| | | 2021 ᠤᠨ ᠤ ᠬᠠᠩᠰᠢ ᠶᠢᠨ ᠡᠳᠦᠷ ᠲᠦᠷᠭᠡᠨ ᠤ ᠵᠠᠰᠠᠮᠠᠯ ᠵᠠᠮ ᠠᠴᠠ ᠰᠦᠢᠳᠭᠡᠯ ᠬᠤᠷᠢᠶᠠᠬᠤ ᠪᠤᠯ | ᠤᠤ︖ | ︽ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ ᠪᠠᠭ᠎ᠠ ᠬᠡᠯᠪᠡᠷᠢ ᠶᠢᠨ | ᠠᠶᠠᠨᠴᠢᠳ ᠤᠨ ᠮᠠᠰᠢᠨ ᠲᠡᠷᠭᠡ ᠠᠴᠠ ᠵᠠᠮ ᠤᠨ ᠰᠦᠢᠳᠭᠡᠯ ᠥᠯᠥ ᠬᠤᠷᠢᠶᠠᠬᠤ ᠲᠤᠬᠠᠢ ᠬᠡᠷᠡᠭᠵᠢᠭᠦᠯᠬᠦ | ᠲᠥᠰᠦᠯ︾ ᠢ ᠦᠨᠳᠦᠰᠦᠯᠡᠪᠡᠯ᠂ ᠰᠦᠢᠳᠭᠡᠯ ᠬᠤᠷᠢᠶᠠᠳᠠᠭ ᠵᠠᠰᠠᠮᠠᠯ ᠵᠠᠮ ᠠᠴᠠ ᠰᠦᠢᠳᠭᠡᠯ ᠥᠯᠥ ᠬᠤᠷᠢᠶᠠᠬᠤ | ᠴᠠᠭ ᠨᠢ ᠴᠠᠭᠠᠨ ᠰᠠᠷ᠎ᠠ᠂ ᠬᠠᠩᠰᠢ ᠶᠢᠨ ᠡᠳᠦᠷ᠂ ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠤᠨ | ᠡᠳᠦᠷ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠵᠢᠴᠢ ᠲᠤᠬᠠᠶ ᠶᠢᠨ | ᠵᠢᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠪᠢᠴᠢᠭᠮᠠᠲ᠋ᠧᠷᠢᠶᠠᠯ ᠳᠤ | ᠲᠣᠭᠲᠠᠭᠠᠭᠰᠠᠨ ᠳᠡᠭᠡᠷ᠎ᠡ ᠳᠤᠷᠠᠳᠤᠭᠰᠠᠨ ᠪᠠᠶᠠᠷ ᠳᠤᠷᠠᠰᠬᠠᠯ ᠤᠨ ᠡᠳᠦᠷ ᠤᠨ ᠲᠡᠭᠡᠷ᠎ᠡ ᠠᠮᠠᠷᠠᠯᠲᠠ ᠶᠢᠨ ᠡᠳᠦᠷ ᠢᠶᠠᠨ | ᠨᠡᠮᠡᠵᠦ ᠵᠠᠯᠭᠠᠯᠳᠤᠭᠤᠯᠤᠨ ᠠᠮᠠᠷᠠᠨ᠎ᠠ ᠬᠡᠪᠡ᠃ | ᠡᠭᠦᠨ ᠠᠴᠠ ᠭᠠᠳᠠᠨ᠎ᠠ᠂ ᠨᠢᠳᠤᠨᠤᠨ ᠤ ᠬᠢ ᠲᠠᠢ ᠬᠠᠷᠢᠴᠠᠭᠤᠯᠪᠠᠯ᠂ ᠤᠯᠤᠰ ᠤᠨ ᠳᠣᠲᠣᠭᠠᠳᠤ ᠶᠢᠨ | ᠲᠦᠷᠭᠡᠨ ᠤ ᠵᠠᠰᠠᠮᠠᠯ ᠵᠠᠮ ᠢᠶᠠᠷ ᠨᠡᠪᠲᠡᠷᠡᠬᠦ ᠠᠷᠭ᠎ᠠ ᠬᠡᠯᠪᠡᠷᠢ ᠳᠤ ᠪᠠᠰᠠ ᠡᠳᠦᠶ ᠲᠡᠳᠦᠶ ᠬᠤᠪᠢᠷᠠᠯᠲᠠ ᠭᠠᠷᠴᠠᠶ᠂ | ᠡᠭᠦᠨ ᠢ ᠲᠡᠷᠭᠡᠨ ᠤ ᠵᠢᠯᠤᠭᠤᠴᠢ ᠨᠠᠷ ᠠᠩᠬᠠᠷᠤᠯ ᠳᠠᠭᠠᠨ ᠠᠪᠤᠭᠠᠷᠠᠢ᠃ | ᠮᠤᠵᠢ ᠶᠢᠨ ᠵᠠᠭᠠᠭ ᠤᠨ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ᠴᠠᠬ | ᠬᠤᠭᠤᠴᠠᠭᠠᠬᠤᠪᠢᠶᠠᠵᠤ ᠰᠦᠢᠳᠭᠡᠯ ᠪᠤᠳᠤᠨ᠎ᠠ᠃ | ᠨᠢᠳᠤᠨᠤᠨ ᠤ ᠵᠢᠯ ᠤᠨ ᠡᠬᠢᠨ ᠠᠴᠠ ᠡᠬᠢᠯᠡᠨ ᠲᠦᠷᠭᠡᠨ ᠤ ᠵᠠᠰᠠᠮᠠᠯ ᠵᠠᠮ ᠤᠨ ᠮᠤᠵᠢ ᠶᠢᠨ | ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ETC ᠪᠠᠷ ᠰᠦᠢᠳᠭᠡᠯ | ᠬᠤᠷᠢᠶᠠᠬᠤ ᠠᠷᠭ᠎ᠠ ᠶᠢ ᠠᠪᠴᠤ᠂ ᠲᠡᠷᠭᠡ ᠪᠠᠨᠵᠣᠭᠰᠣᠭᠠᠬᠤ ᠥᠬᠡᠶ ᠪᠠᠷ ᠮᠤᠵᠢ ᠠᠯᠤᠰᠯᠠᠨ ᠲᠡᠷᠭᠡ ᠵᠢᠯᠣᠭᠤᠳᠤᠨ | ᠭᠠᠷᠴᠤ ᠪᠤᠯᠬᠤ ᠪᠤᠯᠭᠠᠪᠠ᠃ ᠡᠭᠦᠨ ᠤ ᠬᠠᠮᠲᠤ᠂ ︽ᠴᠠᠬᠬᠤᠭᠤᠴᠠᠭᠠ ᠬᠤᠪᠢᠶᠠᠵᠤ ᠰᠦᠢᠳᠭᠡᠯ ᠪᠤᠳᠤᠬᠤ︾ ᠶᠢ | ᠰᠦᠢᠳᠭᠡᠯ ᠬᠤᠷᠢᠶᠠᠬᠤ ᠰᠢᠨ᠎ᠡ ᠠᠷᠭ᠎ᠠ ᠮᠠᠶ᠋ᠢᠭ ᠪᠣᠯᠭᠠᠵᠤ᠂ ᠠᠶᠠᠯᠠᠬᠰᠠᠨᠵᠠᠮ ᠤᠨ ᠤᠷᠳᠤ ᠪᠠᠷ ᠨᠢ ᠰᠦᠢᠳᠭᠡᠯ | ᠬᠤᠷᠢᠶᠠᠵᠤ᠂ ᠢᠯᠡᠭᠦᠦ ᠠᠶᠠᠯᠠᠪᠠᠯ ᠢᠯᠡᠭᠦᠦ ᠬᠤᠷᠢᠶᠠᠵᠤ᠂ ᠰᠦᠢᠳᠭᠡᠯ ᠪᠤᠳᠤᠬᠤ ᠪᠦᠬᠦᠯᠢᠴᠣᠭᠴᠠ ᠶᠢ ᠨᠢ ᠨᠠᠩ | ᠣᠨᠣᠪᠴᠢᠲᠠᠶ ᠪᠣᠯᠭᠠᠪᠡ᠃ ᠭᠡᠪᠡᠴᠦ ᠠᠩᠬᠠᠷᠤᠭᠤᠰᠢᠲᠠᠶ ᠨᠢ᠂ ᠰᠦᠢᠳᠭᠡᠯ ᠦᠯᠦ ᠬᠤᠷᠢᠶᠠᠬᠤ ᠴᠠᠭ | ᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠳᠤ ᠭᠠᠷᠤᠭᠰᠠᠨ ᠡᠰᠡᠬᠦ ᠬᠠᠮᠢᠶ᠎ᠠ ᠥᠬᠡᠶ᠂ ᠰᠦᠢᠳᠭᠡᠯ ᠦᠯᠦ | ᠬᠤᠷᠢᠶᠠᠬᠤ ᠴᠠᠬᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠠᠴᠠ ᠪᠠᠭᠤᠳᠠᠭ ᠯᠠ ᠶᠤᠮ ᠪᠣᠯ ᠴᠥᠮ ᠰᠦᠢᠳᠭᠡᠯ | ᠬᠤᠷᠢᠶᠠᠬᠤ ᠥᠬᠡᠶ᠃ ᠭᠡᠪᠡᠴᠦᠰᠦ᠋ᠢᠳᠭᠡᠯ ᠦᠯᠦ ᠬᠤᠷᠢᠶᠠᠬᠤ ᠴᠠᠭ ᠬᠤᠭᠤᠴᠠᠭᠠᠨ ᠠᠴᠠ ᠬᠡᠲᠦᠷᠡᠭᠡᠳ ᠲᠦᠷᠭᠡᠨ ᠤ | ᠵᠠᠰᠠᠮᠠᠯ ᠵᠠᠮ ᠠᠴᠠ ᠪᠠᠭᠤᠬᠤ ᠳᠤ ᠬᠦᠷᠪᠡᠯᠲ᠋ᠠᠷᠤᠢ ᠪᠥᠬᠦ ᠵᠠᠮ ᠤᠨ ᠰᠦᠢᠳᠭᠡᠯ ᠬᠤᠷᠢᠶᠠᠵᠤ᠂ ᠴᠠᠬ ᠬᠤᠭᠤᠴᠠᠭ᠎ᠠ | ᠬᠤᠪᠢᠶᠠᠵᠤ ᠰᠦᠢᠳᠭᠡᠯ ᠪᠤᠳᠤᠵᠤ ᠦᠭᠭᠦ ᠥᠬᠡᠶ᠃ | 8 ᠰᠠᠭᠤᠳᠠᠯ ᠲᠠᠢ ᠪᠠ 9 ᠰᠠᠭᠤᠳᠠᠯ ᠲᠠᠢ ᠮᠠᠰᠢᠨ ᠲᠡᠷᠭᠡ ᠶᠢ ᠨᠢᠭᠡᠳᠦᠭᠡᠷ ᠲᠥᠷᠥᠯ ᠤᠨ ᠮᠠᠰᠢᠨ | ᠲᠡᠷᠭᠡᠨ ᠳ᠋ᠤ᠋ᠤᠷᠤᠭᠤᠯᠪᠠ | 8 ᠰᠠᠭᠤᠳᠠᠯ ᠲᠠᠢ ᠪᠠ 9 ᠰᠠᠭᠤᠳᠠᠯ ᠲᠠᠢ ᠮᠠᠰᠢᠨ ᠲᠡᠷᠭᠡ ᠶᠢ ᠨᠢᠭᠡᠳᠦᠭᠡᠷ ᠲᠥᠷᠥᠯ ᠤᠨ ᠮᠠᠰᠢᠨ | ᠲᠡᠷᠭᠡᠨ ᠳ᠋ᠤ᠋ᠤᠷᠤᠭᠤᠯᠤᠬᠰᠠᠨ ᠤ ᠳᠠᠷᠠᠭ᠎ᠠ᠂ ᠲᠦᠷᠭᠡᠨ ᠤ ᠵᠠᠰᠠᠮᠠᠯ ᠵᠠᠮ ᠤᠨ ᠲᠤᠰᠢᠶᠠᠬᠤ ᠰᠦᠢᠳᠭᠡᠯ ᠨᠢ ᠢᠯᠡᠳᠲᠡ | ᠪᠠᠭᠠᠰᠤᠨ᠎ᠠ᠃ ᠭᠡᠪᠡᠴᠦ᠂ᠣᠳᠣᠬᠠᠨ ᠳᠤ ᠲᠦᠷᠭᠡᠨ ᠤ ᠵᠠᠰᠠᠮᠠᠯ ᠵᠠᠮ ᠤᠨ ᠰᠦᠢᠳᠭᠡᠯ ᠥᠯᠥ ᠬᠤᠷᠢᠶᠠᠬᠤ ᠲᠥᠷᠥ ᠶᠢᠨ | ᠪᠣᠳᠣᠯᠭ᠎ᠠ ᠶᠢ 7 ᠠᠴᠠ ᠳᠣᠷᠣᠭᠰᠢᠬᠢ ᠰᠠᠭᠤᠳᠠᠯ ᠲᠠᠢ ᠲᠡᠷᠭᠡ ᠬᠥᠰᠬᠡ ᠳᠤ ᠯᠡ ᠬᠡᠷᠡᠭᠵᠢᠭᠦᠯᠦᠨ᠎ᠡ᠃ ᠬᠡᠬᠦ ᠳᠡᠭᠡᠨ 8 | - 9 ᠰᠠᠭᠤᠳᠠᠯ ᠲᠠᠢ ᠮᠠᠰᠢᠨ ᠲᠡᠷᠭᠡ ᠨᠢ ᠮᠥᠨ ᠯᠡ ᠪᠠᠶᠠᠷ ᠳᠤᠷᠠᠰᠬᠠᠯ ᠤᠨ ᠡᠳᠦᠷ ᠲᠦᠷᠭᠡᠨ ᠤ ᠵᠠᠰᠠᠮᠠᠯ ᠵᠠᠮ ᠤᠨ | ᠰᠦᠢᠳᠭᠡᠯ ᠦᠯᠦ ᠬᠤᠷᠢᠶᠠᠬᠤ ᠲᠥᠷᠥ ᠶᠢᠨ ᠪᠣᠳᠣᠯᠭ᠎ᠠ ᠵᠢᠭᠥ᠋ᠷᠳᠡᠵᠦ ᠳᠡᠶᠢᠯᠬᠦ ᠥᠬᠡᠶ ᠶᠤᠮ᠃ | ᠥᠨᠥ ᠵᠢᠯ ᠤᠨ ᠬᠠᠩᠰᠢ ᠶᠢᠨ ᠡᠳᠦᠷ ᠲᠤ ᠲᠠᠬᠢᠯᠭ᠎ᠠ ᠬᠢᠵᠦ ᠪᠤᠯᠤᠨ᠎ᠠ ᠤᠤ︖ | ᠠᠷᠠᠳ ᠤᠨ ᠶᠠᠪᠤᠳᠠᠯ ᠤᠨ ᠶᠠᠮᠤᠨ ᠮᠡᠳᠡᠭᠳᠡᠯ ᠨᠡᠶᠢᠲᠡᠯᠡᠵᠦ᠄ ᠬᠠᠩᠰᠢ ᠶᠢᠨ ᠡᠳᠦᠷ ᠤᠨ | ᠬᠤᠭᠤᠴᠠᠭᠠᠨ ᠳᠤ ᠲᠤᠬᠠᠶ ᠵᠢᠨᠲ᠋ᠠᠯᠠᠪᠠᠶ ᠶᠢᠨ ᠲᠠᠬᠢᠯᠭ᠎ᠠ ᠶᠢᠨ ᠦᠢᠯᠡᠴᠢᠯᠡᠭᠡ ᠬᠠᠨᠭ᠍ᠭᠠᠬᠤ ᠭᠠᠵᠠᠷ ᠣᠷᠣᠨ ᠨᠢ | ᠤᠷᠢᠳᠴᠢᠯᠠᠨ ᠪᠣᠯᠵᠣᠬᠤ᠂ ᠣᠷᠭᠢᠯ ᠤᠨᠬᠤᠭᠤᠴᠠᠭ᠎ᠠ ᠶᠢ ᠵᠥᠷᠢᠭᠦᠯᠬᠦ᠂ ᠬᠦᠮᠦᠨ ᠤ ᠴᠤᠪᠤᠭ᠎ᠠ ᠶᠢ ᠬᠢᠵᠠᠭᠠᠷᠯᠠᠬᠤ | ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠠᠬᠢᠯᠭ᠎ᠠ ᠳᠤ ᠣᠷᠣᠯᠴᠠᠬᠤ ᠬᠦᠮᠦᠰ ᠤᠪᠤᠭᠠᠷᠠᠬᠤ ᠶᠢ ᠠᠯᠢ | ᠴᠢᠳᠠᠬᠤ ᠪᠠᠷ ᠬᠢᠵᠠᠭᠠᠷᠯᠠᠨ᠂ ᠲᠠᠬᠢᠯᠭ᠎ᠠ ᠶᠢᠨ ᠲᠤᠬᠠᠶ ᠶᠢᠨ ᠲᠠᠯᠠᠪᠠᠶ ᠶᠢᠨ ᠬᠥᠮᠦᠰ ᠤᠨ ᠴᠤᠭᠯᠠᠷᠠᠯ ᠢ | ᠪᠠᠭᠠᠰᠬᠠᠬᠤ ᠶᠢᠨ ᠬᠠᠮᠲᠤ ᠲᠠᠬᠢᠯᠭ᠎ᠠ ᠶᠢᠨ ᠲᠠᠯᠠᠪᠤᠷ ᠢ ᠴᠡᠪᠡᠷᠯᠡᠨ ᠠᠷᠢᠭᠤᠳᠬᠠᠬᠤ᠂ ᠲᠠᠬᠢᠯᠭ᠎ᠠ ᠳᠤ ᠣᠷᠣᠯᠴᠠᠬᠤ | ᠬᠦᠮᠦᠰ ᠤᠨ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ | ᠰᠢᠯᠭᠠᠨ ᠪᠠᠶᠢᠴᠠᠭᠠᠬᠤ ᠵᠡᠷᠭᠡ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠶ︔ ᠲᠤᠬᠠᠶ ᠶᠢᠨ ᠲᠠᠯᠠᠪᠠᠶ ᠶᠢᠨ ᠲᠠᠬᠢᠯᠭ᠎ᠠ ᠶᠢᠨ ᠦᠢᠯᠡᠴᠢᠯᠡᠭᠡ ᠬᠠᠨᠭ᠍ᠭᠠᠬᠤ ᠶᠢ ᠲᠦᠷ ᠵᠣᠭᠰᠣᠭᠠᠭᠰᠠᠨ | ᠭᠠᠵᠠᠷ ᠣᠷᠣᠨ ᠨᠤᠭᠤᠳ ᠨᠢ ᠦᠢᠯᠡᠴᠢᠯᠡᠭᠡ ᠶᠢᠨ ᠵᠠᠭᠪᠤᠷ ᠢᠶᠠᠨ ᠢᠳᠡᠪᠬᠢᠲᠡᠶ ᠪᠠᠷ ᠰᠢᠨᠡᠴᠢᠯᠡᠵᠦ᠂ ᠰᠦᠯᠵᠢᠶ᠎ᠡ ᠪᠠᠷ | ᠲᠠᠬᠢᠯᠭ᠎ᠠ ᠬᠢᠬᠦ᠂ ᠵᠣᠴᠢᠨ ᠢ ᠣᠷᠣᠯᠠᠨᠲ᠋ᠠᠬᠢᠯᠭᠠ ᠬᠢᠬᠦ᠂ ᠡᠭᠦᠯᠡᠨ ᠲᠠᠬᠢᠯᠭ᠎ᠠ ᠬᠢᠬᠦ ᠵᠡᠷᠭᠡ ᠠᠷᠠᠳ ᠲᠤ ᠲᠥᠬᠦᠮ | ᠦᠵᠡᠭᠦᠯᠬᠦ᠂ ᠣᠶᠤᠨᠴᠢ ᠦᠢᠯᠡᠴᠢᠯᠡᠭᠡ ᠶᠢ ᠬᠠᠩᠭᠠᠬᠤ ᠬᠡᠷᠡᠭᠲᠡᠶ ᠬᠡᠪᠡ᠃ | | | | |