ | ᠴᠣᠭᠴᠠ ᠶᠢᠨ ᠤᠯᠤᠰ ᠭᠦᠷᠦᠨ ᠤ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ | ᠰᠡᠷᠭᠡᠶᠢᠯᠡᠨ ᠨᠠᠮᠳᠠᠭᠤᠯᠬᠤ ᠶᠢ ᠰᠠᠶᠢᠲᠤᠷ ᠠᠳᠬᠤᠵᠤ ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ | ᠦᠢᠯᠡᠳᠦᠯᠴᠡᠯ ᠢ ᠪᠡᠶᠡᠯᠡᠭᠦᠯᠬᠦ ᠶᠢ ᠠᠬᠢᠭᠤᠯᠤᠨ᠎ᠠ ᠃ ᠠᠵᠤ ᠠᠬᠤᠶ ᠶᠢᠨ ᠠᠵᠢᠯᠯᠠᠭᠠᠨ ᠤ ᠠᠮᠤᠷ ᠲᠦᠪᠰᠢᠨ ᠢ ᠪᠥᠬᠦ ᠲᠠᠯ᠎ᠠ ᠪᠠᠷ | ᠪᠠᠲᠤᠯᠠᠵᠤ ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠡᠷᠴᠢᠮ ᠢ ᠴᠢᠩᠭᠠᠷᠠᠭᠤᠯᠤᠨ ᠂ ᠵᠠᠰᠠᠭ ᠤᠨ ᠣᠷᠳᠣᠨ ᠤ | ᠥᠷᠢ ᠥᠭᠴᠡᠭᠡ ᠶᠢᠨ ᠲᠦᠭᠰᠢᠭᠦᠷᠢ ᠶᠢᠨ ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠭᠠᠵᠠᠷ ᠣᠷᠣᠨ ᠠᠴᠠ ᠡᠷᠲᠡᠬᠡᠨ ᠮᠤᠯᠳᠤᠷᠠᠨᠠ᠃ ᠠᠶᠤᠯ | ᠦᠭᠡᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ ᠂ ᠠᠶᠤᠯ ᠦᠭᠡᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢᠨ ᠲᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ | ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ ᠂ ᠡᠯ᠎ᠡ ᠲᠥᠷᠥᠯ ᠤᠨ ᠠᠶᠤᠯ ᠥᠭᠡᠢ ᠶᠢᠨ ᠠᠳᠡᠯ ᠢ ᠡᠷᠡᠰ ᠰᠡᠷᠭᠡᠶᠢᠯᠡᠨ | ᠬᠤᠷᠢᠭᠯᠠᠨ᠎ᠠ ᠃ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ ᠂ ᠭᠦᠶᠯᠭᠡᠭᠡᠨ ᠤ ᠮᠥᠷᠳᠡᠨ | ᠤᠬᠤᠴᠢᠯᠠᠬᠤ ᠲᠤᠬᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ ᠂ ᠠᠷᠠᠳ ᠣᠯᠠᠨ ᠤ ︽ ᠢᠳᠡᠰᠢᠨ ᠨᠣᠭᠤᠭ᠎ᠠ ︾ ︽ ᠠᠮᠤ | ᠪᠤᠳᠠᠭ᠎ᠠ ︾ ︽ ᠡᠮ ︾ ᠤᠨ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠨ᠎ᠠ ᠃ | ᠨᠠᠮ ᠤᠨ ᠦᠨᠳᠤᠰᠤᠲᠠᠨ ᠤ ᠲᠦᠷᠦ ᠶᠢᠨ ᠪᠤᠳᠤᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠦᠨᠳᠤᠰᠤᠲᠠᠨ ᠤ ᠪᠦᠯᠭᠦᠮᠳᠡᠯ | ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠦᠨ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠢᠯᠠᠭᠠᠭᠳᠠᠬᠤᠨ ᠢ ᠦᠢᠯᠡᠳᠦᠯᠭᠡᠵᠢᠭᠦᠯᠵᠦ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ ᠂ ᠤᠯᠤᠰ ᠤᠨ | ᠦᠨᠳᠤᠰᠤᠲᠠᠨ ᠤ ᠪᠦᠯᠭᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠵᠤ ᠂ ᠦᠨᠳᠤᠰᠤᠲᠠᠨ ᠤ ᠪᠦᠯᠭᠦᠮᠳᠡᠯ ᠤᠨ | ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠵᠦ ᠂ ᠦᠨᠳᠦᠰᠦᠲᠡᠨ ᠨᠦᠭᠦᠳ ᠢ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠭᠦᠯᠵᠦ ᠂ ᠬᠠᠮᠲᠤᠪᠠᠷ ᠪᠦᠯᠬᠦᠮᠳᠡᠨ ᠲᠡᠮᠡᠴᠡᠵᠦ ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢ | ᠰᠠᠶᠢᠲᠤᠷ ᠬᠢᠵᠦ ᠂ ᠴᠡᠷᠢᠭ ᠠᠷᠠᠳ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠠᠵᠢᠯᠴᠢᠨ ᠤ ᠡᠪᠯᠡᠯ ᠂ ᠡᠪ ᠬᠠᠮᠲᠤ | ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠂ ᠵᠡᠮᠳᠡᠭᠴᠦᠳ ᠤᠨ ᠬᠤᠯᠪᠣᠭᠠᠲᠤ ᠬᠤᠷᠠᠯ ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ | ᠣᠯᠠᠨ ᠲᠦᠮᠡᠨ ᠤ ᠪᠦᠯᠬᠦᠮ ᠤᠨ ᠠᠵᠢᠯ ᠢ ᠳᠡᠮᠵᠢᠵᠦ ᠂ ᠭᠠᠳᠠᠭᠠᠳᠤ ᠶᠠᠪᠤᠳᠠᠯ ᠂ ᠬᠠᠷᠢᠶᠠᠲᠤ ᠨᠠᠷ ᠤᠨ ᠶᠠᠪᠤᠳᠠᠯ ᠂ ᠴᠠᠭ ᠠᠭᠤᠷ ᠂ | ᠲᠤᠭ᠎ᠠ ᠪᠦᠷᠢᠳᠬᠡᠯ ᠂ ᠳᠠᠩᠰᠠ ᠡᠪᠭᠡᠮᠡᠯ ᠲᠡᠦᠬᠡ ᠣᠢᠢᠯᠠᠯᠭ᠎ᠠ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠢ ᠰᠠᠶᠢᠲᠤᠷ | ᠬᠢᠨ᠎ᠠ ᠃ | ᠳᠥᠷᠪᠡ ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠨᠢᠭᠡ ᠵᠢᠯ ᠤᠨ ᠠᠵᠢᠯ ᠢ ᠰᠠᠶᠢᠲᠤᠷ ᠬᠢᠬᠦ ᠳᠤ ᠪᠢᠳᠡ ᠨᠠᠮ ᠤᠨ ᠤᠳᠤᠷᠢᠳᠤᠯᠭ᠎ᠠ ᠶᠢ ᠢᠮᠠᠭᠲᠠ ᠲᠤᠭᠤᠰᠢᠯᠠᠭᠤᠯᠬᠤ ᠶᠢ | ᠪᠠᠷᠢᠮᠲᠠᠯᠠᠵᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ ᠂ ᠵᠠᠰᠠᠭ ᠤᠨ ᠣᠷᠳᠣᠨ ᠤ | ᠴᠢᠳᠠᠪᠬᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠤᠨ᠎ᠠ ᠃ | ︵ ᠨᠢᠭᠡ ︶ ᠤᠯᠤᠰ ᠲᠥᠷᠥ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠢᠮᠠᠭᠲᠠ ᠴᠢᠩᠭᠠᠳᠬᠠᠨ᠎ᠠ ᠃ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠶᠢᠨ ᠪᠥᠬᠦ ᠶᠠᠪᠤᠴᠠ ᠳᠤ ᠡᠷᠡᠰ ᠲᠤᠭᠤᠰᠢᠯᠠᠭᠤᠯᠵᠤ ᠂ | ︽ ᠳᠥᠷᠪᠡᠨ ᠤᠬᠠᠮᠰᠠᠷ ︾ ᠢ ᠦᠨᠡᠨ ᠬᠦ ᠴᠢᠩᠭᠠᠳᠬᠠᠨ ᠂ ︽ ᠳᠥᠷᠪᠡᠨ ᠢᠲᠡᠭᠡᠯ ︾ ᠢ ᠪᠠᠲᠤᠳᠬᠠᠵᠤ ᠂ | ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠨ ᠂ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠂ | ᠬᠤᠲᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ | ᠬᠡᠪ ᠢᠶᠠᠷ ᠨᠢ ᠨᠠᠶᠢᠳᠠᠪᠤᠷᠢᠵᠢᠭᠤᠯᠤᠨ᠎ᠠ ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠵᠠᠰᠠᠭ ᠤᠨ ᠵᠠᠷᠯᠢᠭ ᠢ ᠰᠠᠭᠠᠳ ᠦᠭᠡᠢ ᠬᠡᠷᠡᠭᠵᠢᠭᠦᠯᠬᠦ ᠂ ᠵᠠᠷᠯᠢᠭ ᠴᠠᠭᠠᠵᠠ ᠶᠢ ᠲᠠᠭᠠᠬᠤ ᠶᠢ | ᠢᠮᠠᠭᠲᠠ ᠪᠡᠶᠡᠯᠡᠭᠦᠯᠦᠨ᠎ᠡ ᠃ | (ᠬᠤᠶᠠᠷ) ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠢᠮᠠᠭᠲᠠ ᠪᠠᠷᠢᠮᠲᠠᠯᠠᠨ᠎ᠠ ᠃ ᠠᠷᠠᠳ ᠲᠦᠮᠡᠨ ᠤ | ᠬᠠᠶᠢᠷ᠎ᠠ ᠰᠡᠳᠬᠢᠯᠭᠡ ᠶᠢ ᠪᠠᠲᠤ ᠰᠠᠬᠢᠵᠤ ᠂ ︽ ᠠᠷᠠᠳ ᠲᠦᠮᠡᠨ ᠢ ᠳᠡᠭᠡᠳᠦᠯᠡᠬᠦ ︾ ᠣᠢᠢᠯᠠᠭᠠᠭᠳᠠᠬᠤᠨ ᠢ ᠪᠠᠲᠤᠳᠬᠠᠨ ᠂ ᠠᠷᠠᠳ | ᠲᠦᠮᠡᠨ ᠢ ᠠᠮᠤᠷ ᠲᠠᠶᠢᠪᠤᠩ ᠠᠵᠤ ᠲᠦᠷᠦᠬᠦᠯᠤᠨ ᠂ ᠠᠶᠤᠯ ᠲᠦᠭᠰᠢᠭᠦᠷᠢ ᠲᠠᠢ ᠴᠠᠭ ᠲᠤ ᠢᠮᠠᠭᠲᠠ ᠰᠡᠳᠬᠢᠯ ᠳᠡᠭᠡᠨ ᠪᠤᠳᠤᠵᠤ ᠂ ᠣᠯᠠᠨ | ᠲᠦᠮᠡᠨ ᠤ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠰᠡᠳᠬᠢᠯ ᠳᠡᠭᠡᠨ ᠪᠠᠲᠤ ᠴᠡᠭᠡᠵᠢᠯᠡᠵᠦ ᠂ ᠪᠠᠶᠢᠷᠢ ᠰᠣᠯᠢᠨ ᠰᠡᠳᠬᠢᠬᠦ ᠂ ᠰᠡᠳᠬᠢᠯ ᠢᠶᠠᠷ | ᠢᠶᠠᠨ ᠰᠡᠳᠬᠢᠯ ᠢ ᠨᠢ ᠮᠡᠳᠡᠬᠦ᠂ ᠬᠢᠵᠠᠭᠠᠷ ᠲᠠᠢ ᠡᠳ᠋ ᠤᠨ ᠬᠦᠴᠦᠨ ᠢᠶᠠᠨ ᠠᠷᠠᠳ ᠤᠨ ᠰᠠᠨᠠᠭᠠᠨ ᠳᠤ ᠨᠡᠶᠢᠴᠡᠭᠰᠡᠨ ᠂ ᠠᠷᠠᠳ ᠤᠨ ᠵᠣᠪᠠᠨᠢᠯ ᠢ | ᠰᠢᠢᠳᠪᠤᠷᠢᠯᠡᠬᠦ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠳᠡᠭᠡᠷ᠎ᠡ ᠦᠨᠡᠨ ᠬᠦ ᠬᠡᠷᠡᠭᠯᠡᠵᠦ ᠂ ᠠᠷᠠᠳ ᠤᠨ ᠲᠥᠯᠥᠭᠡ | ᠪᠣᠳᠠᠲᠠᠶ ᠶᠢ ᠡᠷᠬᠢᠮᠯᠡᠬᠦ ᠶᠢ ᠵᠠᠰᠠᠭ ᠤᠨ ᠣᠷᠳᠣᠨ ᠤ ᠰᠢᠰᠲ᠋ᠧᠮ ᠤᠨ ᠬᠠᠮᠲᠤ ᠶᠢᠨ ᠥᠷᠲᠡᠭ ᠤᠨ ᠬᠥᠭᠡᠭᠡᠴᠡᠯᠳᠦᠯ ᠪᠤᠯᠭᠠᠨ᠎ᠠ ᠃ | (ᠭᠤᠷᠪᠠ) ᠵᠠᠰᠠᠭ ᠤᠨ ᠣᠷᠳᠣᠨ ᠤ ᠴᠢᠳᠠᠪᠬᠢ ᠶᠢ ᠢᠮᠠᠭᠲᠠ ᠳᠡᠭᠡᠭᠰᠢᠯᠡᠭᠦᠯᠦᠨ᠎ᠡ ᠃ ᠰᠢᠨ᠎ᠡ ᠶᠢ ᠡᠬᠦᠳᠤᠨ ᠪᠦᠲᠦᠭᠡᠬᠦ ᠶᠢ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠂ ᠬᠢᠶ᠎ᠠ ᠪᠠᠭᠰᠢ ᠶᠢᠨ ᠴᠢᠨᠠᠷ ᠰᠠᠶᠢᠲᠠᠢ ᠬᠦᠭᠵᠢᠯᠳᠡ ᠂ ᠲᠠᠪᠠᠯᠳᠠᠳᠤ ᠮᠠᠶ᠋ᠢᠭ ᠤᠨ | ᠬᠥᠭᠵᠢᠯᠲᠡ ᠶᠢ ᠠᠬᠢᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠳᠠᠯᠠᠵᠤ ᠂ ᠵᠠᠰᠠᠭ ᠤᠨ ᠣᠷᠳᠣᠨ ᠤ ᠵᠠᠰᠠᠯᠲᠠ ᠶᠢᠨ | ᠣᠢᠢᠯᠠᠭᠠᠭᠳᠠᠬᠤᠨ ᠂ ᠦᠢᠯᠡᠴᠢᠯᠡᠭᠡᠨ ᠤ ᠵᠠᠭᠪᠤᠷ ᠂ ᠪᠠᠶᠢᠭᠤᠯᠤᠮᠵᠢ ᠲᠤᠬᠳᠠᠴᠠ ᠶᠢᠨ ᠰᠢᠨ᠎ᠡ ᠶᠢ ᠡᠬᠦᠳᠬᠦ ᠶᠢ ᠶᠡᠬᠡᠪᠡᠷ ᠠᠬᠢᠭᠤᠯᠵᠤ ᠂ | ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠢᠳᠡᠪᠬᠢᠲᠡᠢ ᠪᠠᠳᠠᠷᠠᠭᠤᠯᠤᠨ᠎ᠠ ᠃ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠬᠦᠷᠢᠶᠡᠨ ᠳᠠᠬᠢ ᠲᠣᠮᠣ ᠳ᠋ᠠᠶᠢᠲ᠋ᠠ ᠂ ᠵᠣᠬᠢᠶᠠᠮᠠᠯ ᠤᠶᠤᠨ ᠤ ᠬᠡᠷᠡᠭᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ ᠂ ︽ ᠤᠶᠤᠨᠲᠤ ᠵᠠᠰᠠᠭ ᠤᠨ ᠣᠷᠳᠣᠨ ︾ ᠢ ᠲᠦᠷᠭᠡᠳᠬᠡᠨ ᠪᠠᠶᠢᠭᠤᠯᠵᠤ ᠂ ᠵᠠᠰᠠᠭ ᠤᠨ ᠣᠷᠳᠣᠨ ᠤ | ᠰᠢᠶᠳᠪᠦᠷᠢᠲᠦ ᠪᠣᠳᠣᠯᠭ᠎ᠠ ᠶᠢ ᠨᠠᠩ ᠰᠢᠨᠵᠢᠯᠡᠬᠦ ᠤᠬᠠᠭᠠᠨᠴᠢ ᠂ ᠨᠡᠶᠢᠭᠡᠮ ᠤᠨ ᠵᠠᠰᠠᠯᠲᠠ ᠶᠢ ᠨᠠᠩ ᠨᠠᠷᠢᠯᠢᠭ ᠣᠨᠣᠴᠠᠲᠠᠶ ᠂ ᠣᠯᠠᠨ ᠨᠡᠶᠢᠲᠡ ᠶᠢᠨ | ᠦᠶᠯᠡᠴᠢᠯᠡᠭᠡ ᠶᠢ ᠨᠠᠩ ᠥᠨᠳᠥᠷ ᠪᠦᠲᠦᠮᠵᠢᠲᠡᠶ ᠪᠣᠯᠭᠠᠬᠤ ᠪᠠᠷ ᠴᠢᠷᠮᠠᠶᠢᠨ᠎ᠠ ᠃ | (ᠲᠦᠷᠪᠡ) ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠢᠮᠠᠭᠲᠠ ᠪᠠᠲᠤ ᠰᠠᠬᠢᠨ᠎ᠠ ᠃ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠠᠵᠢᠯ ᠢ | ᠭᠦᠨᠵᠡᠭᠡᠶ ᠠᠬᠢᠭᠤᠯᠵᠤ ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ | 《ᠲᠦᠷᠪᠡᠨ ᠰᠤᠷᠲᠠᠯ》 ᠢ ᠴᠥᠬᠦᠷᠡᠰᠢ ᠦᠭᠡᠢ ᠴᠡᠭᠴᠡᠯᠡᠨ ᠵᠠᠰᠠᠵᠤ ᠂ ᠬᠡᠯᠪᠡᠷᠢᠴᠢ ᠦᠵᠡᠯ ᠂ ᠨᠤᠶᠠᠨᠴᠢ ᠦᠵᠡᠯ ᠢ ᠦᠷᠭᠦᠯᠵᠢᠯᠡᠨ ᠵᠠᠯᠠᠷᠠᠭᠤᠯᠤᠨ | ᠵᠠᠰᠠᠵᠤ ᠂ ᠬᠤᠷᠠᠯᠳᠤᠭᠠᠨ ᠤ ᠪᠢᠴᠢᠭ ᠮᠠᠲ᠋ᠧᠷᠢᠶᠠᠯ ᠢ ᠪᠦᠲᠦᠮᠵᠢᠲᠡᠶ ᠪᠠᠷ ᠴᠣᠮᠬᠠᠳᠬᠠᠵᠤ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ | ᠬᠦ ᠬᠥᠩᠭᠡᠷᠡᠭᠦᠯᠦᠨ ᠬᠦᠯᠢᠶᠡᠰᠦ ᠶᠢ ᠨᠢ ᠰᠤᠯᠠᠳᠬᠠᠨᠠ ᠃ ᠠᠷᠠᠳᠴᠢᠯᠠᠯ ᠲᠥᠪᠯᠡᠷᠡᠯ ᠤᠨ ᠶᠣᠰᠣ ᠶᠢ ᠭᠦᠢᠴᠡᠳ ᠰᠠᠶᠢᠲᠤᠷ ᠠᠰᠢᠭᠯᠠᠵᠤ ᠂ ᠬᠠᠣᠯᠢ | ᠪᠠᠷ ᠳᠣᠭᠲᠠᠭᠠᠭᠰᠠᠨ ᠡᠷᠬᠡ ᠮᠡᠳᠡᠯ ᠪᠠ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ ᠂ ᠨᠠᠮ ᠤᠨ ᠬᠤᠷᠢᠶᠠᠨ ᠤ ᠤᠳᠤᠷᠢᠳᠤᠯᠭ᠎ᠠ ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠬᠰᠠᠨ | ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠂ ᠠᠷᠢᠭᠤᠨ ᠴᠡᠪᠡᠷ ᠪᠠᠶᠢᠬᠤ ᠶᠢ ᠦᠨᠡᠨ | ᠬᠦ ᠡᠨᠡ ᠬᠦ ᠬᠤᠲᠠ ᠶᠢᠨ ᠭᠠᠳᠠᠷ ᠳᠦᠷᠢ ᠲᠥᠷᠬᠦ ᠪᠣᠯᠭᠠᠬᠤ ᠮᠥᠷᠲᠡᠭᠡᠨ ᠨᠡᠩ ᠴᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠨᠢᠳᠡ ᠶᠢᠨ | ᠬᠥᠭᠡᠭᠡᠴᠡᠯᠳᠦᠯ ᠪᠤᠯᠭᠠᠨ᠎ᠠ ᠃ | ᠲᠦᠯᠦᠭᠡᠯᠡᠭᠴᠢᠳ ᠡ︕ ᠲᠦᠮᠡᠨ ᠭᠠᠵᠠᠷ ᠤᠨ ᠠᠶᠠᠨ ᠵᠠᠮ ᠳᠤ ᠡᠷᠴᠢ ᠵᠣᠷᠢᠭ ᠢᠶᠠᠨ ᠬᠥᠪᠴᠢᠯᠡᠵᠦ ᠂ ᠬᠦᠨᠳᠦ ᠡᠭᠦᠷᠭᠡ ᠶᠢ ᠳᠠᠬᠢᠨᠲᠠ | ᠡᠭᠦᠷᠭᠡᠯᠡᠭᠦᠯᠬᠦ ᠶᠢ ᠬᠦᠰᠡᠵᠦ ᠪᠠᠶᠢᠨ᠎ᠠ ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠬᠤᠳᠠ ᠶᠢᠨ ᠨᠠᠮ ᠤᠨ ᠬᠤᠷᠢᠶ᠎ᠠ ᠂ ᠬᠤᠳᠠ ᠶᠢᠨ ᠵᠠᠰᠠᠭ ᠤᠨ ᠣᠷᠳᠣᠨ ᠪᠣᠯᠤᠨ | ᠲᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ | ᠠᠳᠬᠤᠵᠤ ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠵᠦ ᠂ ᠦᠷᠭᠦᠯᠵᠢᠯᠡᠨ ᠲᠡᠮᠡᠴᠡᠵᠦ ᠂ ᠬᠦᠰᠡᠯ ᠵᠡᠭᠦᠳᠦ ᠪᠠᠨ | ᠲᠡᠷᠭᠡᠯᠰᠢᠭᠦᠯᠦᠨ ᠤᠷᠤᠭᠰᠢᠯᠠᠵᠤ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠢᠶ᠎ᠠ ᠪᠠᠭᠰᠢ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ | ᠪᠦᠬᠦ ᠲᠠᠯ᠎ᠠ ᠪᠠᠷ ᠡᠬᠢᠯᠡᠭᠦᠯᠵᠦ ᠂ ᠰᠢᠯᠢᠳᠡᠭ ᠠᠮᠵᠢᠯᠳᠠ ᠪᠠᠷ ᠢᠶᠠᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ | ᠤᠢ ᠶᠢ ᠤᠭᠲᠤᠶ᠎ᠠ ᠃ | |