ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠰᠣᠩᠭᠤᠭᠳᠠᠪᠠ︕
ᠨᠡᠶᠢᠲᠡᠯᠡᠭᠰᠡᠨ ᠴᠠᠭ᠄
2021/3/12
         3 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠭᠤᠷᠪᠠᠳᠤᠭᠠᠷ ᠪᠥᠬᠦᠳᠡ ᠬᠤᠷᠠᠯ ᠬᠢᠪᠠ᠃
         ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 132 ᠬᠥᠮᠦᠨ᠂ ᠲᠣᠰ ᠤᠳᠠᠭᠠᠨ ᠤ ᠪᠥᠬᠦᠳᠡ ᠬᠤᠷᠠᠯ ᠳᠤ  ᠣᠷᠣᠯᠴᠠᠭᠰᠠᠨ ᠲᠥᠯᠥᠭᠡᠯᠡᠭᠴᠢ 105 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠠᠶᠢᠴᠡᠪᠡ᠃          ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂   ᠭᠦᠢᠴᠡᠳᠬᠡᠭᠦ ᠲᠡᠷᠢᠭᠦᠯᠡᠭᠴᠢ ᠯᠢ ᠳ᠋ᠦᠩ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠦ ᠲᠡᠷᠢᠭᠦᠯᠡᠭᠴᠢ ᠯᠢ ᠰᠢᠶᠤᠤ ᠴᠢᠩ᠂ ᠰᠦᠨ ᠡᡁᠧ ᠭᠦᠸᠧ᠂ ᠮᠠᠤ ᠶᠢᠤ ᠭᠠᠩ᠂ ᠠᠷᠢᠭᠤᠠᠭᠤᠸ᠎ᠠ᠂ ᠶᠤᠸᠠᠨ ᠽᠢ ᠶᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃          ᠸᠠᠩ ᠰᠢᠤᠸᠠᠢ ᠹᠧᠩ᠂  ᠠᠯᠲᠠᠨ᠋ᠣ᠋ᠷᠭᠢᠯ ᠵᠡᠷᠭᠡ ᠲᠣᠭᠤᠷᠢᠭ ᠤᠨ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃          ᠬᠤᠷᠠᠯ ᠠᠴᠠ ︽ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ  ᠣᠳᠠᠭᠠᠨ ᠤ ᠬᠤᠷᠠᠯ ᠤᠨ ᠶᠡᠷᠦᠩᠬᠡᠢ ᠪᠢᠯᠧᠲ ᠪᠠᠶᠢᠴᠠᠭᠠᠭᠴᠢ᠂ ᠪᠢᠯᠧᠲ ᠪᠠᠶᠢᠴᠠᠭᠠᠭᠴᠢ ᠶᠢᠨ ᠨᠡᠷᠡᠰ︾ ᠢ ᠪᠠᠲᠤᠯᠠᠭᠰᠠᠨ ᠤ ᠳᠠᠷᠠᠭ᠎ᠠ ᠰᠣᠩᠭᠤᠭᠤᠯᠢ ᠡᠬᠢᠯᠡᠪᠡ᠃ ᠲᠡᠷᠢᠭᠦᠯᠡᠭᠴᠢᠳ ᠤᠨ ᠪᠦᠯᠬᠦᠮ ᠤᠨ ᠬᠤᠷᠠᠯ ᠠᠴᠠ ᠨᠤᠲᠠᠯᠠᠭᠰᠠᠨ ᠢᠶᠠᠷ᠂ ᠶᠡᠭᠡ ᠬᠤᠷᠠᠯ ᠤᠨ ᠡᠷᠬᠢᠯᠡᠭᠴᠢ ᠠᠴᠠ ᠲᠡᠷᠢᠭᠦᠯᠡᠭᠴᠢᠳ ᠤᠨ ᠪᠦᠯᠬᠦᠮ ᠢ ᠲᠥᠯᠥᠭᠡᠯᠡᠨ ᠰᠣᠩᠭᠤᠭᠤᠯᠢ ᠶᠢᠨ ᠦᠷ᠎ᠡ  ᠳ᠋ᠦᠩ ᠢ ᠨᠡᠶᠢᠳᠡᠯᠡᠪᠡ᠃          ᠸᠠᠩ ᠰᠢᠤᠸᠠᠢ ᠹᠧᠩ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠰᠣᠩᠭᠤᠭᠳᠠᠪᠠ  ᠃          ᠸᠠᠩ ᠰᠢᠶᠠᠩ ᠯᠦᠩ᠂ ᠵᠠᠩ ᠫᠢᠩ᠂ ᠵᠧᠤ ᠯᠦᠩ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠃          ᠸᠠᠩ ᠰᠢᠤᠸᠠᠢ ᠹᠧᠩ ᠨᠥᠬᠦᠷ ᠤᠨ ᠲᠣᠪᠴᠢ ᠨᠠᠮᠲᠠᠷ
         ᠸᠠᠩ ᠰᠢᠤᠸᠠᠢ ᠹᠧᠩ᠂ ᠡᠷᠡᠭᠲᠡᠶ᠂ ᠬᠢᠲᠠᠳ ᠦᠨᠳᠦᠰᠦᠲᠡᠨ᠂ 1974 ᠣᠨ ᠤ 6 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠲᠦᠩᠯᠢᠶᠣᠤ ᠶᠢᠨ ᠬᠥᠮᠦᠨ᠂   ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2001 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠦ  ᠂ 1994 ᠣᠨ ᠤ 8 ᠰᠠᠷ᠎ᠠ ᠳᠤ ᠠᠵᠢᠯ ᠳᠤ  ᠣᠷᠣᠯᠴᠠᠪᠠ᠃          1991.09 — 1994.07  ᠪᠤᠭᠤᠲᠤ ᠶᠢᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ  ︵ᠳᠡᠭᠡᠳᠦ ᠵᠡᠷᠭᠡ ᠶᠢᠨ ᠲᠤᠰᠬᠠᠢ ᠮᠡᠷᠭᠡᠵᠢᠯ︶  ᠢ ᠰᠣᠷᠣᠯᠴᠠᠪᠠ ︵ᠡᠨᠡ ᠬᠤᠭᠤᠴᠠᠭᠠᠨ ᠳᠤ᠄ 1992.04 — 1994.10  ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠰᠢᠯᠭᠠᠬᠤ ᠵᠢᠩᠬᠢᠨᠢ ᠠᠩᠬᠢ ᠳᠤ ᠰᠣᠷᠣᠯᠴᠠᠪᠠ︶᠃          1994.07 — 1994.08  ᠰᠤᠷᠭᠠᠭᠤᠯᠢ ᠠᠴᠠ ᠲᠡᠭᠦᠰᠦᠭᠡᠳ ᠠᠵᠢᠯ ᠬᠤᠪᠢᠶᠠᠷᠢᠯᠠᠬᠤ ᠶᠢ ᠬᠦᠯᠢᠶᠡᠪᠡ᠃          1994.08 — 1998.11 ᠶᠡᠭᠡ ᠵᠤᠤ ᠠᠶᠢᠮᠠᠭ ᠤᠨ ᠤᠲᠤᠭ ᠬᠤᠰᠢᠭᠤᠨ ᠤ ᠪᠠᠭᠰᠢ ᠶᠢᠨ ᠳᠠᠪᠲᠠᠨ ᠪᠣᠯᠪᠠᠰᠤᠷᠠᠭᠤᠯᠬᠤ  ᠰᠤᠷᠭᠠᠭᠤᠯᠢ ᠳᠤ ᠪᠠᠭᠰᠢᠯᠠᠪᠠ᠃          1998.11 — 1999.10  ᠶᠡᠭᠡ ᠵᠤᠤ ᠠᠶᠢᠮᠠᠭ ᠤᠨ ᠷᠠᠳᠢᠣ᠋ ᠲᠧᠯᠸᠢᠰ  ᠬᠤᠷᠢᠶᠠᠨ ᠳᠤ ᠠᠵᠢᠯᠯᠠᠪᠠ᠃          1999.10 — 2003.06 ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠠᠵᠢᠯᠯᠠᠵᠤ᠂ 2001.06  ᠰᠠᠷ᠎ᠠ ᠳᠤ ᠳᠡᠳ᠋ ᠡᠷᠬᠢᠯᠡᠭᠴᠢ ᠠᠵᠢᠯᠳᠠᠨ ᠪᠣᠯᠵᠤ᠂ 2003.05 ᠰᠠᠷ᠎ᠠ ᠳᠤ  ᠡᠷᠬᠢᠯᠡᠭᠴᠢ ᠠᠵᠢᠯᠳᠠᠨ ᠪᠤᠯᠪᠠ᠃          2003.06 — 2006.09  ᠤᠷᠳᠤᠰ ᠬᠤᠳᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠳᠤ ᠠᠵᠢᠯᠯᠠᠵᠤ᠂ 2006.03  ᠰᠠᠷ᠎ᠠ ᠳᠤ ᠶᠡᠷᠦᠩᠬᠡᠶᠢᠯᠡᠭᠰᠡᠨ ᠳᠥᠷᠪᠡᠳᠦᠭᠡᠷ ᠭᠠᠵᠠᠷ ᠤᠨ ᠳᠠᠷᠤᠭ᠎ᠠ   ᠶᠢᠨ ᠳᠣᠰᠢᠶᠠᠯ ᠡᠭᠦᠷᠭᠡᠯᠡᠪᠡ᠃          2006.09 — 2011.04  ᠤᠷᠳᠤᠰ ᠬᠤᠳᠠ ᠶᠢᠨ ᠨᠠᠮ ᠤᠨ ᠬᠤᠷᠢᠶᠠᠨ ᠤ ᠲᠦᠷᠦ ᠶᠢᠨ ᠪᠤᠳᠤᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠶᠢᠨ ᠳᠣᠰᠢᠶᠠᠯ ᠡᠭᠦᠷᠭᠡᠯᠡᠪᠡ ︵ᠡᠨᠡ ᠬᠤᠭᠤᠴᠠᠭᠠᠨ ᠳᠤ᠄ 2007.08 — 2010.01 ᠰᠠᠷ᠎ᠠ ᠪᠤᠯᠳᠠᠯ᠎ᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠭᠠᠬᠤ ᠳᠡᠭᠡᠳᠦ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠰᠫᠢᠷᠠᠨᠲ ᠤᠨ ᠠᠩᠭᠢ ᠳᠤ ᠰᠤᠷᠤᠯᠴᠠᠪᠠ︶᠃          2011.04 — 2015.06  ᠤᠷᠳᠤᠰ ᠬᠤᠳᠠ ᠶᠢᠨ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠳᠣᠰᠢᠶᠠᠯ ᠡᠭᠦᠷᠭᠡᠯᠡᠪᠡ ︵ᠡᠨᠡ ᠬᠤᠭᠤᠴᠠᠭᠠᠨ ᠳᠤ᠄ 2011.09 — 2014.07  ᠲᠥᠪ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠰᠫᠢᠷᠠᠨᠲ ᠤᠨ ᠠᠩᠭᠢ ᠳᠤ ᠰᠤᠷᠤᠯᠴᠠᠪᠠ︶᠃          2015.06 — 2018.05 ᠤᠷᠳᠤᠰ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠢᠨ ᠳᠣᠰᠢᠶᠠᠯ ᠡᠭᠦᠷᠭᠡᠯᠡᠵᠦ᠂ ᠭᠠᠵᠠᠷ ᠤᠨ ᠲᠡᠰ ᠤᠨ ᠵᠣᠬᠢᠶᠠᠨ ᠪᠠᠶᠢᠭᠤᠯᠤᠭᠴᠢ ᠪᠠᠶᠢᠪᠠ᠃          2018.05 — 2020.09 ᠤᠷᠳᠤᠰ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠶᠢᠨ ᠳᠣᠰᠢᠶᠠᠯ ᠡᠭᠦᠷᠭᠡᠯᠡᠵᠦ  ᠪᠠᠶᠢᠪᠠ  ︵ᠡᠨᠡ ᠬᠤᠭᠤᠴᠠᠭᠠᠨ ᠳᠤ᠄ 2019.03 — 2019.07 ᠰᠠᠷ᠎ᠠ ᠪᠤᠯᠳᠠᠯ᠎ᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ 35 ᠳ᠋ᠤᠭᠠᠷ ᠬᠤᠭᠤᠴᠠᠭᠠᠨ ᠤ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠬᠢ ᠳᠤ ᠰᠤᠷᠤᠯᠴᠠᠪᠠ︶᠃          2020.09 — 2020.10 ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ ᠶᠢᠨ ᠳᠣᠰᠢᠶᠠᠯ ᠡᠭᠦᠷᠭᠡᠯᠡᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠶᠢᠨ ᠵᠢᠱᠢᠭᠳᠡᠭᠴᠢ  ᠪᠠᠶᠢᠪᠠ᠃          2020.10 — 2021.03 ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠣᠭᠤᠷᠢᠭ ‍ᠤᠨ‌‍ᠲ᠋ᠠᠷᠤᠭ᠎ᠠ᠂  ᠣᠷᠣᠯᠠᠭᠴᠢ ᠲᠣᠭᠤᠷᠢᠭ ᠤᠨ ᠳᠠᠷᠤᠭ᠎ᠠ ᠶᠢᠨ ᠳᠣᠰᠢᠶᠠᠯ ᠡᠭᠦᠷᠭᠡᠯᠡᠵᠦ  ᠪᠠᠶᠢᠪᠠ᠃          2021.03 —  ᠤᠷᠳᠤᠰ ᠬᠤᠳᠠ ᠶᠢᠨ ᠬᠢᠶ᠎ᠡ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠲᠤᠰ ᠰᠦᠯᠵᠢᠶ᠎ᠡ