ᠠᠯᠳ᠋ᠬᠠᠤᠷᠭᠢᠯ ᠳᠠᠭᠠᠴᠢᠯᠠᠨ ᠬᠤᠯᠪᠤᠭᠠᠯᠠᠭᠰᠠᠨ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/3/16
         3 ᠳ᠋ᠤᠭᠠᠷ ᠰᠠᠷ᠎ᠠ ᠶᠢᠨ 11 ᠤ ᠡᠳᠦᠷ᠂ ᠲᠤᠭᠤᠷᠢᠭ   ᠤᠨ  ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠭᠢᠯ ᠺᠠᠩ ᠵᠧᠨ ᠳᠤ ᠭᠦᠨᠵᠡᠭᠡᠶᠢᠷᠡᠨ ᠳᠠᠭᠠᠴᠢᠯᠠᠨ ᠬᠤᠯᠪᠤᠭᠠᠯᠠᠭᠰᠠᠨ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
                  ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠠᠯᠳ᠋ᠬᠠᠤᠷᠭᠢᠯ  ᠹᠧᠩ ᠮᠧᠶ ᠶᠦᠨ ᠳ᠋ᠢᠩ ᠠᠮᠠᠷᠠᠯᠲᠠ ᠶᠢᠨ ᠪᠠᠭᠤᠳᠠᠯ ᠤᠨ ᠲᠥᠷᠥᠯ  ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠠᠷᠢᠯᠭ᠎ᠠ ᠶᠢᠨ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ   ᠰᠢᠢᠳᠪᠦᠷᠢᠯᠡᠪᠡ  ᠃          ᠠᠯᠳ᠋ᠬᠠᠤᠷᠭᠢᠯ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠢᠯᠡᠴᠢᠯᠡᠭᠡ ᠪᠠᠨ ᠴᠢᠩᠭᠠᠳᠬᠠᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠤᠷᠤᠭᠰᠢᠲᠠᠢ ᠬᠡᠷᠡᠭᠵᠢᠭᠦᠯᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠠᠵᠠ ᠲᠣᠬᠢᠶᠠᠯ ᠢ ᠠᠮᠵᠢᠵᠤ᠂  ᠪᠠᠷᠢᠯᠭ᠎ᠠ ᠶᠢᠨ ᠶᠠᠰᠤ ᠴᠢᠨᠠᠷ᠂  ᠪᠠᠷᠢᠯᠭ᠎ᠠ   ᠶᠢᠨ ᠠᠮᠤᠷ ᠲᠦᠪᠰᠢᠨ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠤᠨ ᠡᠷᠲᠡ ᠠᠵᠢᠯ  ᠡᠬᠢᠯᠡᠭᠦᠯᠬᠦ᠂ ᠡᠷᠲᠡ ᠪᠦᠳᠦᠬᠡᠨ ᠪᠠᠶᠢᠭᠤᠯᠬᠤ᠂ ᠡᠷᠲᠡ ᠠᠰᠢᠭᠯᠠᠯᠲᠠ ᠳᠤ  ᠤᠷᠤᠬᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ  ᠴᠢᠬᠤᠯᠠᠴᠢᠯᠠᠪᠠ  ᠃
ᠢᠷᠡᠯᠲᠡ᠄ ᠲᠤᠰ ᠰᠦᠯᠵᠢᠶ᠎ᠡ