ᠰᠤᠷᠭᠠᠨ ᠬᠦᠮᠦᠵᠢᠯ ᠤᠨ ᠶᠠᠮᠤᠨ ᠤ ᠲᠣᠭᠲᠠᠭᠠᠯ
ᠨᠡᠶᠢᠲᠡᠯᠡᠭᠰᠡᠨ ᠴᠠᠭ᠄
2021/3/16
                ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂  ᠡᠨᠡ  ᠵᠢᠯ ᠤᠨ  3  ᠰᠠᠷ᠎ᠠ ᠳᠤ ᠬᠠᠪᠤᠷ ᠤᠨ ᠤᠯᠠᠷᠢᠯ ᠤᠨ  ᠰᠤᠷᠤᠯᠭ᠎ᠠ ᠶᠢᠨ  ᠬᠤᠭᠤᠴᠠᠭᠠᠨ ᠤ  ᠣᠶᠢᠷ᠎ᠠ  ᠬᠠᠷᠠᠭ᠎ᠠ ᠶᠢ  ᠰᠡᠷᠭᠡᠶᠢᠯᠡᠨ  ᠡᠵᠡᠮᠳᠡᠬᠦ  ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠥᠷᠨᠢᠭᠦᠯᠬᠦ ᠪᠠᠷ ᠪᠠᠶᠢᠷᠢᠯᠠᠭᠤᠯᠪᠠ᠃ ᠡᠭᠦᠨ ᠳᠤ᠂ ᠭᠠᠷ ᠤᠲᠠᠰᠤᠨ ᠤ  ᠬᠠᠮᠢᠶᠠᠷᠤᠯᠲᠠ ᠵᠢ‌ᠦᠨᠡᠨ ᠬᠦ ᠴᠢᠩᠭᠠᠳᠬᠠᠨ᠎ᠠ ᠭᠡᠵᠦ ᠲᠣᠳᠣᠷᠬᠠᠶ ᠲᠣᠭᠲᠠᠭᠠᠪᠠ᠃ ᠡᠯ᠎ᠡ ᠭᠠᠵᠠᠷ ᠪᠣᠯᠤᠨ ᠰᠤᠷᠭᠠᠭᠤᠯᠢ ᠨᠤᠭᠤᠳ ︽ᠳᠤᠮᠳᠠᠳᠤ ᠪᠠᠭ᠎ᠠ‌‍ᠰᠤᠷᠭᠠᠭᠤᠯᠢ ᠶᠢᠨ ᠰᠤᠷᠤᠭᠴᠢᠳ ᠤᠨ ᠭᠠᠷ  ᠤᠲᠠᠰᠤᠨ ᠤ  ᠬᠠᠮᠢᠶᠠᠷᠤᠯᠲᠠ ᠶᠢᠨ  ᠠᠵᠢᠯ ᠢ  ᠴᠢᠩᠭᠠᠳᠬᠠᠬᠤ  ᠲᠤᠬᠠᠶ  ᠰᠤᠷᠭᠠᠨ‌‍ᠬᠥ᠋ᠮᠦᠵᠢᠯ ᠤᠨ  ᠶᠠᠮᠤᠨ ᠤ  ᠠᠯᠪᠠᠨ  ᠲᠢᠩᠬᠢᠮ ᠤᠨ  ᠮᠡᠳᠡᠭᠳᠡᠯ︾ ᠢ  ᠬᠢᠨᠠᠮᠠᠭᠠᠶ  ᠨᠠᠶᠢᠳᠠᠪᠤᠷᠢᠵᠢᠭᠤᠯᠵᠤ᠂  ᠳᠤᠮᠳᠠᠳᠤ  ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠠᠷ ᠤᠲᠠᠰᠤ ᠪᠠᠨ ᠬᠡᠲᠦᠷᠡᠲᠡᠯ᠎ᠡ  ᠬᠡᠷᠡᠭᠯᠡᠬᠦ ᠶᠢᠨ  ᠬᠤᠤᠷ  ᠬᠥᠨᠥᠭᠡᠯᠲᠦ  ᠴᠢᠨᠠᠷ  ᠪᠣᠯᠤᠨ ᠬᠠᠮᠢᠶᠠᠷᠤᠯᠲᠠ ᠪᠠᠨ ᠴᠢᠩᠭᠠᠳᠬᠠᠬᠤ ᠶᠢᠨ ᠴᠢᠬᠤᠯᠠ ᠴᠢᠨᠠᠷ ᠢ ᠤᠬᠠᠭᠤᠯᠵᠤ᠂ ᠭᠠᠷ ᠤᠲᠠᠰᠤ ᠪᠠᠨ ᠰᠤᠷᠭᠠᠭᠤᠯᠢ ᠶᠢᠨ ᠬᠦᠷᠢᠶᠡᠨ ᠳᠤ ᠬᠢᠵᠠᠭᠠᠷ ᠲᠠᠢ ᠠᠪᠴᠤ ᠣᠷᠣᠬᠤ ᠶᠢ ᠦᠨᠡᠨᠬᠦ ᠪᠠᠲᠤᠯᠠᠵᠤ᠂  ᠬᠢᠴᠢᠶᠡᠯ ᠤᠨ ᠲᠠᠩᠬᠢᠮ ᠳᠤ ᠠᠪᠴᠤ ᠣᠷᠣᠬᠤ ᠶᠢ ᠡᠷᠡᠰ ᠬᠤᠷᠢᠭᠯᠠᠬᠤ ᠬᠡᠷᠡᠭᠲᠡᠶ᠃ ᠭᠡᠷ ᠤᠨ ᠠᠬᠠᠮᠠᠳ ᠬᠡᠤᠬᠡᠳ ᠤᠨ ᠭᠠᠷ  ᠤᠲᠠᠰᠤ  ᠬᠡᠷᠡᠭᠯᠡᠬᠦ ᠶᠢ  ᠬᠠᠮᠢᠶᠠᠷᠬᠤ ᠪᠠᠨ  ᠴᠢᠩᠭᠠᠳᠬᠠᠵᠤ᠂  ᠬᠡᠤᠬᠡᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠪᠠᠷ ᠭᠠᠷ ᠤᠲᠠᠰᠤ ᠬᠡᠷᠡᠭᠯᠡᠭᠦᠯᠬᠦ  ᠬᠡᠷᠡᠭᠲᠡᠶ᠃ ᠡᠭᠦᠨ ᠤ ᠬᠠᠮᠲᠤ ᠳᠠᠰᠬᠠᠯ᠂ ᠤᠨᠲᠠᠯᠭ᠎ᠠ᠂ ᠤᠩᠰᠢᠬᠤ ᠪᠢᠴᠢᠭ᠂  ᠪᠡᠶ᠎ᠡ  ᠮᠠᠬᠠᠪᠣᠳ  ᠵᠡᠷᠭᠡ ᠶᠢᠨ  ᠬᠠᠮᠢᠶᠠᠷᠤᠯᠲᠠ ᠶᠢ  ᠰᠠᠶᠢᠲᠤᠷ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠠᠭ᠎ᠠ ᠪᠠᠨ ᠬᠠᠮᠠᠭᠠᠯᠠᠬᠤ ᠶᠢ ᠴᠢᠬᠤᠯᠠᠴᠢᠯᠠᠬᠤ ᠶᠢ  ᠬᠥᠲᠥᠯᠥᠨ‌ᠵᠢᠯᠣᠭᠤᠳᠴᠤ᠂ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ