ᠬᠢᠶ᠎ᠠ ᠪᠠᠭᠰᠢ ᠲᠣᠭᠤᠷᠢᠭ ᠨᠠᠮ ᠤᠨ ᠭᠡᠰᠢᠭᠦᠨ ᠺᠠᠳ᠋ᠷ ᠤᠨ ᠨᠠᠮ ᠤᠨ ᠲᠡᠤᠬᠡ ᠨᠠᠮᠴᠢ ᠴᠢᠨᠠᠷ ᠤᠨ ᠬᠥᠮᠦᠵᠢᠯ   ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/3
        ᠣᠶᠢᠷ᠎ᠠ ᠶᠢᠨ ᠡᠳᠦᠷ᠂ ᠬᠢᠶ᠎ᠠ ᠪᠠᠭᠰᠢ ᠲᠣᠭᠤᠷᠢᠭ ᠨᠠᠮ ᠤᠨ ᠭᠡᠰᠢᠭᠦᠨ ᠺᠠᠳ᠋ᠷ ᠤᠨ ᠨᠠᠮ ᠤᠨ ᠲᠡᠤᠬᠡ ᠨᠠᠮᠴᠢ ᠴᠢᠨᠠᠷ ᠤᠨ ᠬᠥᠮᠦᠵᠢᠯ   ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃         ᠬᠤᠷᠠᠯ ᠠᠴᠠ ᠨᠠᠮ ᠤᠨ ᠭᠡᠰᠢᠭᠦᠨ ᠺᠠᠳ᠋ᠷ ᠤᠨ ᠨᠠᠮ ᠤᠨ ᠲᠡᠦᠬᠡ ᠨᠠᠮᠴᠢ ᠴᠢᠨᠠᠷ ᠤᠨ ᠬᠥᠮᠦᠵᠢᠯ   ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠡᠳᠬᠢᠴᠡ ᠪᠠ ᠦᠨᠳᠦᠰᠦᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃         ᠸᠠᠩ ᠰᠢᠤᠸᠠᠢ ᠹᠧᠩ᠂ ᠨᠠᠮ ᠤᠨ ᠭᠡᠰᠢᠭᠦᠨ ᠺᠠᠳ᠋ᠷ ᠤᠨ ᠨᠠᠮ ᠤᠨ ᠲᠡᠦᠬᠡ ᠨᠠᠮᠴᠢ ᠴᠢᠨᠠᠷ ᠤᠨ ᠬᠥᠮᠦᠵᠢᠯ   ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ  ᠪᠣᠯ ᠬᠤᠪᠢᠰᠬᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠭᠠᠵᠠᠷ ᠪᠣᠯᠣᠨ᠎ᠠ᠂ ᠬᠢᠶ᠎ᠠ ᠪᠠᠭᠰᠢ ᠲᠣᠭᠤᠷᠢᠭ ᠤᠨ ᠬᠤᠪᠢᠰᠬᠠᠯᠲᠤ ᠵᠢᠭᠤᠯᠴᠢᠯᠠᠯ ᠤᠨ ᠲᠥᠷᠥᠯ ᠲᠡᠮᠳᠡᠭ ᠢ ᠳᠣᠪᠤᠶᠢᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠠᠰᠢᠭᠲᠠᠶ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠪᠣᠳᠣᠯ ᠢᠶᠠᠨ ᠴᠢᠩᠭᠠᠳᠬᠠᠨ᠂ ᠥᠨᠳᠥᠷ ᠭᠠᠷᠤᠭ᠎ᠠ ᠠᠴᠠ ᠲᠥᠯᠥᠪᠵᠢᠭᠦᠯᠵᠦ᠂ ᠥᠨᠳᠥᠷ ᠪᠠᠷᠢᠮᠵᠢᠶ᠎ᠠ   ᠪᠠᠷ ᠱᠠᠭᠠᠷᠳᠠᠨ᠂ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠥᠨᠳᠥᠷ ᠦᠷ᠎ᠡ ᠪᠦᠲᠦᠮᠵᠢᠲᠡᠶ ᠠᠭᠢᠭᠤᠯᠤᠨ᠂ ᠪᠥᠬᠦ ᠬᠤᠲᠠ ᠴᠢᠨᠠᠭᠰᠢᠯᠠᠪᠠᠯ ᠪᠥᠬᠦ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠨᠥᠯᠥᠭᠡᠯᠡᠬᠦ ᠬᠦᠴᠦᠨ ᠲᠠᠢ ᠨᠠᠮ ᠤᠨ ᠲᠡᠤᠬᠡ ᠨᠠᠮᠴᠢ ᠴᠢᠨᠠᠷ ᠤᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ  ᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃         ᠸᠠᠩ ᠰᠢᠤᠸᠠᠢ ᠹᠧᠩ᠂ ᠦᠵᠡᠯ ᠰᠠᠨᠠᠭ᠎ᠠ ᠪᠠᠨ ᠨᠢᠭᠡᠳᠭᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠂ ᠰᠡᠳᠬᠢᠴᠡ ᠪᠠᠨ ᠤᠯᠠᠮ ᠴᠢᠨᠠᠭᠰᠢᠳᠠ ᠥᠷᠭᠡᠳᠭᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠬᠠᠮᠢᠶ᠎ᠠ ᠪᠥᠬᠦᠶ ᠳᠦᠬᠦᠷᠵᠢᠭᠦᠯᠦᠭᠰᠡᠨ ᠲᠥᠬᠦᠭᠡᠷᠦᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠡᠷᠢᠵᠦ᠂ ᠣᠨᠴᠠᠯᠢᠭ ᠢᠶᠠᠨ ᠲᠤᠪᠤᠶᠢᠯᠭᠠᠨ᠂  ᠵᠢᠩ ᠭᠠᠩ ᠱᠠᠨ᠂ ᠶᠠᠨ ᠠᠨ ᠵᠡᠷᠭᠡ ᠬᠤᠪᠢᠰᠬᠠᠯᠲᠤ ᠰᠣᠶᠣᠯ ᠵᠢᠭᠤᠯᠴᠢᠯᠠᠯ ᠤᠨ ᠭᠠᠵᠠᠷ ᠤᠨ ᠠᠮᠵᠢᠯᠲᠠ ᠲᠠᠢ ᠲᠤᠷᠰᠢᠯᠭ᠎ᠠ ᠬᠢᠬᠦ ᠠᠷᠭ᠎ᠠ ᠶᠢ ᠰᠤᠷᠤᠯᠴᠠᠨ ᠲᠤᠯᠢᠳᠠᠵᠤ᠂ ᠴᠢᠳᠠᠮᠵᠢ ᠨᠢ ᠪᠦᠷᠢᠨ ᠲᠡᠭᠦᠯᠳᠡᠷ᠂ ᠬᠠᠮᠢᠶᠠᠷᠤᠯᠲᠠ ᠨᠢ ᠵᠢᠷᠤᠮᠵᠢᠯ ᠲᠠᠢ᠂ ᠴᠢᠨᠠᠷ ᠴᠢᠨᠰᠠᠭ᠎ᠠ ᠨᠢ ᠲᠡᠷᠢᠭᠦᠨ ᠺᠠᠳ᠋ᠷ ᠤᠨ ᠨᠠᠮ ᠤᠨ ᠲᠡᠤᠬᠡ ᠨᠠᠮᠴᠢ ᠴᠢᠨᠠᠷ ᠤᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠬᠤ ᠬᠡᠷᠡᠭᠲᠡᠢ᠃ ᠬᠠᠮᠢᠶᠠᠷᠤᠯᠲᠠ ᠡᠵᠡᠩᠨᠡᠯᠲᠡ ᠶᠢ ᠴᠢᠬᠤᠯᠠᠴᠢᠯᠠᠵᠤ᠂ ᠡᠷᠬᠢᠨ ᠲᠣᠭᠤᠷᠢᠨ ᠤ ᠵᠢᠭᠤᠯᠴᠢᠯᠠᠯ ᠤᠨ ᠡᠬᠢ ᠪᠠᠶᠠᠯᠢᠭ ᠲᠠᠢ ᠨᠢᠭᠲᠠ ᠤᠶᠠᠯᠳᠣᠭᠤᠯᠣᠨ᠂ ᠬᠤᠪᠢᠰᠬᠠᠯ ᠤᠨ ᠬᠥᠮᠦᠵᠢᠯ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠴᠦ᠂ ᠠᠭᠤᠯᠭ᠎ᠠ ᠪᠠᠷ ᠪᠠᠶᠠᠯᠢᠭ ᠬᠢᠴᠢᠶᠡᠯ ᠤᠨ ᠰᠢᠰᠲ᠋ᠧᠮ ᠢ ᠪᠤᠢ  ᠪᠤᠯᠭᠠᠨ᠂ ᠨᠠᠮ ᠤᠨ ᠲᠡᠦᠬᠡ ᠨᠠᠮᠴᠢ ᠴᠢᠨᠠᠷ ᠤᠨ ᠬᠥᠮᠦᠵᠢᠯ ᠢ ᠦᠨᠡᠨ ᠬᠦ ᠲᠠᠷᠢᠬᠢ᠂ ᠰᠡᠳᠬᠢᠯ ᠳᠤ ᠰᠠᠭᠤᠭᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠤᠰ ᠰᠦᠯᠵᠢᠶ᠎ᠡ