ᠪᠥᠭᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ                                                                  ᠬᠢᠶ᠎ᠠ  ᠪᠠᠭᠰᠢ ᠲᠣᠭᠤᠷᠢᠭ ᠤᠨ ᠤᠳᠤᠷᠢᠳᠤᠯᠭ᠎ᠠ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/3/16
          3 ᠰᠠᠷ᠎ᠠ ᠶᠢᠨ11 ᠤ ᠡᠳᠦᠷ᠂ ᠪᠥᠭᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠷᠠᠯ ᠳᠤ  ᠣᠷᠣᠯᠴᠠᠵᠣ ᠶᠠᠷᠢᠶ᠎ᠠ ᠲᠠᠯᠪᠢᠪᠠ᠃
          ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢ ᠯᠢ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠣ ᠵᠠᠨ ᠱᠧᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠬᠤᠳᠠ ᠶᠢᠨ ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠤᠷᠤᠯᠴᠠᠵᠠᠢ᠃           ᠨᠢᠦ ᠵᠢᠶᠦ᠋ᠨ ᠶᠠᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠪᠢᠳᠡᠨ ᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠢ ᠬᠠᠩᠭᠠᠭᠰᠠᠨ ᠪᠠᠶᠢᠨ᠎ᠠ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠳ ᠤᠯᠤᠰ ᠲᠥᠷᠥ ᠶᠢᠨ ᠪᠠ ᠪᠥᠬᠦ ᠲᠠᠯ᠎ᠠ ᠶᠢᠨ ᠦᠨᠳᠦᠷᠴᠡ ᠠᠴᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ ᠳᠤᠭᠤᠰᠢᠯᠠᠭᠤᠯᠤᠨ᠂ ᠰᠤᠷᠤᠯᠴᠠᠯᠭ᠎ᠠ ᠬᠥᠮᠦᠵᠢᠯ ᠤᠨ ᠡᠯ᠎ᠡ ᠲᠦᠷᠦᠯ ᠤᠨ ᠠᠵᠢᠯ ᠢ ᠪᠥᠬᠦ ᠬᠦᠴᠦᠨ ᠢᠶᠠᠷ ᠠᠳᠬᠤᠵᠤ᠂ ᠣᠳᠣᠬᠢᠴᠢᠯᠠᠭᠰᠠᠨ ᠣᠷᠳᠣᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠲᠠᠰᠤᠷᠠᠯᠲᠠ ᠥᠬᠡᠶ ᠨᠢᠭᠲᠠᠷᠠᠭᠤᠯᠬᠤ ᠬᠡᠷᠡᠭᠲᠡᠶ ᠬᠡᠵᠤ ᠵᠢᠭᠠᠵᠤ ᠭᠠᠷᠭᠠᠪᠠ᠃           ᠨᠢᠦ ᠵᠢᠶᠦ᠋ᠨ ᠶᠠᠨ ︽ᠲᠡᠤᠬᠡ ᠶᠢ ᠰᠤᠷᠤᠯᠴᠠᠵᠤ ᠶᠣᠰᠣ ᠤᠴᠢᠷ ᠢ ᠣᠬᠠᠬᠤ᠂ ᠲᠡᠤᠬᠡ ᠶᠢ ᠰᠤᠷᠤᠯᠴᠠᠵᠤ ᠢᠳᠡᠬᠡᠯ ᠢᠶᠠᠨ ᠨᠡᠮᠡᠭᠳᠡᠭᠦᠯᠬᠦ᠂ ᠲᠡᠤᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ︾ ᠪᠠᠷ ᠬᠠᠷᠠᠯᠲᠠ ᠪᠠᠨ ᠪᠤᠯᠭᠠᠬᠤ ᠶᠢ ᠭᠦᠨᠵᠡᠭᠡᠶ ᠡᠵᠡᠮᠳᠡᠵᠦ᠂ ᠲᠤᠰᠬᠠᠶ ᠰᠡᠳᠦᠪᠲᠦ ᠰᠤᠷᠤᠯᠴᠠᠯᠭ᠎ᠠ ᠶᠢ ᠰᠠᠶᠢᠲᠤᠷ ᠠᠳᠬᠤᠬᠤ ᠂ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠰᠠᠶᠢᠳᠤᠷ ᠠᠳᠬᠤᠬᠤ᠂ ᠲᠤᠰᠬᠠᠶ ᠰᠡᠳᠦᠪᠲᠦ ᠪᠤᠯᠪᠠᠰᠤᠷᠠᠯ ᠢ ᠰᠠᠶᠢᠲᠤᠷ ᠠᠳᠬᠤᠬᠤ᠂ ᠦᠶ᠋ᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠠᠳᠬᠤᠬᠤ ᠵᠢᠴᠢ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠵᠡᠷᠭᠡ ᠠᠵᠢᠯ ᠤᠨ ᠲᠣᠬᠢᠷᠠᠭᠤᠯᠤᠯᠲᠠ ᠶᠢ ᠨᠠᠷᠢᠨ ᠨᠠᠶᠢᠳᠠᠪᠤᠷᠢᠵᠢᠭᠤᠯᠵᠤ ᠤᠷᠤᠨᠵᠢᠭᠤᠯᠤᠨ ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠭᠦᠨᠵᠡᠭᠡᠶ ᠥᠷᠨᠢᠭᠦᠯᠬᠦ ᠶᠢ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠡᠯ᠎ᠡ ᠱᠠᠲᠤᠨ ᠤ ᠨᠠᠮ ᠤᠨ ᠬᠤᠷᠢᠶ᠎ᠡ ︵ᠨᠠᠮ ᠤᠨ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠪᠠᠶᠢᠭᠤᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠳᠠᠷᠤᠢ ᠲᠦᠷᠭᠡᠨ ᠡᠬᠢᠯᠡᠭᠦᠯᠵᠦ᠂ ᠵᠥᠪ ᠤᠳᠤᠷᠢᠳᠤᠮᠵᠢ ᠶᠢ ᠡᠵᠡᠮᠳᠡᠨ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠥᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠂ ᠰᠤᠷᠤᠯᠴᠠᠯᠭ᠎ᠠ ᠬᠥᠮᠦᠵᠢᠯ ᠤᠨ ᠡᠯ᠎ᠡ ᠲᠦᠷᠦᠯ ᠤᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠪᠡᠶᠡᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠨ᠎ᠡ ᠬᠥᠭᠵᠢᠯᠲᠡ ᠶᠢᠨ ᠱᠠᠳᠤ ᠶᠢ ᠡᠵᠡᠮᠳᠡᠬᠦᠯᠭᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠰᠢᠨ᠎ᠡ ᠬᠥᠭᠵᠢᠯᠲᠡ ᠶᠢᠨ ᠲᠦᠯᠦᠪ ᠪᠠᠶᠢᠳᠠᠯ ᠳᠤ ᠥᠢᠯᠡᠴᠢᠯᠡᠬᠦᠯᠭᠦ ᠳᠡᠭᠡᠷ᠎ᠡ ᠪᠠᠨ ᠴᠢᠷᠮᠠᠶᠢᠨ ᠢᠯᠡᠷᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠵᠠᠢ᠃           ᠯᠢ ᠯᠢ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠲᠤᠬᠢᠷᠠᠭᠤᠯᠤᠯᠳᠠ ᠪᠠᠶᠢᠷᠢᠯᠠᠭᠤᠯᠤᠯᠲᠠ ᠳᠡᠭᠡᠷ᠎ᠡ ᠥᠨᠡᠨ ᠬᠦ ᠨᠢᠬᠡᠳᠬᠡᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠵᠢᠯ ᠳᠤ ᠳᠤᠭᠤᠰᠢᠯᠠᠭᠤᠯᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ᠂ ᠰᠡᠳᠬᠢᠯ ᠳᠤ ᠬᠠᠳᠠᠩᠰᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠥᠷᠭᠡᠨ ᠳᠡᠯᠭᠡᠷ ᠤᠬᠠᠭᠤᠯᠭ᠎ᠠ ᠬᠥᠮᠦᠵᠢᠯ ᠢ ᠬᠢᠵᠦ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠰᠤᠷᠤᠯᠴᠠᠯᠭ᠎ᠠ ᠬᠥᠮᠥᠵᠢᠯ ᠢ ᠰᠠᠶᠢᠲᠤᠷ ᠥᠷᠨᠢᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠤᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠦᠳᠤᠭᠡᠬᠦ ᠪᠤᠳᠠᠲᠠᠢ ᠠᠵᠢᠯᠯᠠᠭ᠎ᠠ ᠪᠤᠯᠭᠠᠨ ᠬᠤᠪᠢᠷᠠᠭᠤᠯᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠶ ᠬᠡᠵᠤ ᠵᠢᠭᠠᠵᠤ ᠭᠠᠷᠭᠠᠪᠠ᠃           ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠪᠠ  ᠃ ᠯᠢ ᠳ᠋ᠦᠩ᠂ ᠸᠠᠩ ᠰᠢᠤᠸᠠᠢ ᠹᠧᠩ᠂ ᠠᠯᠲᠠᠨ᠋ᠣ᠋ᠷᠭᠢᠯ ᠵᠡᠷᠭᠡ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ