ᠬᠢᠶ᠎ᠠ ᠪᠠᠭᠰᠢ ᠲᠣᠭᠤᠷᠢᠭ《ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ》 ᠤᠨ ᠠᠵᠢᠯ  ᠳᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/26
         ᠣᠶᠢᠷ᠎ᠠ ᠶᠢᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠢᠶ᠎ᠠ ᠪᠠᠭᠰᠢ ᠲᠣᠭᠤᠷᠢᠭ ᠤᠨ《 ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ 》 ᠤᠨ ᠠᠵᠢᠯ  ᠳᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ ᠵᠢᠶᠤᠤ᠂ ᠶᠠᠩ ᠴᠠᠩ ᠴᠢᠩ ᠬᠤᠷᠠᠯ ᠳᠤ ᠣᠷᠣᠯᠴᠠᠵᠠᠢ᠃
         ᠬᠤᠷᠠᠯ ᠠᠴᠠ ᠬᠢᠶ᠎ᠠ ᠪᠠᠭᠰᠢ ᠲᠣᠭᠤᠷᠢᠭ ᠤᠨ《 ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ 》 ᠤᠨ ᠠᠵᠢᠯ ᠤᠨ ᠠᠬᠢᠴᠠ ᠶᠢᠨ ᠪᠠᠶᠢᠳᠠᠯ ᠪᠠ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠡᠨᠧᠷᠭᠢ ᠠᠷᠪᠢᠯᠠᠵᠤ ᠬᠤᠷᠣᠭᠳᠠᠭᠤᠯᠤᠯ ᠢ ᠪᠠᠭᠠᠰᠬᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠣᠨᠣᠰᠪᠠ᠃          ᠯᠢ ᠳ᠋ᠦᠩ᠂《 ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ 》 ᠤᠨ ᠠᠵᠢᠯ ᠤᠨ ᠴᠢᠬᠤᠯᠠ ᠴᠢᠨᠠᠷ ᠂ ᠲᠤᠯᠭᠠᠮ᠎ᠠ ᠴᠢᠨᠠᠷ ᠪᠠ ᠣᠳᠣᠬᠠᠨ ᠤ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠲᠠᠪᠤᠷᠢᠵᠢᠭᠤᠯᠤᠨ᠂ ᠦᠨᠡᠨᠬᠦ ᠬᠠᠳᠠᠭᠤ ᠴᠢᠩᠭ᠎ᠠ ᠠᠵᠢᠯ ᠤᠨ ᠠᠷᠭ᠎ᠠ ᠬᠡᠮᠵᠢᠶ᠎ᠠ ᠠᠪᠴᠤ᠂ ᠪᠦᠬᠦ ᠵᠢᠯ ᠤᠨ ᠡᠭᠦᠷᠭᠡ ᠪᠠᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠨᠢᠭᠡᠳᠦᠭᠡᠷ ᠤᠯᠠᠷᠢᠯ ᠤᠨ《 ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ 》 ᠤᠨ ᠠᠵᠢᠯ ᠢ ᠲᠤᠪᠤᠶᠢᠮ᠎ᠠ ᠰᠠᠶᠢᠲᠤᠷ ᠠᠳᠬᠤᠨ᠂ ᠡᠯ᠎ᠡ ᠵᠦᠢᠯ ᠤᠨ ᠡᠭᠦᠷᠭᠡ ᠶᠢ ᠴᠠᠭ ᠬᠤᠭᠤᠴᠠᠭᠠᠨ ᠳᠤᠨᠢ ᠲᠡᠷᠡ ᠶᠣᠰᠣᠭᠠᠷ ᠨᠢ ᠨᠠᠶᠢᠲᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃          ᠯᠢ ᠳ᠋ᠦᠩ  ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠬᠦᠷᠢᠶ᠎ᠡ ᠬᠡᠪᠴᠢᠶᠡᠨ ᠤ ᠬᠠᠷᠢᠭᠤᠴᠠᠯᠭ᠎ᠠ ᠶᠢ ᠴᠢᠩᠭ᠎ᠠ  ᠪᠤᠳᠠᠳᠠᠶᠢᠵᠢᠭᠤᠯᠤᠨ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠰᠠᠶᠢᠲᠤᠷ ᠨᠡᠪᠲᠡᠷᠡᠯᠴᠡᠵᠦ᠂ ᠳᠤᠰ ᠲᠤᠰ ᠤᠨ ᠢᠶᠠᠨ ᠬᠠᠷᠢᠭᠤᠴᠠᠯᠭ᠎ᠠ ᠪᠠᠨ ᠡᠭᠦᠷᠭᠡᠯᠡᠨ᠂ ᠬᠠᠮᠳᠤᠷᠠᠨ ᠬᠠᠮᠵᠢᠯᠴᠠᠵᠤ᠂《 ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ 》 ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠵᠠᠳᠠᠯᠤᠨ ᠰᠤᠳᠤᠯᠵᠤ ᠮᠠᠭᠠᠳᠯᠠᠬᠤ ᠪᠠᠨ  ᠴᠢᠩᠭᠠᠳᠬᠠᠨ᠂ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢ ᠲᠥᠰᠦᠭᠡᠯᠡᠨ ᠪᠤᠳᠤᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ  ᠣᠨᠣᠪᠴᠢᠲᠠᠢ ᠪᠠᠷ ᠰᠠᠶᠢᠲᠤᠷ ᠬᠢᠵᠦ᠂ ᠬᠠᠮᠢᠶᠠᠷᠤᠨ ᠡᠵᠡᠮᠳᠡᠬᠦ ᠠᠷᠭ᠎ᠠ   ᠪᠠᠷᠢᠯ ᠢᠶᠠᠨ ᠴᠠᠭ ᠲᠤᠬᠠᠶ ᠳᠤᠨᠢ ᠳᠣᠭᠢᠷᠠᠭᠤᠯᠤᠨ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢ ᠡᠷᠡᠰ ᠪᠠᠭᠤᠷᠠᠭᠤᠯᠬᠤ ᠬᠡᠷᠡᠭᠲᠡᠶ᠃  ᠣᠷᠳᠤ ᠬᠤᠭᠤᠴᠠᠭᠠᠨ ᠳᠤ ᠰᠠᠭᠤᠷᠢᠯᠠᠨ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠴᠢᠩᠭᠠᠳᠬᠠᠵᠤ  ᠂ ᠪᠣᠬᠢᠷᠲᠤᠯ ᠦᠭᠡᠢ ᠡᠨᠧᠷᠭᠢ ᠠᠷᠪᠢᠯᠠᠬᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠲᠤᠰ ᠰᠦᠯᠵᠢᠶ᠎ᠡ