ᠬᠢᠶ᠎ᠠ ᠪᠠᠭᠰᠢ ᠲᠣᠭᠤᠷᠢᠭ 2021 ᠣᠨ ᠤ ᠵᠡᠪᠰᠡᠭᠲᠦ ᠬᠦᠴᠦᠨ ᠤ ᠠᠵᠢᠯ ᠤᠨ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/2
       2 ᠰᠠᠷ᠎ᠠ ᠶᠢᠨ 26 ᠤ ᠡᠳᠦᠷ᠂ ᠬᠢᠶ᠎ᠠ ᠪᠠᠭᠰᠢ ᠲᠣᠭᠤᠷᠢᠭ 2021 ᠣᠨ ᠤ ᠵᠡᠪᠰᠡᠭᠲᠦ ᠬᠦᠴᠦᠨ ᠤ ᠠᠵᠢᠯ ᠤᠨ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠯᠢ ᠳ᠋ᠦᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠸᠠᠩ ᠮᠢᠩ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠱᠦᠵᠢ᠂  ᠣᠯᠣᠰ ᠲᠦᠷᠦ ᠶᠢᠨ ᠭᠡᠰᠢᠭᠦᠨ ᠶᠠᠨ ᠱᠦ  ᠹᠠ ᠬᠤᠷᠠᠯ ᠢ ᠡᠷᠬᠢᠯᠡᠪᠡ᠃
       ᠬᠤᠷᠠᠯ ᠠᠴᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠪᠣᠯᠤᠨ ᠣᠷᠳᠣᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2020 ᠣᠨ ᠤ ᠪᠥᠬᠦ ᠲᠣᠭᠤᠷᠢᠭ ᠤᠨ ᠵᠡᠪᠰᠡᠭᠲᠦ ᠬᠦᠴᠦᠨ ᠤ ᠠᠵᠢᠯ ᠢ ᠳ᠋ᠦᠩᠨᠡᠭᠰᠡᠨ ᠪᠥᠭᠡᠳ 2021 ᠣᠨ ᠤ ᠪᠥᠬᠦ ᠲᠣᠭᠤᠷᠢᠭ   ᠤᠨ ᠵᠡᠪᠰᠡᠭᠲᠦ ᠬᠦᠴᠦᠨ ᠤ ᠠᠵᠢᠯ ᠢ ᠲᠥᠯᠥᠪᠵᠢᠭᠦᠯᠦᠨ ᠪᠠᠶᠢᠷᠢᠯᠠᠭᠤᠯᠪᠠ᠃        ᠯᠢ ᠳ᠋ᠦᠩ᠂ 2020 ᠣᠨ ᠳᠤ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠠᠮ ᠤᠨ ᠰᠢᠨ᠎ᠡ ᠪᠠᠶᠢᠳᠠᠯ ᠳᠣᠤᠷᠠᠬᠢ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢᠨ ᠲᠣᠭᠤᠷᠢᠨ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠳᠠ ᠶᠢᠨ ᠰᠢᠰᠲ᠋ᠧᠮ᠂ ᠲᠡᠶᠢᠨ ᠤ ᠪᠡᠯᠡᠳᠬᠡᠯ ᠤᠨ ᠪᠣᠯᠪᠠᠰᠤᠷᠠᠯ᠂ ᠴᠡᠷᠢᠭ ᠡᠯᠰᠡᠬᠦ᠂ ᠴᠡᠷᠢᠭ ᠪᠠ ᠠᠷᠠᠳ ᠤᠨ ᠬᠡᠷᠡᠭᠴᠡᠭᠡ ᠶᠢᠨ ᠠᠭᠤᠰᠦᠯᠴᠡᠯ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠣᠷᠣᠨ ᠨᠤᠲᠤᠭ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠨ᠂ ᠨᠢᠭᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠰᠢᠨ᠎ᠡ ᠪᠠᠶᠢᠳᠠᠯ᠂ ᠰᠢᠨ᠎ᠡ ᠡᠭᠦᠷᠭᠡ ᠪᠣᠯᠤᠨ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠥᠬᠦ ᠲᠣᠭᠤᠷᠢᠭ ᠤᠨ ᠡᠷᠦᠬᠡ ᠶᠢᠨ ᠴᠡᠷᠢᠭ ᠪᠡᠯᠡᠳᠬᠡᠯ ᠠᠯᠪᠠᠨ ᠤ ᠬᠥᠮᠦᠰ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠡᠶᠢᠨ ᠳᠤ ᠪᠡᠯᠡᠳᠬᠡᠵᠦ ᠲᠡᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ  ᠭᠦᠢᠴᠡᠳᠬᠡᠨ᠂ ᠮᠠᠨ ᠤ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠳᠠ ᠶᠢᠨ ᠰᠢᠰᠲ᠋ᠧᠮ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃        ᠯᠢ ᠳ᠋ᠦᠩ᠂ ᠤᠯᠤᠰ ᠲᠥᠷᠥ ᠶᠢᠨ ᠪᠢᠰᠢᠷᠡᠯ ᠢᠶᠠᠨ ᠪᠠᠲᠤᠳᠬᠠᠵᠤ᠂ ᠣᠨᠣᠯ ᠢᠶᠠᠷ ᠵᠡᠪᠰᠡᠭᠯᠡᠬᠦ ᠪᠠᠨ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠳᠠ ᠶᠢᠨ ᠰᠢᠰᠲ᠋ᠧᠮ ᠤᠨ ᠬᠥᠭᠵᠢᠯᠲᠡ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠥᠪ ᠴᠢᠭᠯᠡᠯ ᠢ ᠪᠠᠲᠤ ᠡᠵᠡᠮᠳᠡᠨ᠂ ᠡᠯ᠎ᠡ ᠵᠦᠢᠯ ᠤᠨ ᠠᠵᠢᠯ ᠳᠤ ᠬᠦᠴᠦᠲᠡᠶ ᠣᠶᠤᠨ ᠤ ᠬᠦᠴᠦᠨ᠂ ᠶᠠᠷᠢᠶ᠎ᠠ ᠬᠡᠯᠡᠯᠴᠡᠭᠡᠨ ᠤ ᠳᠡᠮᠵᠢᠯᠭᠡ ᠪᠠ ᠦᠵᠡᠯ ᠰᠠᠨᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠳᠡᠭᠡᠭᠰᠢᠯᠡᠯᠲᠡ ᠶᠢ ᠠᠬᠢᠭᠤᠯᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ ᠢ ᠲᠦᠷᠭᠡᠳᠬᠡᠨ᠂ ᠥᠨᠳᠥᠷ ᠬᠡᠪ ᠪᠣᠯᠪᠠᠰᠤᠷᠠᠯ ᠲᠠᠢ ᠴᠡᠷᠢᠭ ᠡᠯᠰᠡᠬᠦ ᠠᠵᠢᠯ ᠢ ᠰᠠᠶᠢᠲᠤᠷ ᠬᠢᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠳᠠ ᠶᠢᠨ ᠰᠢᠰᠲ᠋ᠧᠮ ᠪᠣᠯᠤᠨ ᠨᠥᠬᠡᠴᠡ ᠬᠦᠴᠦᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠵᠢᠯᠴᠠᠨ᠂ ᠴᠡᠷᠢᠭ ᠠᠩᠬᠢ ᠣᠷᠣᠨ ᠨᠤᠲᠤᠭ ᠬᠠᠮᠵᠢᠯᠴᠠᠭᠰᠠᠨ᠂  ᠡᠷᠬᠡ ᠳᠣᠰᠢᠶᠠᠯᠳᠣ ᠰᠠᠯᠠᠭ᠎ᠠ ᠮᠥᠴᠢᠷ ᠬᠠᠮᠵᠢᠯᠴᠠᠨ ᠵᠡᠪᠰᠡᠭᠲᠦ ᠬᠦᠴᠦᠨ ᠢ ᠠᠳᠬᠤᠭᠰᠠᠨ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠃ ᠡᠭᠦᠷᠭᠡᠯᠡᠯ ᠢᠶᠠᠨ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ  ᠦᠢᠯᠡᠴᠢᠯᠡᠨ᠂ ᠴᠡᠷᠢᠭ ᠪᠠ ᠠᠷᠠᠳ ᠤᠨ ᠬᠡᠷᠡᠭᠴᠡᠭᠡ  ᠶᠢᠨ ᠠᠭᠤᠰᠦᠯᠴᠡᠯ ᠭᠦᠨᠵᠡᠭᠡᠢ ᠬᠥᠭᠵᠢᠬᠦ ᠶᠢ ᠶᠡᠭᠡ ᠪᠠᠷ ᠠᠬᠢᠭᠤᠯᠵᠤ᠂ ᠴᠡᠷᠢᠭ ᠠᠷᠠᠳ ᠬᠠᠷᠢᠯᠴᠠᠨ ᠬᠠᠪᠰᠤᠷᠤᠯᠴᠠᠭᠰᠠᠨ᠂ ᠴᠡᠷᠢᠭ ᠠᠷᠠᠳ ᠭᠠᠷ ᠬᠤᠯᠪᠣᠯᠴᠠᠭᠰᠠᠨ᠂ ᠬᠤᠣᠰ ᠴᠢᠭᠯᠡᠯ ᠢᠶᠠᠷ ᠠᠰᠢᠭ ᠬᠦᠷᠲᠡᠭᠰᠡᠨ ᠴᠣᠣ ᠰᠢᠨ᠎ᠡ ᠪᠠᠶᠢᠳᠠᠯ ᠢ ᠤᠯᠠᠮ  ᠨᠢᠭᠡ  ᠠᠯᠬᠤᠮ ᠪᠦᠷᠢᠯᠳᠦᠭᠦᠯᠬᠦ ᠬᠡᠷᠡᠭᠲᠡᠢ  ᠭᠡᠵᠦ ᠱᠠᠭᠠᠷᠳᠠᠪᠠ᠃        ᠬᠤᠷᠠᠯ ᠠᠴᠠ 2020 ᠣᠨ ᠤ ᠲᠡᠷᠢᠭᠦᠨ ᠤ ᠬᠠᠮᠲᠤ ᠨᠡᠶᠢᠳᠡ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃
ᠢᠷᠡᠯᠲᠡ᠄ ᠲᠤᠰ ᠰᠦᠯᠵᠢᠶ᠎ᠡ