ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ  ᠬᠢᠶ᠎ᠠ  ᠪᠠᠭᠰᠢ ᠲᠣᠭᠤᠷᠢᠭ ᠤᠨ ᠤᠳᠤᠷᠢᠳᠤᠯᠭ᠎ᠠ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/3/16
         
           3 ᠰᠠᠷ᠎ᠠ ᠶᠢᠨ11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠷᠠᠯ ᠳᠤ ᠣᠷᠣᠯᠴᠠᠵᠣ ᠶᠠᠷᠢᠶ᠎ᠠ ᠲᠠᠯᠪᠢᠪᠠ᠃            ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢ ᠯᠢ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠣ ᠵᠠᠨ ᠱᠧᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃            ᠨᠢᠦ ᠵᠢᠶᠦ᠋ᠨ ᠶᠠᠨ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠷᠢᠶᠠᠯᠠᠩ ᠮᠠᠯ ᠠᠵᠤ ᠠᠬᠤᠶ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ︾ ᠤ ᠠᠵᠢᠯ ᠢ ᠰᠠᠶᠢᠲᠤᠷ ᠬᠢᠬᠦ ᠪᠣᠯ ᠣᠳᠣᠬᠢᠴᠢᠯᠠᠭᠰᠠᠨ ᠣᠷᠳᠣᠰ ᠢ ᠪᠥᠲᠥᠭᠡᠨ ᠪᠠᠶᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ᠂ ᠠᠵᠤ ᠠᠬᠤᠶ ᠶᠢᠨ ᠡᠷᠭᠢᠯᠲᠡ ᠶᠢ ᠰᠢᠯᠤᠭᠤᠳᠬᠠᠬᠤ ᠶᠢᠨ ᠴᠢᠬᠤᠯᠠ ᠬᠦᠴᠦᠯᠡᠬᠦ ᠴᠡᠭ ᠮᠥᠨ᠂ ᠰᠢᠨ᠎ᠡ ᠵᠠᠮ ᠢᠶᠠᠷ ᠰᠠᠶᠢᠲᠤᠷ ᠵᠠᠮᠨᠠᠵᠤ ᠤᠷᠢᠳ ᠢᠶᠠᠷ ᠬᠡᠷᠡᠭᠵᠢᠬᠦᠯᠬᠦ ᠣᠷᠣᠨ ᠢ ᠪᠥᠲᠥᠭᠡᠨ ᠪᠠᠶᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠭᠡᠳᠡᠭ ᠢ ᠭᠦᠨᠵᠡᠭᠡᠶ ᠲᠠᠨᠢᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ︽ᠲᠠᠷᠢᠶᠠᠯᠠᠩ ᠮᠠᠯ ᠠᠵᠤ ᠠᠬᠤᠶ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ︾ ᠤ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠡᠯ᠎ᠡ ᠲᠦᠷᠦᠯ ᠤᠨ ᠠᠵᠢᠯ ᠢ ᠦᠨᠡᠨ ᠬᠦ ᠴᠢᠩᠭ᠎ᠠ ᠠᠳᠬᠤᠵᠤ ᠪᠣᠳᠠᠲᠠᠶ ᠠᠳᠬᠤᠵᠤ ᠲᠤᠭᠤᠰᠢᠲᠠᠶ ᠠᠳᠬᠤᠬᠤ ᠬᠡᠷᠡᠭᠲᠡᠶ ᠭᠡᠵᠤ ᠵᠢᠭᠠᠵᠤ ᠭᠠᠷᠭᠠᠪᠠ᠃            ᠨᠢᠦ ᠵᠢᠶᠦ᠋ᠨ ᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠬᠦ ᠯᠦᠭᠡ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠵᠦ᠂ ᠠᠵᠢᠯ᠂ ᠲᠦᠷᠦ ᠶᠢᠨ ᠪᠤᠳᠤᠯᠭ᠎ᠠ᠂ ᠡ᠊ᠩᠨᠡᠭᠡ ᠶᠢᠨ ᠵᠣᠯᠭᠠᠯᠴᠠᠭ᠎ᠠ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠ ᠤᠯᠠᠨ ᠲᠦᠮᠡᠨ ᠤ ᠠᠮᠢᠳᠤᠷᠠᠯ ᠤᠨ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠠᠵᠤ ᠦᠶ᠋ᠯᠡᠰ ᠤᠨ ᠴᠡᠴᠡᠭᠯᠡᠯᠳᠡ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠨ᠂ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠳᠤᠬᠳᠠᠯᠴᠠᠭ᠎ᠠ ᠶᠢ ᠲᠥᠷᠭᠡᠳᠭᠡᠨ ᠪᠤᠢ ᠪᠣᠯᠭᠠᠵᠤ᠂ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠨ᠂ ᠵᠣᠯ ᠵᠢᠷᠭᠠᠯᠲᠤ ᠠᠮᠢᠳᠤᠷᠠᠯ ᠰᠠᠶᠢᠨ ᠰᠠᠶᠢᠬᠠᠨ ᠭᠡᠷ ᠣᠷᠣᠨ ᠢᠶᠠᠨ ᠴᠤᠭᠴᠠᠯᠠᠨ ᠪᠠᠶᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠨ᠂ ᠬᠥᠳᠡᠭᠡ ᠲᠣᠰᠬᠤᠨ ᠤ ᠴᠡᠴᠡᠭᠯᠡᠯᠲᠡ ᠶᠢᠨ ᠰᠢᠨ᠎ᠡ ᠬᠥᠳᠡᠯᠭᠡᠬᠦ ᠬᠦᠴᠤᠨ ᠢ ᠬᠦᠴᠦᠯᠡᠨ ᠪᠤᠶᠢᠵᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠪᠠᠷ ᠠᠴᠢᠶᠠᠯᠠᠪᠤᠷᠢ ᠪᠣᠯᠭᠠᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠲᠠᠷᠢᠶᠠᠯᠠᠩ ᠬᠤᠲᠠ ᠬᠥᠳᠡᠭᠡ ᠶᠢᠨ ᠬᠠᠷᠢᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ᠬᠦᠳᠡᠭᠡ ᠳᠤᠰᠬᠤᠨ ᠤ ᠪᠣᠯᠪᠠᠰᠤᠨ ᠤ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠨᠡᠶᠢᠭᠡᠮ ᠤᠨ ᠰᠠᠶᠢᠨ ᠰᠠᠶᠢᠬᠠᠨ ᠰᠢᠨ᠎ᠡ ᠬᠡᠪ ᠰᠤᠷᠲᠠᠯ ᠢ ᠶᠡᠭᠡ ᠪᠠᠷ ᠪᠤᠢ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠᠷ ᠬᠤᠷᠢᠭ᠎ᠠ ᠱᠤᠭᠤᠮ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠬᠤ᠂ ᠬᠥᠳᠡᠭᠡ ᠲᠣᠰᠬᠤᠨ ᠤ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ ᠤᠢᠢᠯᠡᠰ ᠪᠦᠳᠤᠭᠡᠬᠦ ᠳᠤ ᠳᠤᠬᠢᠷᠠᠮᠵᠢᠳᠠᠢ ᠪᠠᠶᠢᠬᠤ᠂ ᠮᠠᠯᠴᠢᠨ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃ ︽ᠲᠠᠷᠢᠶᠠᠯᠠᠩ ᠮᠠᠯ ᠠᠵᠤ ᠠᠬᠤᠶ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ︾ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠤᠬᠠᠮᠰᠠᠷ ᠠᠴᠠ ᠪᠠᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠥᠭᠵᠢᠯᠲᠡ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠳᠡᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ ᠶᠢ ᠴᠢᠬᠤᠯᠠᠴᠢᠯᠠᠵᠤ᠂ ᠺᠠᠳ᠋ᠷ ᠤᠨ ᠡ᠊ᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠨ᠂ ᠬᠥᠳᠡᠭᠡ ᠲᠣᠰᠬᠤᠨ ᠢ ᠬᠦᠭᠵᠢᠬᠦᠯᠬᠦ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃            ᠯᠢ ᠯᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ︽ᠲᠠᠷᠢᠶᠠᠯᠠᠩ ᠮᠠᠯ ᠠᠵᠤ ᠠᠬᠤᠶ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠴᠢᠨᠠᠭᠰᠢᠳᠠ ᠨᠢᠭᠡᠳᠬᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ︽1 ᠲᠣᠭᠠᠲᠤ︾ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠭᠰᠠᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠲᠥᠰᠦᠯ ᠢ ᠦᠳᠲᠡᠷ ᠲᠦᠷᠭᠡᠨ ᠰᠤᠳᠤᠯᠤᠨ ᠲᠣᠭᠲᠠᠭᠠᠵᠤ᠂ ᠨᠠᠷᠢᠨ ᠳᠠᠩᠰᠠ ᠶᠢᠨ ᠡᠬᠡ ᠳᠠᠩᠰᠠ ᠶᠢ ᠪᠠᠶᠢᠭᠤᠯᠤᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠴᠠᠭ ᠲᠤᠬᠠᠶ ᠳᠤᠨᠢ ᠱᠠᠯᠠᠪᠳᠠᠭᠤᠯᠤᠨ ᠵᠢᠯᠣᠭᠤᠳᠴᠤ᠂ ᠥᠨᠳᠥᠷ ᠪᠠᠷᠢᠮᠵᠢᠶ᠎ᠠ ᠂ ᠴᠢᠩᠭ᠎ᠠ ᠱᠠᠭᠠᠷᠳᠠᠯᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠬᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠭᠦᠯᠵᠦ᠂ ᠵᠣᠬᠢᠶᠠᠨ ᠪᠠᠶᠢᠭᠤᠯᠤᠯᠳᠠ᠂ ᠴᠢᠳᠠᠪᠤᠷᠢᠲᠠᠨ᠂ ᠪᠠᠯᠠ ᠮᠥᠩᠭᠦ᠂ ᠬᠦᠴᠤᠨ ᠵᠦᠢᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠰᠥᠩ ᠬᠠᠯᠢᠶ᠎ᠠ ᠶᠢ ᠰᠡᠷᠭᠡᠶᠢᠯᠡᠬᠦ᠂ ᠭᠤᠤᠯ ᠤᠨ ᠵᠠᠮ ᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨ᠎ᠡ ᠬᠥᠭᠵᠢᠯᠲᠡ ᠶᠢᠨ ᠱᠠᠲᠤᠨ ᠤ ︽ᠲᠠᠷᠢᠶᠠᠯᠠᠩ ᠮᠠᠯ ᠠᠵᠤ ᠠᠬᠤᠶ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ︾ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠬᠦᠯᠭᠡ ᠶᠢᠨ ᠬᠥᠭᠵᠢᠯᠲᠡ ᠳᠤ ᠰᠠᠶᠢᠨ ᠡᠬᠢᠯᠡᠯᠲᠡ ᠲᠠᠢ ᠪᠣᠯᠭᠠᠬᠤ ᠪᠠᠷ ᠴᠢᠷᠮᠠᠶᠢᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃            ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠥᠳᠡᠭᠡ ᠲᠣᠰᠬᠤᠨ ᠢ ᠬᠥᠭᠵᠢᠭᠦᠯᠬᠦ ᠳᠠᠭᠤᠷᠢᠶᠠᠯ ᠦᠵᠡᠭᠦᠯᠬᠦ ᠭᠠᠴᠠᠭ᠎ᠠ ᠲᠣᠰᠬᠤᠨ ᠳᠤ ᠫᠠᠶᠢᠰᠠ ᠡᠯᠭᠦᠬᠦ ᠲᠤᠬᠠᠶ ᠲᠣᠭᠲᠠᠭᠠᠯ ᠢ ᠤᠩᠰᠢᠨ ᠨᠡᠶᠢᠲᠡᠯᠡᠪᠡ᠃            ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠪᠠ  ᠃ ᠯᠢ ᠳ᠋ᠦᠩ᠂ ᠸᠠᠩ ᠰᠢᠤᠸᠠᠢ ᠹᠧᠩ᠂ ᠠᠯᠲᠠᠨ᠋ᠣ᠋ᠷᠭᠢᠯ ᠵᠡᠷᠭᠡ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ