ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠥ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠪᠡᠬᠡᠵᠢᠩ ᠳᠤ ᠦᠪᠡᠳᠡᠭᠰᠢ ᠶᠡᠭᠡ ᠪᠠᠷ ᠬᠤᠷᠠᠯᠳᠤᠪᠠ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶᠠᠴᠢ ᠶᠢᠨ ᠢᠷᠠᠭᠤ ᠠᠯᠳᠠᠷ ᠤᠨ ᠴᠤᠯᠠ ᠬᠦᠷᠳᠡᠭᠰᠡᠳ ᠵᠡᠷᠬᠡ ᠳᠤ ᠱᠠᠩᠨᠠᠯ ᠤᠯᠭᠤᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ
ᠨᠡᠶᠢᠲᠡᠯᠡᠭᠰᠡᠨ ᠴᠠᠭ᠄
2021/3/3
        ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠥ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠪᠡᠬᠡᠵᠢᠩ ᠳᠤ ᠦᠪᠡᠳᠡᠭᠰᠢ ᠶᠡᠭᠡ ᠪᠠᠷ ᠬᠤᠷᠠᠯᠳᠤᠪᠠ         ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶᠠᠴᠢ ᠶᠢᠨ ᠢᠷᠠᠭᠤ ᠠᠯᠳᠠᠷ ᠤᠨ ᠴᠤᠯᠠ ᠬᠦᠷᠳᠡᠭᠰᠡᠳ ᠵᠡᠷᠬᠡ ᠳᠤ ᠱᠠᠩᠨᠠᠯ ᠤᠯᠭᠤᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ         ᠯᠢ ᠺᠧ ᠴᠢᠶᠠᠩ ᠶᠡᠭᠡ ᠬᠤᠷᠠᠯ ᠢ ᠡᠷᠬᠢᠯᠡᠵᠥ ᠸᠠᠩ ᠶᠠᠩ ᠬᠦᠬᠢᠬᠦᠯᠦᠨ ᠰᠠᠶᠢᠰᠢᠶᠠᠬᠤ ᠳᠤᠬᠳᠠᠭᠠᠯ ᠢ ᠤᠩᠰᠢᠨ ᠨᠡᠶᠢᠳᠡᠯᠡᠵᠦ ᠯᠢ ᠵᠠᠨ ᠱᠤ᠋ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠤᠷᠤᠯᠴᠠᠪᠠ          ᠰᠢᠨᠬᠤᠸᠠ ᠬᠤᠷᠢᠶᠠᠨ ᠤ ᠪᠡᠬᠡᠵᠢᠩ ᠤᠨ 2 ᠰᠠᠷ᠎ᠠ ᠶᠢᠨ 25 ᠤ ᠴᠠᠬᠢᠯᠭᠠᠨ ᠮᠡᠳᠡᠭᠡ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠦ ᠬᠦᠬᠢᠬᠦᠯᠤᠨ ᠰᠠᠶᠢᠰᠢᠶᠠᠬᠤ ᠶᠡᠭᠡ ᠬᠤᠷᠠᠯ 2 ᠰᠠᠷ᠎ᠠ ᠶᠢᠨ 25 ᠤ ᠦᠳᠡ ᠶᠢᠨ ᠡᠮᠤᠨ᠎ᠡ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠡ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶᠡᠴᠢ ᠶᠢᠨ ᠢᠷᠠᠭᠤ ᠠᠯᠳᠠᠷ ᠤᠨ ᠴᠤᠯᠠ ᠬᠦᠷᠳᠡᠭᠰᠡᠳ ᠵᠡᠷᠬᠡ ᠳᠤ ᠱᠠᠩᠨᠠᠯ ᠤᠯᠭᠤᠬᠰᠠᠨ ᠪᠦᠭᠡᠳ ᠴᠢᠬᠤᠯᠠ ᠶᠠᠷᠢᠶ᠎ᠠ ᠳᠠᠯᠪᠢᠪᠠ᠃ ᠰᠢ ᠶᠢᠨ ᠫᠢᠩ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠤ ᠬᠠᠮᠳᠤ ᠶᠢᠨ ᠴᠢᠷᠮᠠᠶᠢᠯᠭ᠎ᠠ ᠪᠠᠷ ᠳᠠᠮᠵᠢᠨ᠂ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ ᠵᠠᠭᠤᠨ ᠵᠢᠯ ᠤᠨ ᠤᠢ ᠶᠢ ᠤᠬᠳᠤᠬᠤ ᠴᠢᠬᠤᠯᠠ ᠴᠠᠬ ᠮᠦᠴᠡ ᠳᠤ᠂ ᠮᠠᠨ ᠤ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠪᠦᠬᠦ ᠳᠠᠯ᠎ᠠ ᠶᠢᠨ ᠢᠯᠠᠯᠳᠠ ᠤᠯᠵᠥ᠂ ᠤᠳᠤ ᠶᠢᠨ ᠬᠡᠷᠡᠭᠵᠢᠬᠦᠯᠵᠥ ᠪᠠᠶᠢᠭ᠎ᠠ ᠪᠠᠷᠢᠮᠵᠢᠶ᠎ᠠ ᠪᠠᠷ ᠬᠦᠳᠡᠭᠡ ᠳᠤᠰᠬᠤᠨ ᠤ 9899 ᠳᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠵᠥ᠂ 832 ᠶᠠᠳᠠᠭᠤ ᠬᠦᠴᠢᠷᠳᠡᠯᠳᠡᠢ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠨ᠂ 12.8 ᠳᠦᠮᠡᠨ ᠶᠠᠳᠠᠭᠤ ᠬᠦᠴᠢᠷᠳᠡᠯᠳᠡᠢ ᠳᠤᠰᠬᠤᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠵᠥ᠂ ᠤᠷᠤᠨ ᠪᠦᠰᠡ ᠶᠢᠨ ᠴᠢᠨᠠᠷᠳᠠᠢ ᠪᠦᠬᠦᠯᠢ ᠴᠤᠬᠴᠠ ᠶᠢᠨ ᠶᠠᠳᠠᠭᠤ ᠬᠦᠴᠢᠷᠳᠡᠯ ᠰᠢᠢᠳᠪᠦᠷᠢᠯᠡᠭᠳᠡᠵᠥ᠂ ᠳᠦᠢᠯ ᠤᠨ ᠶᠠᠳᠠᠭᠤ ᠬᠦᠴᠢᠷᠳᠡᠯ ᠢ ᠠᠷᠢᠯᠭᠠᠬᠤ ᠬᠠᠳᠠᠭᠤ ᠪᠡᠷᠬᠡ ᠡᠬᠦᠷᠬᠡ ᠶᠢ ᠪᠡᠶᠡᠯᠡᠬᠦᠯᠵᠥ᠂ ᠳᠡᠥᠬᠡ ᠰᠤᠳᠤᠷ ᠢ ᠬᠡᠶᠢᠬᠦᠯᠬᠦ ᠬᠦᠮᠦᠨ ᠤ ᠶᠢᠷᠳᠢᠨᠴᠤ ᠶᠢᠨ ᠪᠠᠰᠠ ᠨᠢᠬᠡᠨ ᠭᠠᠶᠢᠬᠠᠮᠰᠢᠬ ᠢ ᠡᠬᠦᠳᠴᠡᠢ︕ ᠡᠨᠡ ᠪᠤᠯ ᠳᠤᠮᠳᠠᠳᠤ ᠤᠯᠤᠰ ᠤᠨ ᠠᠷᠠᠳ ᠳᠦᠮᠡᠨ ᠤ ᠠᠭᠤᠤ ᠶᠡᠭᠡ ᠢᠷᠠᠭᠤ ᠠᠯᠳᠠᠷ ᠮᠦᠨ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠭᠤᠤ ᠶᠡᠭᠡ ᠢᠷᠠᠭᠤ ᠠᠯᠳᠠᠷ ᠮᠦᠨ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠢᠷᠠᠭᠤ ᠠᠯᠳᠠᠷ ᠮᠦᠨ ᠬᠡᠵᠥ ᠴᠢᠬᠤᠯᠠᠴᠢᠯᠠᠪᠠ  ᠃
            ᠰᠢ ᠶᠢᠨ ᠫᠢᠩ᠂ ᠠᠭᠤᠤ ᠶᠡᠭᠡ ᠦᠢᠯᠡᠰ ᠠᠭᠤᠤ ᠶᠡᠭᠡ ᠵᠤᠷᠢᠬ ᠰᠠᠨᠠᠭ᠎ᠠ ᠶᠢ ᠪᠤᠢ ᠪᠤᠯᠭᠠᠵᠤ᠂ ᠠᠭᠤᠤ ᠶᠡᠭᠡ ᠵᠤᠷᠢᠬ ᠰᠠᠨᠠᠭ᠎ᠠ ᠠᠭᠤᠤ ᠶᠡᠭᠡ ᠦᠢᠯᠡᠰ ᠢ ᠬᠦᠳᠦᠯᠦᠨ ᠳᠠᠭᠠᠭᠤᠯᠳᠠᠭ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠭᠤᠤ ᠶᠡᠭᠡ ᠳᠡᠮᠡᠴᠡᠯ ᠨᠢ ︽ᠳᠡᠭᠡᠳᠦ ᠳᠤᠤᠷᠠᠳᠤ ᠱᠠᠳᠤ ᠰᠡᠳᠬᠢᠯ ᠨᠢᠬᠡᠳᠡᠢ ᠪᠠᠶᠢᠬᠤ᠂ ᠰᠢᠯᠢᠳᠡᠭ ᠬᠦᠴᠦᠨ ᠢᠶᠠᠨ ᠳᠤᠬᠢᠷᠠᠭᠤᠯᠤᠨ ᠭᠠᠪᠰᠢᠭᠠᠢᠢᠯᠠᠨ ᠪᠠᠶᠢᠯᠳᠤᠬᠤ᠂ ᠤᠨᠢᠨ ᠳᠡᠭᠡᠷ᠎ᠠ ᠨᠢ ᠬᠦᠴᠦᠯᠡᠵᠦ ᠪᠤᠳᠠᠳᠠᠢ ᠶᠢ ᠡᠷᠬᠢᠮᠯᠡᠬᠦ᠂ ᠵᠠᠮ ᠨᠡᠬᠡᠬᠡᠨ ᠰᠢᠨ᠎ᠡ ᠶᠢ ᠡᠬᠦᠳᠬᠦ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ᠂ ᠠᠷᠠᠳ ᠳᠦᠮᠡᠨ ᠳᠤ ᠤᠰᠤᠯᠳᠠᠬᠤ ᠦᠭᠡᠢ ᠪᠠᠶᠢᠬᠤ︾ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠤᠷᠢᠬ ᠰᠠᠨᠠᠭ᠎ᠠ ᠶᠢ ᠳᠠᠪᠳᠠᠨ ᠪᠤᠢ ᠪᠤᠯᠭᠠᠪᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠤᠷᠢᠬ ᠰᠠᠨᠠᠭ᠎ᠠ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠰᠢᠨᠵᠢ ᠴᠢᠨᠠᠷ ᠵᠤᠷᠢᠯᠳᠠ᠂ ᠳᠤᠮᠳᠠᠳᠤ ᠤᠯᠤᠰ ᠤᠨ ᠠᠷᠠᠳ ᠳᠦᠮᠡᠨ ᠤ ᠵᠤᠷᠢᠭ ᠰᠠᠨᠠᠭ᠎ᠠ ᠵᠠᠩ ᠴᠢᠨᠠᠷ᠂ ᠳᠤᠮᠳᠠᠳᠤ ᠶᠢᠨ ᠦᠨᠳᠦᠰᠦᠳᠡᠨ ᠤ ᠵᠤᠷᠢᠬ ᠰᠠᠨᠠᠭᠠᠨ ᠤ ᠠᠮᠢᠳᠤ ᠵᠢᠷᠤᠬᠯᠠᠯ ᠮᠦᠨ᠂ ᠤᠯᠤᠰ ᠢᠶᠠᠨ ᠬᠠᠶᠢᠷᠠᠯᠠᠬᠤ ᠦᠵᠡᠯ᠂ ᠬᠠᠮᠳᠤᠴᠢ ᠦᠵᠡᠯ᠂ ᠨᠡᠶᠢᠬᠡᠮ ᠵᠢᠷᠤᠮ ᠤᠨ ᠦᠵᠡᠯ ᠰᠠᠨᠠᠭᠠᠨ ᠤ ᠳᠦᠪᠯᠡᠷᠡᠩᠬᠦᠢ ᠢᠯᠡᠷᠡᠯ ᠮᠦᠨ᠂ ᠳᠤᠮᠳᠠᠳᠤ ᠤᠯᠤᠰ ᠤᠨ ᠵᠤᠷᠢᠬ ᠰᠠᠨᠠᠭ᠎ᠠ᠂ ᠳᠤᠮᠳᠠᠳᠤ ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ ᠤ ᠬᠦᠢᠴᠡᠳ ᠢᠯᠡᠷᠡᠬᠦᠯᠦᠯ ᠮᠦᠨ᠂ ᠠᠭᠤᠤ ᠶᠡᠭᠡ ᠦᠨᠳᠦᠰᠦᠳᠡᠨ ᠤ ᠵᠤᠷᠢᠬ ᠰᠠᠨᠠᠭ᠎ᠠ ᠪᠤᠯᠤᠨ ᠴᠠᠬ ᠦᠶ᠎ᠡ ᠶᠢᠨ ᠵᠤᠷᠢᠬ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠠᠢ᠃ ᠪᠦᠬᠦ ᠨᠠᠮ ᠪᠦᠬᠦ ᠤᠯᠤᠰ ᠨᠡᠶᠢᠬᠡᠮ ᠳᠠᠶᠠᠭᠠᠷ ᠢᠶᠠᠨ ᠪᠦᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠤᠷᠢᠬ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠨᠢᠬᠡ ᠰᠡᠳᠬᠢᠯ ᠢᠶᠠᠷ ᠪᠦᠯᠬᠦᠮᠳᠡᠵᠥ᠂ ᠡᠷᠡᠯᠬᠡᠭᠯᠡᠨ ᠳᠡᠮᠡᠴᠡᠵᠥ᠂ ᠤᠷᠤᠬᠰᠢᠯᠠᠯᠳᠠ ᠶᠢᠨ ᠵᠠᠮ ᠳᠡᠬᠡᠷᠡᠬᠢ ᠠᠯᠢᠪᠠ ᠬᠦᠴᠢᠷ ᠪᠡᠷᠬᠡᠰᠢᠶᠠᠯ ᠠᠶᠤᠯ ᠳᠦᠭᠰᠢᠬᠦᠷᠢ ᠶᠢ ᠡᠷᠡᠰ ᠢᠯᠠᠨ ᠳᠠᠪᠠᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠨᠡᠩ ᠶᠡᠭᠡ ᠰᠢᠨ᠎ᠡ ᠢᠯᠠᠯᠳᠠ ᠶᠢ ᠳᠠᠰᠤᠷᠠᠯᠳᠠ ᠦᠬᠡᠢ ᠳᠡᠮᠡᠴᠡᠨ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃
          ᠯᠢ ᠺᠧ ᠴᠢᠶᠠᠩ ᠶᠡᠭᠡ ᠬᠤᠷᠠᠯ ᠢ ᠡᠷᠬᠢᠯᠡᠵᠥ᠂ ᠸᠠᠩ ᠶᠠᠩ ᠬᠦᠬᠢᠬᠦᠯᠦᠨ ᠰᠠᠶᠢᠰᠢᠶᠠᠬᠤ ᠳᠤᠬᠳᠠᠭᠠᠯ ᠢ ᠤᠩᠰᠢᠨ ᠨᠡᠶᠢᠳᠡᠯᠡᠵᠦ᠂ ᠯᠢ ᠵᠠᠨ ᠱᠤ᠋᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠤᠷᠤᠯᠴᠠᠵᠠᠢ᠃          ᠠᠷᠠᠳ ᠤᠨ ᠶᠡᠭᠡ ᠬᠤᠷᠠᠯ ᠤᠨ ᠳᠠᠩᠬᠢᠮ ᠤᠨ ᠶᠡᠭᠡ ᠶᠤᠰᠤᠯᠠᠯ ᠤᠨ ᠳᠠᠩᠬᠢᠮ ᠳᠤ᠂ ᠦᠪᠡᠳᠡᠭᠰᠢ ᠶᠡᠭᠡ ᠬᠦᠷ ᠬᠦᠭᠵᠢᠶᠡᠨ ᠲᠠᠢ ᠠᠭᠤᠷ ᠠᠮᠢᠰᠬᠤᠯ ᠢᠶᠠᠷ ᠪᠢᠯᠬᠠᠨ᠎ᠠ᠃ ᠳᠡᠷᠢᠬᠦᠯᠡᠭᠴᠢ ᠶᠢᠨ ᠲᠠᠶᠢᠰᠠᠨ ᠤ ᠳᠡᠬᠡᠷ᠎ᠡ ᠳᠠᠯ᠎ᠠ ᠳᠤ ︽ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳ᠋ᠦᠩᠨᠡᠵᠥ ᠬᠦᠬᠢᠬᠦᠯᠦᠨ ᠰᠠᠶᠢᠰᠢᠶᠠᠬᠤ ᠶᠡᠭᠡ ᠬᠤᠷᠠᠯ︾ ᠬᠡᠬᠦ ᠬᠤᠷᠠᠯ ᠤᠨ ᠲᠡᠮᠳᠡᠭ ᠡᠯᠬᠦᠵᠥ᠂ ᠠᠷᠤ ᠬᠦᠰᠢᠬᠡ ᠶᠢᠨ ᠭᠤᠤᠯ ᠳᠤᠮᠳᠠ ᠨᠢ ᠬᠡᠷᠡᠯ ᠬᠢᠯᠪᠠᠭ᠎ᠠ ᠰᠠᠴᠤᠷᠠᠬᠰᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠪᠠᠶᠢᠵᠥ᠂ 10 ᠤᠯᠠᠭᠠᠨ ᠳᠤᠭ ᠢ ᠬᠤᠶᠠᠷ ᠭᠠᠷᠯᠠᠨ ᠵᠢᠬᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠳᠠᠶᠢᠰᠠᠨ ᠳᠤ᠄ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠢᠬᠳᠠᠷᠠᠨ ᠪᠦᠯᠬᠦᠮᠳᠡᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠢ ᠪᠠᠬᠢᠵᠢᠬᠦᠯᠦᠨ ᠦᠷᠬᠡᠳᠬᠡᠵᠥ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠳᠡᠷᠬᠡᠯᠰᠢᠬᠦᠯᠬᠦ ᠶᠢᠨ ᠳᠦᠯᠦᠬᠡ ᠪᠦᠯᠬᠦᠮᠳᠡᠨ ᠳᠡᠮᠡᠴᠡᠵᠡᠬᠡᠶ᠎ᠡ︕︾ ᠬᠡᠬᠦ ᠤᠷᠢᠶ᠎ᠠ ᠯᠤᠽᠦ᠋ᠩ ᠡᠯᠭᠦᠵᠠᠢ᠃            10 ᠴᠠᠬ 30 ᠮᠢᠨᠦ᠋ᠲ ᠲᠤ᠂ ᠶᠡᠭᠡ ᠬᠤᠷᠠᠯ ᠡᠬᠢᠯᠡᠪᠡ᠃ ᠴᠢᠯᠦᠬᠡᠯᠡᠬᠦ ᠴᠡᠷᠢᠭ ᠤᠨ ᠴᠡᠷᠢᠭ ᠤᠨ ᠬᠦᠭᠵᠢᠮ ᠤᠨ ᠠᠩᠬᠢ ︽ᠵᠢᠷᠤᠮ ᠤᠨ ᠴᠡᠷᠢᠭ ᠤᠨ ᠤᠷᠤᠬᠰᠢᠯᠠᠯᠳᠠ ᠶᠢᠨ ᠳᠠᠭᠤᠤ︾ ᠶᠢ ᠬᠦᠭᠵᠢᠮᠳᠡᠵᠥ᠂ ᠳᠠᠯᠠᠪᠠᠢ ᠳᠠᠶᠠᠭᠠᠷ ᠪᠤᠰᠴᠤ ᠵᠤᠬᠰᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃
            ᠸᠠᠩ ᠶᠠᠩ ︽ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶᠠᠴᠢ ᠶᠢᠨ ᠢᠷᠠᠭᠤ ᠠᠯᠳᠠᠷ ᠤᠨ ᠴᠤᠯᠠ ᠤᠯᠭᠤᠬᠤ ᠳᠤᠬᠠᠢ ᠨᠠᠮ ᠤᠨ ᠳᠦᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠳᠤᠬᠳᠠᠭᠠᠯ︾ ᠢ ᠤᠩᠰᠢᠨ ᠨᠡᠶᠢᠳᠡᠯᠡᠪᠡ᠃ ᠳᠤᠬᠳᠠᠭᠠᠯ ᠳᠤ᠂ ᠳᠡᠷᠢᠬᠦᠨ ᠤ ᠬᠢ ᠶᠢ ᠦᠪᠡᠳᠡᠭᠰᠢ ᠶᠡᠭᠡ ᠪᠠᠷ ᠬᠦᠬᠢᠬᠦᠯᠦᠨ ᠰᠠᠶᠢᠰᠢᠶᠠᠵᠥ ᠵᠤᠷᠢᠡᠡᠵᠢᠭᠤᠯᠤᠨ᠂ ᠦᠨᠳᠦᠰᠦᠳᠡᠨ ᠤ ᠵᠤᠷᠢᠬ ᠰᠠᠨᠠᠭ᠎ᠠ᠂ ᠴᠠᠬ ᠦᠶ᠎ᠡ ᠶᠢᠨ ᠵᠤᠷᠢᠬ ᠰᠠᠨᠠᠭ᠎ᠠ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠤᠷᠢᠬ ᠰᠠᠨᠠᠭ᠎ᠠ ᠶᠢ ᠶᠡᠭᠡ ᠪᠠᠷ ᠪᠠᠳᠠᠷᠠᠭᠤᠯᠵᠥ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠵᠢᠯ ᠬᠢᠵᠤ ᠦᠢᠯᠡᠰ ᠪᠤᠰᠬᠠᠬᠤ ᠬᠠᠷᠢᠭᠤᠴᠠᠯᠭᠠᠳᠤ ᠰᠡᠳᠭᠢᠯᠭᠡ᠂ ᠡᠭᠦᠷᠭᠡᠳᠤ ᠪᠤᠳᠤᠯ᠂ ᠢᠷᠠᠭᠤ ᠠᠯᠳᠠᠷᠳᠤ ᠰᠡᠳᠭᠢᠯᠭᠡ ᠶᠢ ᠭᠦᠢᠴᠡᠳ ᠬᠦᠭᠵᠢᠭᠡᠵᠤ᠂ ᠨᠡᠩ ᠬᠦᠴᠦᠷᠬᠡᠭ ᠶᠡᠭᠡ ᠬᠦᠴᠦᠨ ᠢ ᠨᠢᠭᠳᠠᠷᠠᠭᠤᠯᠤᠨ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠶᠢᠨ ᠲᠦᠯᠦᠭᠡ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠤᠤ ᠰᠢᠶᠠᠩ ᠯᠢᠨ ᠵᠡᠷᠭᠡ 10 ᠨᠦᠬᠦᠷ᠂ ᠾᠧᠪᠸᠢ ᠮᠤᠵᠢ ᠶᠢᠨ ᠰᠠᠶᠢᠬᠠᠨᠳᠠᠪᠠᠭ᠎ᠠ ᠮᠠᠰᠢᠨᠴᠢᠯᠠᠭᠰᠠᠨ ᠤᠢ ᠰᠢᠭᠤᠢ ᠶᠢᠨ ᠲᠠᠯᠠᠪᠠᠢ ᠵᠡᠷᠭᠡ 10 ᠬᠠᠮᠳᠤ ᠨᠢᠭᠡᠴᠢ ᠳᠤ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶᠡᠴᠢ︾ ᠶᠢᠨ ᠢᠷᠠᠭᠤ ᠠᠯᠳᠠᠷ ᠤᠨ ᠴᠤᠯᠠ ᠤᠯᠭᠤᠬᠤ ᠪᠠᠷ ᠲᠤᠭᠳᠠᠵᠠᠢ ᠭᠡᠵᠤ ᠵᠢᠭᠠᠵᠤ ᠭᠠᠷᠭᠠᠪᠠ᠃ ︽ᠡᠬᠡ ᠤᠯᠤᠰ ᠤᠨ ᠪᠠᠭᠠᠳᠤᠷᠴᠤᠳ ᠲᠠᠭᠠᠨ ᠬᠦᠨᠳᠦᠳᠭᠡᠯ ᠳᠡᠪᠰᠢᠭᠦᠯᠦᠶ᠎ᠠ︾ ᠭᠡᠬᠦ ᠰᠦᠷ ᠵᠢᠪᠬᠤᠯᠠᠩᠳᠤ ᠬᠦᠭᠵᠢᠮ ᠤᠨ ᠠᠶᠠᠰ ᠳᠤᠮᠳᠠ᠂ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶᠡᠴᠢ ᠶᠢᠨ ᠢᠷᠠᠭᠤ ᠠᠯᠳᠠᠷ ᠤᠨ ᠴᠤᠯᠠ ᠬᠦᠷᠲᠡᠭᠰᠡᠳ ᠲᠤ ᠨᠢᠭᠡᠳ ᠨᠢᠭᠡ ᠪᠠᠷ ᠬᠦᠬᠢᠭᠦᠯᠦᠯ ᠤᠨ ᠲᠡᠮᠳᠡᠭ᠂ ᠦᠨᠡᠮᠯᠡᠯ᠂ ᠱᠠᠩᠨᠠᠯ ᠤᠨ ᠮᠧᠳᠠᠯ ᠭᠠᠷᠳᠠᠭᠤᠯᠤᠭᠰᠠᠨ ᠪᠦᠭᠡᠳ ᠲᠡᠳᠡᠨ ᠳᠤ ᠪᠠᠶᠠᠷ ᠬᠦᠷᠭᠡᠵᠤ ᠪᠠᠶᠢᠬᠤ ᠪᠠᠨ ᠢᠯᠡᠳᠭᠡᠪᠡ ᠃ ᠲᠠᠯᠠᠪᠠᠢ ᠳᠠᠶᠠᠭᠠᠷ ᠠᠯᠠᠭ᠎ᠠ ᠲᠠᠰᠢᠯᠳᠠ ᠶᠢᠨ ᠳᠠᠭᠤᠨ ᠤᠳᠠᠭ᠎ᠠ ᠳᠠᠷᠠᠭᠠᠯᠠᠨ ᠨᠢᠵᠢᠭᠢᠨᠡᠵᠤ ᠪᠠᠶᠢᠯ᠎ᠠ᠃
<< < 1 2 > >>
ᠢᠷᠡᠯᠲᠡ᠄ ᠥᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠣᠨ