ᠮᠠᠨ ᠤ ᠬᠤᠳᠠ ᠶᠢᠨ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/23
        ᠤᠢᠢᠷ᠎ᠠ ᠶᠢᠨ ᠡᠳᠦᠷ ᠤᠳ ᠲᠤ᠂ ᠪᠦᠭᠦ ᠬᠤᠳᠠ ᠶᠢᠨ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠢ ᠦᠷᠨᠢᠭᠦᠯᠭᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠦᠵᠠᠵᠤ᠂ ᠨᠠᠷᠢᠨ ᠨᠢᠮᠪᠠᠢ ᠵᠤᠭᠢᠶᠠᠨ ᠪᠠᠶᠢᠭᠤᠯᠵᠤ᠂ ᠲᠠᠶᠢᠴᠢᠯᠠᠯᠳᠠ ᠪᠠᠶᠢᠷᠢᠯᠠᠭᠤᠯᠤᠯᠳᠠ ᠭᠢᠵᠤ᠂ ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠢ ᠡᠷᠳᠡ ᠲᠦᠯᠦᠪᠯᠡᠨ ᠨᠢᠮᠪᠠᠢ ᠪᠠᠶᠢᠷᠢᠯᠠᠭᠤᠯᠪᠠ᠃         ᠤᠳᠤᠭ ᠤᠨ ᠡᠮᠤᠨᠠᠳᠤ ᠬᠤᠰᠢᠭᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠵᠤ᠂ ᠲᠤᠰ ᠬᠤᠰᠢᠭᠤᠨ ᠤ ᠦᠨᠢᠷ ᠪᠠᠶᠠᠯᠢᠭ ᠬᠤᠪᠢᠰᠬᠠᠯᠳᠤ ᠰᠤᠶᠤᠯ ᠤᠨ ᠡᠭᠢ ᠪᠠᠶᠠᠯᠢᠭ ᠲᠤ ᠭᠦᠢᠴᠡᠳ ᠲᠦᠰᠢᠭᠯᠡᠵᠤ᠂ ᠵᠦᠪ ᠤᠨᠤᠪᠴᠢᠳᠠᠢ ᠴᠢᠭᠯᠡᠯ ᠢ ᠪᠠᠷᠢᠮᠳᠠᠯᠠᠨ᠂ ᠠᠷᠭ᠎ᠠ ᠪᠠᠷᠢᠯ ᠤᠨ ᠰᠢᠨ᠎ᠠ ᠶᠢ ᠡᠭᠦᠳᠴᠦ᠂ ᠲᠤᠰᠬᠠᠢ ᠰᠡᠳᠦᠪᠳᠤ ᠰᠤᠷᠤᠯᠴᠠᠯᠭ᠎ᠠ᠂ ᠤᠯᠤᠰ ᠲᠦᠷᠦ ᠶᠢᠨ ᠭᠦᠳᠦᠯᠦᠨ ᠵᠢᠯᠤᠭᠤᠳᠤᠮᠵᠢ᠂ ᠲᠤᠰᠬᠠᠢ ᠰᠡᠳᠦᠪᠳᠤ ᠪᠤᠯᠪᠠᠰᠤᠷᠠᠯ᠂ ᠦᠢᠯᠡᠳᠦᠯᠭᠡ ᠶᠢᠨ ᠠᠵᠢᠯᠯᠠᠭ᠎ᠠ ᠵᠢᠴᠢ ᠲᠤᠰᠬᠠᠢ ᠰᠡᠳᠦᠪᠳᠤ ᠠᠷᠠᠳᠴᠢᠯᠠᠬᠰᠠᠨ ᠠᠮᠢᠳᠤᠷᠠᠯ ᠤᠨ ᠬᠤᠷᠠᠯ᠂ ᠵᠤᠭᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠵᠡᠷᠭᠡ ᠭᠦᠳᠦᠯᠦᠨ ᠵᠢᠯᠤᠭᠤᠳᠬᠤ ᠴᠢᠨᠠᠷᠳᠠᠢ᠂ ᠲᠠᠭᠤᠷᠢᠶᠠᠯ ᠦᠵᠡᠭᠦᠯᠭᠦ ᠴᠢᠨᠠᠷᠳᠠᠢ ᠰᠤᠷᠤᠯᠴᠠᠯᠭ᠎ᠠ ᠭᠦᠮᠦᠵᠢᠯ ᠤᠨ ᠠᠵᠢᠯᠯᠠᠭ᠎ᠠ ᠶᠢ ᠰᠠᠶᠢᠳᠤᠷ ᠠᠳᠬᠤᠵᠤ᠂ ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠢ ᠦᠨᠳᠦᠷ ᠪᠠᠷᠢᠮᠵᠢᠶ᠎ᠠ ᠪᠠᠷ ᠴᠢᠨᠠᠷᠯᠢᠭ ᠰᠠᠶᠢᠨ ᠦᠷᠨᠢᠭᠦᠯᠵᠤ᠂ ᠪᠦᠭᠦ ᠤᠷᠤᠨ ᠤ ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠤᠨ ᠦᠯᠢᠭᠡᠷ ᠲᠠᠭᠤᠷᠢᠶᠠᠯ ᠢ ᠡᠭᠦᠳᠭᠦ ᠭᠡᠷᠡᠭᠳᠡᠢ ᠭᠡᠵᠤ ᠱᠠᠭᠠᠷᠳᠠᠪᠠ᠃         ᠬᠠᠨᠭ᠍ᠭᠢᠨ ᠬᠤᠰᠢᠭᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠵᠤ᠂ ᠪᠦᠭᠦ ᠬᠤᠰᠢᠭᠤᠨ ᠤ ᠡᠯ ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠢ ᠦᠷᠨᠢᠭᠦᠯᠭᠦ ᠶᠢᠨ ᠴᠢᠬᠤᠯᠠ ᠠᠴᠢ ᠬᠤᠯᠪᠤᠬᠳᠠᠯ ᠢ ᠭᠦᠨᠵᠡᠭᠡᠢ ᠲᠠᠨᠢᠵᠤ᠂ ᠡᠨᠡ ᠭᠦ ᠵᠠᠪᠠᠯ ᠰᠤᠷᠬᠤ ᠭᠢᠴᠢᠶᠠᠯ ᠢ ᠰᠠᠶᠢᠳᠤᠷ ᠰᠤᠷᠤᠯᠴᠠᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠤᠢᠢᠯᠠᠭᠠᠬᠳᠠᠬᠤᠨ ᠢᠳᠡᠭᠡᠯ ᠪᠢᠰᠢᠷᠠᠯ ᠢ ᠦᠨᠡᠨ ᠰᠡᠳᠭᠢᠯ ᠠᠴᠠ ᠪᠠᠨ ᠭᠦᠯᠢᠶᠠᠨ ᠠᠪᠴᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠦᠡᠭᠭᠡᠷᠡᠯᠳᠡ ᠲᠤᠮᠳᠠ ᠠᠴᠠ ᠦᠷᠭᠦᠯᠵᠢᠯᠡᠨ ᠲᠡᠮᠡᠴᠡᠭᠦ ᠤᠶᠤᠨ ᠤᠬᠠᠭᠠᠨ ᠪᠠ ᠭᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠭᠡᠨ ᠠᠪᠴᠦ᠂ ᠨᠠᠩ ᠤᠷᠭᠢᠯᠤᠮ᠎ᠠ ᠬᠠᠯᠠᠭᠤᠨ ᠵᠤᠷᠢᠭ ᠰᠠᠨᠠᠭᠠᠨ ᠤ ᠪᠠᠶᠢᠳᠠᠯ ᠪᠠ ᠤᠷᠤᠬᠰᠢᠯᠠᠨ ᠲᠡᠮᠡᠴᠡᠭᠦ ᠤᠪᠤᠷ ᠪᠠᠶᠢᠳᠠᠯ ᠢᠶᠠᠷ ᠰᠢᠨ᠎ᠠ ᠴᠠᠭ ᠦᠶ᠎ᠠ ᠳᠤ ᠬᠤᠪᠢ ᠨᠡᠮᠡᠷᠢ ᠦᠵᠡᠭᠦᠯᠵᠤ᠂ ᠰᠢᠨ᠎ᠠ ᠠᠶᠠᠨ ᠳᠤ ᠴᠢᠷᠮᠠᠶᠢᠨ ᠲᠡᠮᠡᠴᠡᠭᠦ ᠭᠡᠷᠡᠭᠳᠡᠢ ᠭᠡᠵᠤ ᠱᠠᠭᠠᠷᠳᠠᠪᠠ᠃         ᠤᠳᠤᠭ ᠬᠤᠰᠢᠭᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠵᠤ᠂ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢ ᠬᠠᠷᠠᠯᠳᠠ ᠱᠠᠭᠠᠷᠳᠠᠯᠭ᠎ᠠ ᠶᠢᠨ ᠲᠤᠭᠤᠷᠢᠨ ᠳᠤ᠂ ᠵᠦᠪ ᠤᠨᠤᠪᠴᠢᠳᠠᠢ ᠴᠢᠭᠯᠡᠯ ᠢ ᠪᠠᠷᠢᠮᠳᠠᠯᠠᠨ᠂ ᠠᠷᠭ᠎ᠠ ᠪᠠᠷᠢᠯ ᠤᠨ ᠰᠢᠨ᠎ᠠ ᠶᠢ ᠡᠭᠦᠳᠴᠦ᠂ ᠡᠭᠢ ᠪᠠᠶᠠᠯᠢᠭ ᠢ ᠨᠡᠶᠢᠯᠡᠭᠦᠯᠦᠨ᠂ ᠲᠤᠰᠬᠠᠢ ᠰᠡᠳᠦᠪᠳᠤ ᠰᠤᠷᠤᠯᠴᠠᠯᠭ᠎ᠠ ᠶᠢ ᠭᠦᠨᠵᠡᠭᠡᠶᠢᠷᠡᠭᠦᠯᠵᠤ᠂ ᠤᠬᠠᠭᠤᠯᠭ᠎ᠠ ᠶᠢ ᠠᠳᠬᠤᠨ᠂ ᠪᠤᠯᠪᠠᠰᠤᠷᠠᠯ ᠤᠨ ᠵᠠᠮ ᠮᠦᠷ ᠢ ᠦᠷᠭᠡᠳᠭᠡᠵᠤ᠂ ᠦᠢᠯᠡᠳᠦᠯᠭᠡ ᠶᠢᠨ ᠠᠵᠢᠯᠯᠠᠭ᠎ᠠ ᠶᠢ ᠪᠠᠶᠠᠯᠢᠬᠵᠢᠭᠤᠯᠤᠨ᠂ ᠪᠡᠶ᠎ᠠ ᠪᠠᠨ ᠴᠢᠩᠭ᠎ᠠ ᠭᠢᠨᠠᠵᠤ᠂ ᠭᠦᠳᠦᠯᠦᠨ ᠵᠢᠯᠤᠭᠤᠳᠬᠤ ᠴᠢᠨᠠᠷᠳᠠᠢ᠂ ᠲᠠᠭᠤᠷᠢᠶᠠᠯ ᠦᠵᠡᠭᠦᠯᠭᠦ ᠴᠢᠨᠠᠷᠳᠠᠢ ᠰᠤᠷᠤᠯᠴᠠᠯᠭ᠎ᠠ ᠭᠦᠮᠦᠵᠢᠯ ᠤᠨ ᠠᠵᠢᠯᠯᠠᠭ᠎ᠠ ᠶᠢ ᠵᠤᠭᠢᠶᠠᠨ ᠪᠠᠶᠢᠭᠤᠯᠤᠨ ᠦᠷᠨᠢᠭᠦᠯᠭᠦ ᠭᠡᠷᠡᠭᠳᠡᠢ ᠭᠡᠵᠤ ᠱᠠᠭᠠᠷᠳᠠᠪᠠ᠃         ᠤᠷᠳᠤᠰ ᠤᠨ ᠤᠯᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠵᠤ᠂ ᠪᠦᠭᠦ ᠨᠠᠮ ᠤᠨ ᠭᠡᠰᠢᠭᠦᠨ ᠰᠤᠷᠤᠯᠴᠠᠯᠭ᠎ᠠ ᠭᠦᠮᠦᠵᠢᠯ ᠢ ︽ᠡᠷᠭᠡᠪᠰᠢ ᠰᠤᠷᠬᠤ ᠭᠢᠴᠢᠶᠠᠯ︾ ᠪᠤᠯᠭᠠᠵᠤ᠂ ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠢᠶᠠᠷ ᠲᠠᠮᠵᠢᠭᠤᠯᠤᠨ᠂ ᠲᠡᠤᠭᠡ ᠶᠢᠨ ᠭᠦᠭᠵᠢᠯᠳᠠ ᠶᠢᠨ ᠵᠢᠮ᠎ᠠ ᠶᠤᠰᠤ ᠪᠠ ᠶᠡᠭᠡ ᠪᠠᠶᠢᠳᠠᠯ ᠢ ᠪᠠᠳᠤ ᠡᠵᠡᠮᠳᠠᠵᠤ᠂ ᠠᠵᠢᠯ ᠤᠨ ᠪᠠᠶᠢᠷᠢᠯᠠᠭᠤᠯᠤᠯᠳᠠ ᠪᠠᠷ ᠴᠢᠭᠯᠡᠯ ᠪᠤᠯᠭᠠᠵᠤ᠂ ᠭᠤᠤᠯᠳᠠᠯᠭ᠎ᠠ ᠲᠠᠢ ᠲᠦᠷᠦᠯ ᠵᠦᠢᠯ᠂ ᠭᠤᠤᠯᠳᠠᠯᠭ᠎ᠠ ᠲᠠᠢ ᠠᠵᠤ ᠦᠢᠯᠡᠰ ᠢ ᠨᠠᠶᠢᠳᠠᠪᠤᠷᠢᠵᠢᠭᠤᠯᠤᠨ ᠪᠤᠳᠠᠳᠤ ᠦᠷ᠎ᠠ ᠪᠦᠳᠦᠮᠵᠢ ᠤᠯᠬᠤ ᠶᠢ ᠠᠭᠢᠭᠤᠯᠬᠤ ᠭᠡᠷᠡᠭᠳᠡᠢ ᠭᠡᠵᠤ ᠱᠠᠭᠠᠷᠳᠠᠪᠠ᠃
ᠢᠷᠡᠯᠲᠡ᠄ ᠣᠷᠳᠣᠰ ᠮᠣᠩᠭᠤᠯ ᠰᠦᠯᠵᠢᠶ᠎ᠡ