ᠣᠠᠴᠠ ᠲᠣᠮᠢᠯᠠᠭᠳᠠᠭᠰᠠᠳ ᠤᠨ ᠡᠷᠳᠡᠮ ᠴᠢᠳᠠᠪᠣᠷᠢ ᠪᠠᠨ ᠭᠠᠶᠢᠬᠠᠭᠤᠯᠣᠭᠰᠠᠠ ᠭᠠᠶᠢᠬᠠᠮᠰᠢᠬ
ᠨᠡᠶᠢᠲᠡᠯᠡᠭᠰᠡᠨ ᠴᠠᠭ᠄
2021/3/3
         — ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠲᠣᠬᠠᠢ ᠬᠥᠥᠷᠨᠢᠯ          ᠰᠢᠡᠵᠢᠯᠡᠬᠦ ᠣᠬᠠᠭᠠᠠ ᠮᠡᠷᠭᠡᠵᠢᠯ ᠤᠨ ᠣᠠᠴᠠ ᠲᠣᠮᠢᠯᠠᠭᠳᠠᠭᠰᠠᠳ ᠪᠣᠯ ᠮᠠᠯᠵᠢᠬᠤ ᠲᠠᠷᠢᠶᠠᠯᠠᠬᠤ ᠣᠷᠣᠠ ᠢ ᠰᠢᠡᠵᠢᠯᠡᠬᠦ ᠣᠬᠠᠭᠠᠠ ᠮᠡᠷᠭᠡᠵᠢᠯ ᠢᠶᠠᠷ ᠬᠥᠭᠵᠢᠭᠦᠯᠬᠦ ᠥᠢᠯᠡᠰ ᠤᠨ ︽ᠨᠣᠴᠣᠭᠠᠭᠴᠢ︾ ᠪᠥᠭᠡᠳ ︽ᠲᠥᠷᠡᠯᠵᠡᠭᠦᠯᠥᠭᠴᠢ ᠮᠥᠨ︾᠃ ᠮᠠᠨ ᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯ ᠳᠤᠮᠳᠠ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠴᠠᠲᠠᠢ ᠵᠣᠯᠭᠠᠭᠤᠯᠵᠤ᠂ ᠮᠠᠯᠴᠢᠨ ᠲᠠᠷᠢᠶᠠᠴᠢᠳ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠷᠲᠡᠮᠵᠢ ᠶᠢᠨ ᠲᠦᠷᠦᠭᠳᠡᠯ︾ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠥᠳᠡᠭᠡ ᠲᠣᠰᠬᠤᠠ ᠢ ᠬᠥᠭᠵᠢᠭᠦᠯᠬᠦ ᠳᠤ ᠴᠢᠬᠤᠯᠠ ᠦᠢᠯᠡᠳᠦᠯ ᠥ ‍ᠵᠡᠭᠦᠯᠵᠥ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠠᠮᠢᠳᠤᠯᠢᠭ ᠬᠡᠪ ᠵᠠᠭᠪᠤᠷ ᠢ ᠡᠭᠦᠳᠥᠭᠰᠡᠡ ᠪᠠᠶᠢᠨ᠎ᠠ᠃          ᠤᠳᠤ ᠦᠶ᠎ᠡ ᠶᠢᠨ ᠦᠢᠯᠡᠳᠪᠦᠷᠢᠯᠡᠯ ᠤᠨ ᠭᠤᠣᠯ ᠬᠥᠴᠥᠨ ᠢ ᠬᠥᠳᠡᠭᠡ ᠲᠣᠰᠬᠤᠨ ᠳᠤ ᠲᠥᠪᠯᠡᠷᠡᠭᠦᠯᠥᠭᠰᠡᠡ          ᠬᠤᠲᠠ ᠶᠢᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠮᠠᠯᠵᠢᠬᠤ ᠲᠠᠷᠢᠶᠠᠯᠠᠬᠤ ᠣᠷᠣᠠ ᠤ ᠠᠵᠤ ᠦᠢᠯᠡᠰ ᠢ ᠬᠥᠭᠵᠢᠭᠦᠯᠬᠦ ᠳᠤ ᠪᠠᠴᠢᠮ ᠱᠠᠭᠠᠷᠳᠠᠭᠳᠠᠵᠤ ᠪᠥᠬᠦᠢ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠲᠣᠭᠤᠷᠢᠨ ᠳᠤ ᠮᠠᠨ ᠤ ᠬᠤᠲᠠ ᠶᠢᠨ ᠮᠠᠯ ᠲᠠᠷᠢᠶᠠᠯᠠᠩ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠢᠵᠠᠭᠠᠷᠯᠠᠵᠤ ᠪᠠᠶᠢᠭ᠎ᠠ ᠪᠦᠬᠦ ᠲᠡᠯ᠎ᠠ ᠶᠢᠨ ᠴᠢᠨᠡᠷᠳᠠᠢ ᠪᠣᠭᠤᠮᠢ ᠶᠢᠨ ᠠᠰᠠᠭᠤᠳᠠᠯ ᠳᠤ ᠴᠢᠭᠯᠡᠭᠦᠯᠦᠨ᠂ ᠲᠠᠷᠢᠮᠠᠯ ᠤᠨ ᠥᠷ᠎ᠡ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠡᠪᠡᠦᠡᠴᠢᠠ ᠬᠤᠷᠦᠬᠠᠢᠢᠳᠣᠯ ᠤᠨ ᠬᠦᠨᠤᠭᠡᠯ ᠢ ᠰᠡᠷᠭᠡᠶᠢᠯᠡᠨ ᠡᠵᠡᠮᠳᠡᠬᠦ᠂ ᠰᠢᠨ᠎ᠡ ᠡᠭᠦᠯᠳᠡᠷ ᠰᠢᠨ᠎ᠡ ᠮᠡᠷᠭᠡᠵᠢᠯ ᠢ ᠣᠷᠣᠭᠤᠯᠤᠨ ᠳᠡᠯᠭᠡᠷᠡᠭᠦᠯᠬᠦ ᠵᠡᠷᠭᠡ ᠬᠦᠷᠢᠶᠡᠨ ᠳᠤ ᠬᠤᠯᠪᠣᠭᠳᠠᠭᠤᠯᠣᠭᠰᠠᠠ ︽ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠢᠳᠣᠨᠣᠠ 10 ᠬᠤᠭᠤᠴᠠᠭᠠᠨ ᠤ ︽ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ︾ ᠠᠵᠢᠯᠯᠠᠭ᠎ᠠ ᠥᠷᠨᠢᠭᠦᠯᠵᠦ᠂ ᠬᠤᠭᠤᠴᠠᠭ᠎ᠠ ᠪᠦᠷᠢ ᠶᠢᠨ ᠪᠣᠯᠪᠠᠰᠤᠷᠠᠯ ᠳᠤ 50 ᠬᠥᠮᠦᠨ ᠠᠴᠠ ᠲᠡᠭᠡᠭᠰᠢ ᠣᠷᠣᠯᠴᠠᠭᠤᠯᠵᠣ᠂ ᠨᠡᠶᠢᠲᠡ 500 ᠭᠠᠷᠤᠶ ᠮᠠᠯᠴᠢᠨ ᠲᠠᠷᠢᠶᠠᠴᠢᠨ ᠳᠤ ᠪᠣᠯᠪᠠᠰᠣᠷᠠᠯ ᠬᠥᠷᠳᠡᠭᠡᠪᠡ᠃ ᠪᠣᠯᠪᠠᠰᠤᠷᠠᠯ ᠢᠶᠠᠷ ᠳᠡᠮᠵᠢᠭᠤᠯᠣᠠ ᠨᠢᠭᠡ ᠪᠦᠯᠦᠭ ᠦᠵᠡᠯ ᠤᠬᠠᠮᠰᠠᠷ ᠢᠶᠠᠷ ᠥᠨᠳᠥᠷ᠂ ᠮᠠᠯ ᠲᠠᠷᠢᠶᠠᠯᠠᠩ ᠤᠨ ᠮᠡᠷᠭᠡᠵᠢᠯ ᠳᠤ ᠴᠠᠭᠠᠷᠠᠭᠰᠠᠨ᠂ ᠡᠵᠡᠩᠨᠡᠯᠲᠡ ᠪᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠳᠠᠭᠠᠨ ᠴᠢᠳᠠᠮᠠᠭᠠᠶ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠳ ᠢ ᠬᠥᠮᠦᠵᠢᠭᠦᠯᠦᠨ ᠪᠤᠶᠢᠵᠢᠭᠤᠯᠪᠠ᠃          ︽12396 ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡᠨ ᠤ ᠲᠠᠪᠴᠠᠩ︾ ᠤᠨ ᠲᠥᠭᠦᠮ ᠫᠷᠥᠭᠷᠡᠮ ᠢ ᠲᠡᠯᠭᠡᠷᠡᠭᠦᠯᠵᠡᠢ᠃ ᠣᠳᠣᠬᠠᠨ ᠳᠤ ︽12396 ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡᠨ ᠤ ᠲᠠᠪᠴᠠᠩ︾ ᠤᠨ ᠵᠢᠵᠢᠭ ᠫᠷᠤᠭ᠍ᠷᠠᠮ ᠤᠨ ᠭᠡᠰᠢᠭᠦᠨ 5474 ᠬᠥᠮᠥᠨ ᠳᠤ ᠬᠥᠷᠴᠥ᠂ 2020 ᠣᠨ ᠳᠤ ᠲᠤᠰᠬᠠᠶ ᠮᠡᠷᠭᠡᠵᠢᠯᠲᠡᠨ ᠤ ᠰᠦᠯᠵᠢᠶᠡᠨ ᠳᠡᠭᠡᠷ᠎ᠡ 29 ᠵᠦᠶ᠋ᠯ ᠤᠨ ᠮᠠᠳᠠᠭ ᠲᠠᠢ ᠠᠰᠠᠭᠤᠳᠠᠯ ᠳᠤ ᠬᠠᠷᠢᠭᠤᠯᠳᠠ ᠥᠭᠴᠥ᠂ 38 ᠵᠦᠶ᠋ᠯ ᠤᠨ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠪᠣᠯᠣᠠ 847 ᠵᠦᠶ᠋ᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠶ᠋ᠯᠡᠴᠢᠯᠡᠭᠡᠨ ᠤ ᠬᠥᠳᠡᠯᠦᠩᠭᠦᠶ ᠮᠡᠳᠡᠭᠡ ᠵᠠᠩᠭᠢ ᠬᠠᠨᠭ᠍ᠭᠠᠪᠠ᠃          ᠸᠢᠳᠢᠣ᠋ ᠪᠠᠷ ᠬᠢᠴᠢᠶᠡᠯᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠡ ᠨᠡᠮᠡᠷᠢᠯᠡᠵᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ ᠮᠠᠨ ᠤ ᠬᠤᠲᠠ ᠶᠢᠨ ᠮᠠᠯᠴᠢᠨ ᠲᠠᠷᠢᠶᠠᠴᠢᠳ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠲᠠᠷᠢᠮᠠᠯ ᠤᠨ ᠦᠶ᠋ᠯᠡᠰ ᠤᠨ ᠪᠢᠴᠢᠯ ᠬᠢᠴᠢᠶᠡᠯ ᠤᠨ ᠲᠠᠩᠬᠢᠮ ᠤᠨ ᠸᠢᠳᠢᠣ᠋ ᠶᠢ ᠰᠡᠭᠦᠳᠡᠷᠯᠡᠡ ᠥᠢᠯᠡᠳᠴᠡᠢ᠃ ᠣᠳᠣᠬᠠᠨ ᠳᠤ ᠲᠠᠷᠢᠵᠦ ᠲᠡᠵᠢᠭᠡᠡ ᠠᠷᠠᠴᠢᠯᠠᠬᠤ ᠮᠡᠷᠭᠡᠵᠢᠯ ᠤᠨ ᠪᠢᠴᠢᠯ ᠸᠢᠳᠢᠣ᠋ ᠶᠢᠨ ᠬᠢᠴᠢᠶᠡᠯ ᠢ 120 ᠰᠡᠭᠦᠳᠡᠷᠯᠡᠨ ᠦᠢᠯᠡᠳᠴᠦ᠂ 90 ᠶᠢ ᠨᠢ ᠨᠢᠭᠡᠨᠳᠡ ᠨᠡᠶᠢᠲᠡᠯᠡᠭᠰᠡᠨ ᠪᠠᠶᠢᠨ᠎ᠠ᠃ ᠮᠠᠯ ᠲᠠᠷᠢᠶᠠᠯᠠᠩ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠪᠢᠴᠢᠯ ᠬᠢᠴᠢᠶᠡᠯ ᠢ ᠰᠡᠭᠦᠳᠡᠷᠯᠡᠨ ᠦᠶ᠋ᠯᠡᠳᠬᠦ ᠳᠤ ᠠᠮᠢᠳᠤᠯᠢᠭ ᠳᠦᠷᠰᠦᠯᠢᠭ᠂ ᠳᠥᠭᠦᠮ ᠣᠶᠢᠯᠠᠭᠠᠮᠵᠢᠲᠠᠶ ᠪᠠᠶᠢᠯᠭᠠᠬᠤ ᠪᠠᠷ ᠴᠢᠷᠮᠠᠶᠢᠵᠤ᠂ ᠮᠠᠯᠴᠢᠨ ᠲᠠᠷᠢᠶᠠᠴᠢᠳ ᠢ ᠦᠵᠡᠵᠦ ᠰᠣᠨᠣᠰᠬᠤ ᠲᠣᠷᠠᠳᠠᠢ ᠪᠣᠯᠭᠠᠵᠠᠢ᠃ ᠰᠡᠭᠦᠳᠡᠷᠯᠡᠨ ᠦᠶ᠋ᠯᠡᠳᠦᠭᠰᠡᠨ ᠰᠢᠷᠢᠰ ᠪᠢᠴᠢᠯ ᠸᠢᠳᠢᠣ᠋ ᠬᠢᠴᠢᠶᠡᠯ ᠢ ︽ᠣᠷᠳᠣᠰ ᠨᠡᠶᠢᠳᠡᠯᠡᠯ︾᠂ ︽ᠣᠷᠳᠣᠰ ᠤᠨ ᠰᠣᠨᠢᠨ ᠮᠡᠳᠡᠭᠡᠨ ᠤ ᠰᠦᠯᠵᠢᠶ᠎ᠡ︾ ᠵᠡᠷᠭᠡ ᠵᠠᠭᠤᠴᠢᠯᠠᠭᠤᠷ ᠲᠤ ᠲᠤᠰᠬᠠᠶ ᠪᠤᠯᠤᠩ ᠭᠠᠷᠭᠠᠵᠥ᠂ ᠲᠣᠭᠲᠠᠭᠰᠠᠨ ᠴᠠᠭ ᠲᠤ ᠨᠡᠪᠲᠡᠷᠡᠭᠦᠯᠵᠡᠢ᠃ ᠡᠭᠦᠨ ᠤ ᠬᠠᠮᠳᠣ ᠵᠢᠷᠬᠢᠶ᠎ᠡ᠂ ᠴᠣᠣᠷᠢᠶ᠎ᠡ ᠵᠡᠷᠭᠡ ᠲᠠᠪᠴᠠᠩ ᠢᠶᠠᠷ ᠳᠠᠮᠵᠢᠭᠤᠯᠤᠨ ᠲᠦᠷᠭᠡᠨ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠪᠢᠴᠢᠯ ᠬᠢᠴᠢᠶᠡᠯ ᠤᠨ ᠰᠦᠯᠵᠢᠶᠡᠨ ᠤ ᠪᠣᠯᠪᠠᠰᠤᠷᠠᠯ ᠢ ᠦᠷᠭᠡᠨ ᠬᠡᠪᠴᠢᠶ᠎ᠡ ᠪᠠᠷ ᠥᠷᠨᠢᠭᠦᠯᠵᠦ᠂ ᠪᠥᠬᠦ ᠬᠤᠲᠠ ᠶᠢᠨ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠭᠦ ᠳᠤ ᠬᠤᠪᠢ ᠨᠡᠮᠡᠷᠢ ᠦᠵᠡᠭᠦᠯᠪᠡ᠃          ᠠᠵᠢᠯ ᠤᠨ ᠵᠠᠭᠪᠤᠷ ᠤᠨ ᠰᠢᠨ᠎ᠡ ᠶᠢ ᠡᠭᠦᠳᠥᠭᠰᠡᠨ          ᠤᠯᠠᠮᠵᠢᠯᠠᠯᠲᠤ ᠬᠠᠮᠲᠤᠷᠠᠯᠴᠠᠭᠠᠨ ᠤ ᠵᠠᠭᠪᠤᠷ ᠲᠣᠮᠳᠠᠬᠢ ᠠᠵᠤ ᠠᠬᠤᠶᠢᠯᠠᠯ᠂ ᠬᠤᠷᠰᠢᠶᠠᠵᠢᠯ ᠬᠢᠭᠡᠳ ᠮᠠᠯᠴᠢᠨ ᠲᠠᠷᠢᠶᠠᠴᠢᠨ ᠡᠷᠦᠬᠡ ᠶᠢᠨ ᠬᠤᠭᠤᠷᠣᠨᠳᠣᠬᠢ ᠬᠠᠷᠢᠴᠠᠭ᠎ᠠ ᠰᠤᠯᠠ ᠵᠠᠳᠠᠭᠠᠶ᠂ ᠠᠵᠤ ᠠᠬᠤᠶᠢᠯᠠᠯ ᠳᠤ ᠱᠠᠭᠠᠷᠳᠠᠭᠳᠠᠬᠤ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠪᠣᠯᠤᠨ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶᠠᠵᠢᠯ ᠤᠨ ᠦᠢᠯᠡᠴᠢᠯᠡᠭᠡᠨ ᠤ ᠡᠲᠡᠭᠡᠳ ᠲᠣᠭᠲᠠᠪᠤᠷᠢ ᠦᠭᠡᠶ ᠪᠠᠶᠢᠬᠤ᠂ ᠮᠠᠯᠴᠢᠨ ᠲᠠᠷᠢᠶᠠᠴᠢᠨ ᠡᠷᠦᠬᠡ ᠶᠢᠨ ᠵᠠᠬ᠎ᠠ ᠳᠡᠯᠭᠡᠭᠦᠷ ᠤᠨ ᠦᠨ᠎ᠡ ᠵᠥᠪᠯᠡᠬᠦ ᠴᠢᠳᠠᠪᠤᠷᠢ ᠴᠢᠩᠭ᠎ᠠ ᠪᠣᠰᠣ ᠵᠡᠷᠭᠡ ᠪᠠᠶᠢᠳᠠᠯ ᠳᠤ ᠴᠢᠭᠯᠡᠭᠦᠯᠥᠨ ᠮᠠᠠ ᠤ ᠬᠤᠳᠠ ᠨᠢ ᠰᠢᠡᠵᠢᠯᠡᠬᠦ ᠣᠬᠠᠭᠠᠠ ᠮᠡᠷᠭᠡᠵᠢᠯ ᠤᠨ ᠣᠠᠴᠠ ᠲᠣᠮᠢᠯᠠᠭᠳᠠᠭᠰᠠᠳ ᠢ ᠲᠣᠮᠢᠯᠠᠵᠥ᠂ ᠲᠠᠭᠠᠭᠤᠯᠣᠭᠴᠢ ᠠᠵᠤ ᠠᠬᠤᠶᠢᠯᠠᠯ᠂ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠶ ᠪᠠ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ ᠴᠥᠮ ᠠᠵᠣ ᠥᠢᠯᠡᠰᠵᠢᠯᠳᠡ ᠶᠢᠨ ᠬᠤᠯᠪᠣᠭᠠᠳᠣ ᠴᠣᠭᠴᠠ ᠳᠤ ᠣᠷᠣᠭᠤᠯᠣᠭᠰᠠᠠ ᠪᠠᠶᠢᠨ᠎ᠠ᠂ ᠬᠤᠯᠪᠦᠭᠠᠳᠦ ᠴᠤᠬᠴᠠ ᠳᠤ ᠣᠷᠣᠯᠴᠠᠬᠤ ᠪᠠᠷ ᠳᠠᠮᠵᠢᠠ ᠠᠵᠤ ᠠᠬᠤᠶᠢᠯᠠᠯ ᠨᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠲᠣᠭᠲᠠᠮᠠᠯ ᠦᠢᠯᠡᠴᠢᠯᠡᠭᠡᠨ ᠤ ᠡᠲᠡᠭᠡᠳ ᠢ ᠣᠯᠵᠤ᠂ ᠦᠢᠯᠡᠳᠪᠦᠷᠢᠯᠡᠯ ᠤᠨ ᠲᠤᠰᠬᠠᠶ ᠬᠤᠷᠰᠢᠶᠠᠵᠢᠯ ᠨᠢ ᠴᠢᠨᠠᠷ ᠰᠠᠶᠢᠲᠠᠶ ᠡ᠊ᠡᠭ ᠤᠨ ᠦᠨ᠎ᠡ ᠲᠠᠢ ᠦᠢᠯᠡᠳᠪᠦᠷᠢᠯᠡᠯ ᠤᠨ ᠬᠡᠷᠡᠭᠰᠡᠯ ᠢ ᠣᠯᠵᠤ᠂ ᠡᠯ᠎ᠡ ᠭᠤᠣᠯ ᠴᠣᠭᠴᠠ ᠨᠢ ᠲᠣᠭᠲᠠᠭᠤᠨ ᠣᠷᠤᠯᠭ᠎ᠠ ᠲᠠᠢ ᠪᠣᠯᠣᠭᠰᠠᠠ ᠪᠠᠶᠢᠨ᠎ᠠ᠃          ᠲᠣᠬᠠᠢᠢᠯᠠᠪᠠᠯ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠦᠦᠰᠢᠨ ᠬᠤᠰᠢᠭᠤᠨ ᠤ ᠰᠢᠷᠬᠤᠰᠣᠠ ᠪᠠᠯᠭᠠᠰᠤᠨ ᠳᠤ ᠬᠦᠷᠦᠭᠰᠡᠨ ᠤ ᠳᠠᠷᠠᠭ᠎ᠠ ᠪᠠᠯᠭᠠᠰᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠥᠶ᠋ᠯᠡᠰᠵᠢᠯᠳᠡ ᠶᠢᠨ ᠬᠤᠯᠪᠦᠭᠠᠳᠦ ᠴᠤᠬᠴᠠ ᠶᠢ ᠪᠥᠲᠥᠭᠡᠨ ᠪᠠᠶᠢᠭᠤᠯᠤᠠ ᠡᠵᠡᠩᠨᠡᠬᠦ ᠶᠢ ᠥᠷᠨᠢᠭᠦᠯᠵᠡᠢ᠃ ᠦᠦᠰᠢᠨ ᠬᠤᠰᠢᠭᠤᠨ ᠤ ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠦᠶ᠋ᠯᠡᠰᠵᠢᠯᠳᠡ ᠶᠢᠨ ᠬᠤᠯᠪᠦᠭᠠᠳᠦ ᠴᠤᠬᠴᠠ ᠨᠢ ᠲᠠᠭᠠᠭᠤᠯᠣᠭᠴᠢ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶᠠᠵᠢᠯ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ 96 ᠡᠵᠡᠩᠨᠡᠯᠲᠡ ᠶᠢᠨ ᠭᠤᠤᠯ ᠴᠣᠭᠴᠠ ᠲᠠᠢ ᠬᠤᠯᠪᠣᠭᠠᠯᠠᠵᠤ᠂ 23.8 ᠲᠦᠮᠡᠨ ᠮᠥ ᠶᠢᠨ ᠲᠠᠷᠢᠮᠠᠯ ᠤᠨ ᠰᠠᠭᠤᠷᠢᠨ ᠭᠠᠵᠠᠷ᠂ 2158 ᠡᠷᠦᠬᠡ ᠶᠢᠨ 5399 ᠮᠠᠯᠴᠢᠨ ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠭᠰᠠᠠ ᠪᠠᠶᠢᠨ᠎ᠠ᠃ ᠮᠠᠯ ᠲᠠᠷᠢᠶᠠᠯᠠᠩ ᠤᠨ ᠠᠵᠤ ᠦᠶ᠋ᠯᠡᠰᠵᠢᠯᠲᠡ ᠶᠢ ᠬᠥᠭᠵᠢᠭᠦᠯᠬᠦ ᠶᠠᠪᠤᠴᠠ ᠳᠤ ᠬᠤᠯᠪᠦᠭᠠᠳᠦ ᠴᠤᠬᠴᠠ ᠨᠢ ᠰᠢᠷᠬᠤᠰᠣᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠬᠠᠪᠰᠣᠷᠣᠠ ᠭᠠᠵᠠᠷ ᠰᠢᠷᠣᠶ᠂ ᠮᠡᠷᠭᠡᠵᠢᠯ᠂ ᠪᠠᠯᠠ ᠮᠥᠩᠭᠦ᠂ ᠮᠡᠳᠡᠭᠡ ᠵᠠᠩᠭᠢ ᠵᠡᠷᠭᠡ ᠬᠦᠴᠦᠨ ᠵᠦᠶ᠋ᠯ ᠤᠨ ᠠᠭᠤᠰᠤᠯᠴᠠᠯ ᠢ ᠶᠡᠭᠡ ᠪᠠᠷ ᠠᠬᠢᠭᠤᠯᠵᠤ᠂ ᠬᠤᠯᠪᠦᠭᠠᠳᠦ ᠴᠤᠬᠴᠠ ᠶᠢᠨ ᠭᠡᠰᠢᠭᠦᠳ ᠤᠨ 2.5 ᠲᠥᠮᠡᠡ ᠮᠥ ᠶᠢᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ᠲᠠᠭᠠᠭᠤᠯᠣᠭᠴᠢ ᠠᠵᠤ ᠠᠬᠤᠶᠢᠯᠠᠯ᠂ ᠬᠤᠷᠰᠢᠶᠠᠵᠢᠯ ᠲᠠᠢ 3 ᠲᠦᠮᠡᠨ ᠮᠥ ᠶᠢᠨ ᠵᠠᠬᠢᠶᠠᠯᠠᠭ᠎ᠠ ᠶᠢᠨ ᠭᠡᠷ᠎ᠡ ᠲᠣᠭᠳᠠᠵᠣ᠂ ᠬᠡᠪᠴᠢᠶᠡᠵᠢᠭᠦᠯᠥᠭᠰᠡᠡ ᠡᠵᠡᠩᠨᠡᠯᠳᠡ ᠶᠢᠨ ᠦᠷ᠎ᠡ ᠠᠰᠢᠭ ᠢ ᠠᠩᠬ᠎ᠠ ᠠᠯᠬᠤᠮ ᠡᠭᠦᠳᠥᠭᠰᠡᠡ ᠪᠠᠶᠢᠨ᠎ᠠ᠃ ᠠᠵᠤ ᠦᠶ᠋ᠯᠡᠰᠵᠢᠯᠳᠡ ᠶᠢᠨ ᠬᠤᠯᠪᠦᠭᠠᠳᠦ ᠴᠤᠬᠴᠠ ᠨᠢ ᠮᠠᠯ ᠲᠠᠷᠢᠶᠠᠯᠠᠩ ᠤᠨ ᠲᠠᠭᠠᠭᠤᠯᠣᠭᠴᠢ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶᠠᠵᠢᠯ ᠪᠣᠯᠤᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠠᠳᠠᠠ ᠠᠪᠴᠢᠷᠠᠵᠣ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠠᠷ ᠭᠡᠰᠢᠭᠦᠨ ᠪᠣᠯᠭᠠᠵᠣ᠂ ᠬᠤᠯᠪᠦᠭᠠᠳᠦ ᠴᠤᠬᠴᠠ ᠶᠢᠨ ᠭᠡᠰᠢᠭᠦᠳ ᠲᠤ ᠮᠠᠯ ᠲᠠᠷᠢᠶᠠᠯᠠᠩ ᠤᠨ ᠮᠠᠰᠢᠨ ᠢᠶᠠᠷ ᠠᠵᠢᠯᠯᠠᠬᠤ᠂ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠢ ᠬᠠᠩᠭᠠᠬᠤ᠂ ᠨᠢᠭᠡᠳᠦᠯᠲᠡᠶ ᠰᠡᠷᠭᠡᠶᠢᠯᠡᠨ ᠵᠠᠰᠠᠬᠤ᠂ ᠨᠠᠶᠢᠳᠠᠵᠤ ᠣᠷᠣᠯᠠᠨ ᠬᠠᠮᠢᠶᠠᠷᠤᠭᠤᠯᠬᠤ ᠵᠡᠷᠭᠡ ᠥᠪᠡᠷ ᠤᠨ ᠥᠷᠲᠡᠭ ᠢᠶᠠᠷ ᠳᠣᠤᠷ᠎ᠠ ᠦᠶ᠋ᠯᠡᠴᠢᠯᠡᠭᠡ ᠶᠢ ᠬᠠᠩᠭᠠᠵᠤ᠂ ᠡᠷᠳᠡᠨᠢ ᠰᠢᠰᠢ ᠶᠢᠨ ᠮᠥ ᠪᠥᠷᠢ ᠶᠢᠨ ᠦᠷ᠎ᠡ ᠠᠰᠢᠭ ᠢ 400 ᠲᠥᠭᠦᠷᠢᠭ ᠨᠡᠮᠡᠭᠳᠡᠭᠦᠯᠵᠠᠢ᠃ ᠲᠠᠭᠠᠭᠤᠯᠣᠭᠴᠢ ᠠᠵᠤ ᠠᠬᠤᠶᠢᠯᠠᠯ ᠤᠨ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠪᠠᠷ ᠲᠡᠮᠵᠢᠵᠤ᠂ ᠬᠤᠯᠪᠦᠭᠠᠳᠦ ᠴᠤᠬᠴᠠ ᠶᠢᠨ ᠭᠡᠰᠢᠭᠦᠳ ᠲᠤ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ᠂ ᠰᠢᠨ᠎ᠡ ᠣᠷ᠎ᠠ ᠮᠡᠷᠭᠡᠰᠢᠯ ᠢ ᠲᠠᠭᠤᠷᠢᠶᠠᠯ ᠦᠵᠡᠭᠦᠯᠦᠨ ᠳᠡᠯᠭᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠠᠰᠢᠬᠯᠠᠬᠤ ᠶᠢ ᠪᠦᠲᠦᠮᠵᠢᠲᠡᠶ ᠠᠬᠢᠭᠤᠯᠪᠠ᠃ ᠰᠢᠷᠬᠤᠰᠣᠠ ᠪᠠᠯᠭᠠᠰᠤ ᠶᠢᠨ ᠮᠠᠯᠴᠢᠨ ᠲᠠᠷᠢᠶᠠᠴᠢᠳ ᠤᠨ ᠥᠷᠭᠡᠨ ᠢᠶᠠᠷ ᠳᠠᠷᠢᠵᠤ ᠪᠠᠶᠢᠭ᠎ᠠ ᠡᠷᠳᠡᠨᠢ ᠰᠢᠰᠢ ᠪᠠᠷ ᠵᠢᠱᠢᠶᠡᠯᠡᠪᠡᠯ᠂ ︽ᠵᠠᠬᠢᠶᠠᠯᠠᠨ ᠦᠶ᠋ᠯᠡᠳᠦᠭᠰᠡᠨ ᠪᠣᠷᠲᠣᠭᠤᠷ︾ ᠨᠢ ᠮᠥ ᠪᠦᠷᠢ ᠶᠢᠨ ᠳᠤᠮᠳᠠᠴᠢ ᠤᠨᠠᠯᠲᠠ ᠶᠢ 200 ᠵᠢᠩ ᠠᠴᠠ ᠳᠡᠭᠡᠭᠰᠢ ᠨᠡᠮᠡᠭᠳᠡᠭᠦᠯᠵᠥ᠂ ᠣᠶᠢᠷ᠎ᠠ ᠶᠢᠨ ᠬᠡᠳᠦᠨ ᠵᠢᠯ ᠤᠨ ᠵᠠᠬ᠎ᠠ ᠳᠡᠯᠭᠡᠭᠦᠷ ᠤᠨ ᠬᠠᠮᠤᠭ ᠳᠣᠤᠷ᠎ᠠ ᠦᠨ᠎ᠡ ᠬᠠᠩᠰᠢ ᠪᠣᠯᠬᠤ ᠵᠢᠩ ᠪᠦᠷᠢ 0.8 ᠲᠥᠭᠦᠷᠢᠭ ᠢᠶᠠᠷ ᠪᠤᠳᠤᠪᠠᠯ ᠴᠤ ᠮᠥ ᠪᠦᠷᠢ ᠶᠢᠨ ᠪᠣᠳᠠᠲᠠᠶ ᠣᠷᠣᠯᠭ᠎ᠠ ᠶᠢᠨ ᠨᠡᠮᠡᠭᠳᠡᠯ ᠢ 160 ᠲᠥᠭᠦᠷᠢᠭ ᠣᠷᠴᠢᠮ ᠳᠤ ᠬᠥᠷᠭᠡᠵᠡᠢ᠃ ᠣᠳᠣᠬᠠᠨ ᠳᠤ ᠠᠵᠤ ᠦᠢᠯᠡᠰᠵᠢᠯᠳᠡ ᠶᠢᠨ ᠬᠤᠯᠪᠦᠭᠠᠳᠦ ᠴᠤᠬᠴᠠ ᠳᠤ ᠤᠷᠤᠭᠰᠠᠨ ᠮᠠᠯᠴᠢᠨ ᠲᠠᠷᠢᠶᠠᠴᠢᠳ ᠤᠨ ᠠᠵᠤ ᠦᠢᠯᠡᠰᠵᠢᠯᠳᠡ ᠶᠢᠨ ᠡᠵᠡᠩᠨᠡᠯᠲᠡ ᠳᠤ ᠣᠷᠣᠭᠤᠯᠣᠭᠰᠠᠨ ᠲᠠᠷᠢᠶᠠᠨ ᠤ ᠲᠠᠯᠠᠪᠠᠢ 20 ᠲᠦᠮᠡᠨ ᠮᠦ ᠶᠢ ᠳᠠᠪᠠᠵᠤ᠂ ᠵᠥᠪᠬᠡᠨ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠤᠷᠳᠤᠭᠤᠷ ‍ᠣᠷᠣᠭᠤᠯᠬᠤ ᠶᠢ ᠳᠡᠯᠭᠡᠷᠡᠭᠦᠯᠥᠭᠰᠡᠡ ᠡᠨᠡ ᠨᠢᠭᠡ ᠲᠥᠷᠥᠯ ᠵᠥᠢᠯ ᠨᠢ ᠮᠠᠯᠴᠢᠨ ᠲᠠᠷᠢᠶᠠᠴᠢᠳ ᠤᠨ ᠥᠪᠡᠷ ᠤᠨ ᠦᠷᠳᠡᠭ ᠢ ᠠᠷᠪᠢᠯᠠᠵᠤ ᠦᠷ᠎ᠡ ᠠᠰᠢᠭ ᠢ 3200 ᠲᠦᠮᠡᠨ ᠲᠥᠭᠦᠷᠢᠭ ᠨᠡᠮᠡᠭᠳᠡᠭᠦᠯᠥᠭᠰᠡᠡ ᠪᠠᠶᠢᠨ᠎ᠠ᠃          ᠡᠭᠦᠨ ᠤ ᠬᠠᠮᠳᠣ ᠮᠠᠠ ᠤ ᠬᠤᠳᠠ ᠶᠢᠨ ᠣᠶ ᠰᠢᠭᠤᠶ ᠡᠪᠡᠰᠦ ᠪᠡᠯᠴᠢᠭᠡᠷ ᠤᠨ ᠦᠶ᠋ᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠬᠤᠷᠣᠬᠠᠶ ᠰᠢᠪᠠᠵᠢ ᠶᠢᠨ ᠪᠠᠶᠢᠳᠠᠯ ᠢ ᠬᠢᠨᠠᠨ ᠬᠡᠮᠵᠢᠬᠦ ᠤᠶᠤᠨᠲᠤ ᠲᠥᠬᠦᠭᠡᠷᠦᠮᠵᠢ ᠵᠢᠴᠢ ᠮᠡᠷᠭᠡᠵᠢᠯ ᠢ ᠣᠷᠣᠭᠤᠯᠤᠨ ᠠᠪᠴᠢᠷᠠᠵᠤ᠂ ᠰᠦᠯᠵᠢᠶ᠎ᠡ ᠶᠢ ᠠᠰᠢᠭᠯᠠᠨ ᠺᠣᠮᠫᠢᠦ᠋ᠲ᠋ᠧᠷ᠂ ᠭᠠᠷ ᠤᠲᠠᠰᠤ ᠵᠡᠷᠭᠡ ᠰᠢᠯᠵᠢᠮᠡᠯ ᠲᠥᠬᠦᠭᠡᠷᠦᠮᠵᠢ ᠲᠡᠭᠡᠷ᠎ᠡ ᠠᠴᠠ ᠬᠤᠷᠣᠬᠠᠶ ᠰᠢᠪᠠᠵᠢ ᠶᠢᠨ ᠪᠠᠶᠢᠳᠠᠯ ᠤᠨ ᠬᠥᠳᠡᠯᠦᠯ ᠪᠠᠶᠢᠳᠠᠯ ᠂ ᠴᠠᠭ ᠠᠭᠤᠷ ᠤᠨ ᠲᠤᠭ᠎ᠠ ᠪᠠᠷᠢᠮᠲᠠ᠂ ᠴᠢᠬᠢ ᠮᠣᠳᠣᠨ ᠤ ᠪᠠᠶᠢᠳᠠᠯ ᠵᠡᠷᠭᠡ ᠮᠡᠳᠡᠭᠡ ᠵᠠᠩᠭᠢ ᠶᠢ ᠪᠠᠶᠢᠴᠠᠭᠠᠨ ᠦᠵᠡᠵᠦ ᠂ ᠨᠠᠷᠢᠯᠢᠭ ᠣᠨᠣᠴᠠᠲᠠᠶ ᠪᠠᠷ ᠦᠶ᠋ᠯᠡᠳᠪᠦᠷᠢᠯᠡᠵᠦ ᠬᠠᠮᠢᠶᠠᠷᠬᠤ ᠳᠤ ᠦᠨᠳᠦᠰᠦ ᠪᠠᠷᠢᠮᠳᠠ ᠶᠢ ᠬᠠᠩᠭᠠᠠ ᠥᠭᠴᠡᠢ᠃ ︽ᠣᠶ ᠰᠢᠭᠤᠶ + ᠡᠪᠡᠰᠦ︾ ᠶᠢᠨ ᠵᠠᠭᠪᠤᠷ ᠢ ᠡᠭᠦᠳᠴᠡᠢ᠂ ᠳᠠᠷᠤᠶ ᠣᠶ ᠶᠢᠨ ᠬᠤᠷᠮᠣᠶ ᠳᠤ ᠡᠪᠡᠰᠦ ᠳᠠᠷᠢᠵᠤ᠂ ᠳᠠᠬᠢᠨ ᠡᠪᠡᠰᠦ ᠶᠢ ᠲᠠᠷᠢᠶᠠᠨ ᠭᠠᠵᠠᠷ ᠲᠤ ᠲᠠᠷᠢᠵᠣ᠂ ᠬᠥᠷᠥᠰᠥ ᠰᠢᠷᠣᠶ ᠶᠢ ᠰᠠᠶᠢᠵᠢᠷᠠᠭᠤᠯᠵᠠᠢ︔ ︽ᠣᠶ ᠰᠢᠭᠤᠶ + ᠲᠠᠷᠢᠶᠠᠯᠠᠩ︾ ᠤᠨ ᠵᠠᠭᠪᠤᠷ ᠢ ᠡᠭᠦᠳᠴᠡᠢ᠂ ᠲᠠᠷᠣᠢ ᠣᠶ ᠶᠢᠨ ᠲᠣᠮᠳᠠ ᠲᠠᠷᠢᠮᠠᠯ ᠳᠠᠷᠢᠵᠠᠢ᠂ ᠡᠨᠡ ᠨᠢ ᠨᠢᠭᠡ ᠲᠠᠯ᠎ᠠ ᠪᠠᠷ ᠠᠵᠤ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠵᠥ᠂ ᠨᠥᠭᠦᠭᠡ ᠲᠠᠯ᠎ᠠ ᠪᠠᠷ ᠬᠥᠷᠥᠰᠥ ᠰᠢᠷᠣᠶ ᠶᠢᠨ ᠳᠣᠲᠣᠷᠠᠬᠢ ᠠᠽᠣᠲ ᠤᠨ ᠠᠭᠤᠯᠤᠭᠳᠠᠴᠠ ᠶᠢ ᠨᠡᠮᠡᠭᠳᠡᠭᠦᠯᠥᠭᠰᠡᠡ ᠪᠠᠶᠢᠨ᠎ᠠ᠃ ᠪᠠᠶᠠᠨᠨᠠᠭᠤᠷ ᠭᠠᠴᠠᠭ᠎ᠠ ᠳᠤ ︽ᠲᠣᠭᠠᠵᠢᠭᠤᠯᠣᠭᠰᠠᠨ ᠮᠠᠯᠵᠢᠯ ᠤᠨ ᠲᠠᠯᠠᠪᠠᠶ︾ ᠶᠢᠨ ᠬᠠᠮᠢᠶᠠᠷᠤᠯᠲᠠ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠣᠶᠣᠠᠴᠢ ᠪᠠᠷ ᠮᠠᠯᠵᠢᠬᠤ ᠳᠤ ᠲᠣᠬᠢᠭᠤᠷ ᠳᠠᠭᠠᠭᠤᠯᠢ ᠣᠲᠣᠠ ᠢᠶᠠᠷ ᠣᠷᠣᠨ ᠪᠠᠶᠢᠷᠢ ᠲᠣᠭᠲᠠᠭᠠᠵᠤ᠂ ᠮᠠᠯᠴᠢᠳ ᠬᠡᠷ ᠠᠴᠠ ᠪᠠᠨ ᠭᠠᠷᠬᠤ ᠥᠬᠡᠶ ᠪᠠᠷ ᠮᠠᠯᠵᠢᠯ ᠤᠨ ᠲᠠᠯᠠᠪᠠᠶ ᠶᠢᠨ ᠳᠤᠯᠠᠭᠠᠨ ᠤ ᠬᠡᠮᠵᠢᠶ᠎ᠡ᠂ ᠴᠢᠭᠢᠭᠲᠦᠴᠡ᠂ ᠬᠡᠷᠡᠯ ᠤᠨ ᠲᠤᠰᠤᠯᠲᠠ᠂ ᠰᠠᠯᠬᠢᠨ ᠤ ᠬᠤᠷᠳᠤᠴᠠ᠂ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ᠂ ᠮᠠᠯ ᠰᠦᠷᠦᠭ ᠤᠨ ᠪᠠᠶᠢᠷᠢ᠂ ᠮᠠᠯ ᠨᠢᠭᠡ ᠪᠦᠷᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠭᠠᠷ ᠤᠲᠠᠰᠤ ᠶᠢ ᠬᠡᠷᠡᠭᠯᠡᠡ ᠠᠯᠣᠰ ᠡᠵᠡᠮᠰᠢᠯ ᠢᠶᠠᠷ ᠮᠠᠯ ᠤᠰᠤᠯᠠᠬᠤ ᠪᠠ ᠲᠠᠷᠢᠮᠠᠯ ᠢ ᠠᠯᠣᠰ ᠡᠵᠡᠮᠰᠢᠯ ᠢᠶᠠᠷ ᠣᠰᠣᠯᠠᠬᠤ ᠮᠡᠷᠭᠡᠵᠢᠯ ᠢ ᠣᠷᠤᠭᠤᠯᠣᠠ ᠳᠡᠯᠭᠡᠷᠡᠭᠦᠯᠵᠡᠢ᠃ ᠲᠣᠭᠠᠵᠢᠭᠤᠯᠣᠭᠰᠠᠨ ᠮᠠᠯᠵᠢᠯ ᠤᠨ ᠲᠠᠯᠠᠪᠠᠶ ᠨᠢ ᠮᠠᠯ ᠢᠶᠠᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠠᠷ ᠪᠣᠷᠣᠯᠠᠭᠤᠯᠵᠣ᠂ ᠪᠥᠬᠦ ᠭᠠᠴᠠᠭᠠᠨ ᠤ 85% ᠶᠢᠨ ᠮᠠᠯᠴᠢᠨ ᠡᠷᠦᠬᠡ ᠶᠢ ᠬᠠᠮᠤᠷᠴᠤ᠂ ᠮᠠᠯᠴᠢᠳ ᠤᠨ ᠣᠷᠣᠯᠭ᠎ᠠ ᠶᠢ 20% ᠠᠴᠠ ᠳᠡᠭᠡᠭᠰᠢ ᠨᠡᠮᠡᠭᠳᠡᠭᠦᠯᠬᠦ ᠶᠢ ᠪᠡᠶᠡᠯᠡᠭᠦᠯᠵᠦ᠂ ᠮᠠᠯᠴᠢᠳ ᠤᠨ ᠦᠶ᠋ᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠭᠡ ᠪᠠᠷ ᠳᠡᠭᠡᠭᠰᠢᠯᠡᠭᠦᠯᠦᠨ᠂ ᠮᠠᠯᠴᠢᠳ ᠲᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠬᠦ ᠪᠣᠯᠭᠠᠵᠠᠶ᠃ ︽ᠥᠪᠡᠷ ᠤᠨ ᠰᠣᠷᠣᠭᠰᠠᠠ ᠡᠷᠳᠡᠮ ᠴᠢᠳᠠᠪᠣᠷᠢ ᠪᠠᠨ ᠠᠰᠢᠬᠯᠠᠠ ᠮᠠᠯ ᠲᠠᠷᠢᠶᠠᠯᠡᠩ ᠤᠨ ᠥᠢᠯᠡᠳᠪᠥᠷᠢᠯᠡᠯ ᠳᠤ ᠥᠢᠯᠡᠴᠢᠯᠡᠪᠡᠯ ᠨᠡᠩ ᠤᠯᠠᠨ ᠮᠠᠯᠴᠢᠨ ᠲᠠᠷᠢᠶᠠᠴᠢᠨ ᠢ ᠬᠠᠪᠰᠤᠷᠣᠠ ᠣᠷᠣᠯᠭ᠎ᠠ ᠶᠢ ᠨᠢ ᠨᠡᠮᠡᠭᠳᠡᠬᠦᠯᠬᠦ ᠪᠣᠯᠣᠨ᠎ᠠ︾ ᠭᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠯᠢ ᠯᠠᠠ ᠪᠠᠶᠠᠷᠲᠠᠶᠢᠬᠠᠠ ᠬᠡᠯᠡᠨ᠎ᠠ᠃          ᠬᠤᠵᠢᠷᠯᠢᠬ ᠭᠠᠵᠠᠷ ᠢ ᠰᠠᠶᠢᠵᠢᠷᠠᠭᠤᠯᠣᠭᠰᠠᠠ ᠰᠢᠨ᠎ᠡ ᠰᠢᠪᠲᠤᠯᠤᠯᠲᠠ          ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠳᠠᠯᠠᠳ ᠬᠤᠰᠢᠭᠤᠨ ᠤ ᠬᠤᠵᠢᠷᠯᠢᠬ ᠭᠠᠵᠠᠷ ᠢ ᠰᠠᠶᠢᠵᠢᠷᠠᠭᠤᠯᠬᠤ ᠲᠠᠭᠤᠷᠢᠶᠠᠯ ᠦᠵᠡᠭᠦᠯᠬᠦ ᠣᠷᠣᠨ ᠳᠤ ᠡᠯ᠎ᠡ ᠵᠦᠶ᠋ᠯ ᠤᠨ ᠲᠠᠷᠢᠶᠠᠯᠠᠩ ᠤᠨ ᠣᠷ᠎ᠠ ᠮᠡᠷᠭᠡᠵᠢᠯ ᠤᠨ ᠵᠢᠯᠤᠭᠤᠳᠤᠯᠭ᠎ᠠ ᠬᠠᠩᠭᠠᠵᠣ᠂ ᠲᠡᠷᠡᠴᠢᠯᠡᠡ ᠦᠶ᠋ᠯᠡᠴᠢᠯᠡᠬᠦ ᠶᠠᠪᠤᠴᠠ ᠳᠠᠭᠠᠨ ᠬᠤᠵᠢᠷᠯᠢᠬ ᠲᠠᠷᠢᠶᠠᠨ ᠭᠠᠵᠠᠷ ᠢ ᠰᠠᠶᠢᠵᠢᠷᠠᠭᠤᠯᠬᠤ 4 ᠵᠠᠭᠪᠤᠷ ᠢ ᠡᠭᠦᠳᠥᠨ ᠭᠠᠷᠭᠠᠵᠡᠢ᠃ ᠲᠠᠷᠣᠢ ︽ᠳᠠᠪᠤᠰᠤ ᠶᠢ ᠭᠠᠳᠠᠭᠰᠢᠯᠠᠭᠤᠯᠵᠣ ᠬᠥᠷᠥᠰᠥ ᠶᠢ ᠰᠢᠮᠡᠵᠢᠭᠦᠯᠬᠦ ᠵᠠᠭᠪᠤᠷ︾᠂ ︽ᠤᠰᠤ ᠠᠷᠪᠢᠯᠠᠠ ᠳᠠᠪᠤᠰᠤ ᠶᠢ ᠬᠤᠷᠢᠭᠯᠠᠵᠥ ᠬᠥᠷᠥᠰᠥ ᠶᠢ ᠰᠢᠮᠡᠵᠢᠭᠦᠯᠬᠦ ᠵᠠᠭᠪᠤᠷ︾᠂ ︽ᠰᠢᠪᠠᠷ ᠰᠢᠷᠣᠢ ᠶᠢᠨ ᠪᠥᠷᠢᠯᠳᠥᠯ ︵ᠰᠢᠪᠠᠷ ᠰᠢᠷᠣᠢ ᠶᠢᠨ ᠳᠠᠪᠬᠤᠷᠭ᠎ᠠ︶ ᠢ ᠰᠢᠮᠡᠵᠢᠬᠦᠯᠬᠦ ᠵᠠᠭᠪᠤᠷ︾᠂ ︽ᠠᠮᠢ ᠠᠬᠤᠢ ᠶᠢ ᠰᠡᠷᠭᠦᠭᠡᠭᠦ ᠵᠠᠭᠪᠤᠷ︾ ᠵᠡᠷᠭᠡ ᠪᠣᠯᠣᠨ᠎ᠠ᠃ ᠵᠢᠯ ᠭᠠᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡ ᠪᠠᠷ ᠳᠡᠮᠵᠢᠭᠠᠳ ᠤᠤᠯ ᠤᠨ ᠬᠦᠨᠳᠦ ᠨᠣᠴᠢᠳᠠᠢ ᠬᠤᠵᠢᠷᠯᠢᠬ ᠭᠠᠵᠠᠷ ᠢ ᠲᠠᠷᠢᠶᠠᠨ ᠭᠠᠵᠠᠷ᠂ ᠣᠶ ᠰᠢᠭᠤᠶ᠂ ᠵᠠᠮ᠂ ᠰᠤᠪᠠᠭ ᠢ ᠢᠵᠢ ᠪᠥᠷᠢᠳᠦᠭᠦᠯᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠠ ᠬᠤᠪᠢᠷᠠᠭᠤᠯᠵᠠᠢ᠃ ᠲᠠᠷᠢᠶᠠᠴᠢᠳ ᠢ ᠬᠥᠲᠥᠯᠥᠨ ᠵᠢᠯᠣᠭᠤᠳᠴᠤ ᠡᠰᠢ ᠰᠦᠷᠡᠯ ᠢ ᠲᠠᠷᠢᠶᠠᠨ ᠳᠤ ᠣᠷᠣᠭᠤᠯᠬᠤ ᠂ ᠰᠢᠭᠡᠭ ᠪᠤᠷᠳᠤᠭᠤᠷ ᠢ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠥ᠂ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠠᠭᠠᠷ ᠪᠠ ᠭᠠᠵᠠᠷ ᠳᠣᠣᠷᠠᠬᠢ ᠤᠰᠤᠨ ᠤ ᠪᠣᠬᠢᠷᠲᠤᠯ ᠢ ᠪᠠᠭᠠᠰᠬᠠᠵᠠᠢ᠃ ᠳᠠᠯᠠᠳ ᠬᠤᠰᠢᠭᠤᠨ ᠤ ᠸᠠᠩ ᠠᠢ ᠵᠤᠤ ᠪᠠᠯᠭᠠᠰᠤᠨ ᠤ ᠳ᠋ᠦᠩ ᠰᠢᠩ ᠲᠣᠰᠬᠤᠨ ᠤ ᠦᠢᠯᠡᠴᠢᠯᠡᠭᠡᠨ ᠤ ᠴᠡᠭ ᠤᠨ ᠸᠧᠢ ᠴᠤᠸᠠᠩ ᠲᠠᠷᠢᠵᠦ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠬᠠᠷᠢᠭᠤᠴᠠᠯᠭᠠᠲᠠᠨ᠄ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠵᠢᠯᠤᠭᠤᠳᠤᠯᠭ᠎ᠠ ᠨᠢ ᠪᠢᠳᠡᠨ ᠢ ᠲᠠᠷᠢᠶᠠᠨ ᠭᠠᠵᠠᠷ ᠤᠨ ᠬᠤᠵᠢᠷᠰᠢᠭᠰᠠᠠ ᠬᠦᠴᠢᠷ ᠠᠰᠠᠭᠤᠳᠠᠯ ᠢ ᠢᠯᠠᠨ ᠳᠠᠪᠠᠭᠤᠯᠵᠤ᠂ ᠲᠠᠷᠢᠶᠠᠨ ᠤ ᠣᠨᠠᠯᠳᠠ ᠶᠢ ᠨᠡᠮᠡᠭᠳᠡᠭᠦᠯᠣᠠ ᠣᠷᠣᠯᠭ᠎ᠠ ᠶᠢ ᠨᠡᠮᠡᠭᠳᠡᠭᠦᠯᠬᠦ ᠳᠤ ᠬᠦᠰᠡᠯ ᠡᠷᠡᠮᠡᠯᠵᠡᠯ ᠢ ᠠᠪᠴᠢᠷᠠᠵᠤ ᠥᠭᠪᠠ︾ ᠭᠡᠵᠦ ᠢᠨᠢᠶᠡᠮᠰᠦᠭᠯᠡᠨ ᠬᠡᠯᠡᠵᠥ ᠪᠠᠶᠢᠯ᠎ᠠ᠃          ᠬᠠᠭᠠᠯᠪᠣᠷᠢᠯᠠᠬᠤ ᠥᠭᠡᠢ ᠪᠠᠷ ᠡᠪᠡᠰᠦ ᠲᠠᠷᠢᠬᠤ ᠮᠡᠷᠭᠡᠵᠢᠯ ᠤᠨ ᠲᠡᠯᠭᠡᠷᠡᠭᠦᠯᠥᠯᠳᠡ          ︽︿ᠥᠯᠥ ᠬᠠᠭᠠᠯᠪᠤᠷᠢᠯᠠᠬᠤ ᠠᠷᠭ᠎ᠠ ᠪᠠᠷ ᠴᠢᠨᠠᠷ ᠰᠠᠶᠢᠲᠠᠶ ᠥᠨᠳᠥᠷ ᠤᠨᠠᠯᠲᠠ ᠲᠠᠢ ᠲᠡᠵᠢᠭᠡᠯ ᠡᠪᠡᠰᠦ ᠳᠠᠷᠢᠬᠤ﹀ ᠮᠡᠷᠭᠡᠵᠢᠯ ᠢ ᠲᠠᠭᠤᠷᠢᠶᠠᠯ ᠥᠵᠡᠭᠦᠯᠥᠨ ᠲᠠᠯᠭᠡᠷᠡᠭᠦᠯᠬᠦ ᠨᠢ ᠨᠤᠲᠤᠭ ᠪᠡᠯᠴᠢᠭᠡᠷ ᠤᠨ ᠮᠠᠭᠤᠵᠢᠷᠠᠭᠰᠠᠠ ᠡᠯᠡᠰᠦᠷᠬᠡᠭᠵᠢᠭᠰᠡᠡ ᠢ ᠲᠦᠷᠭᠡᠨ ᠵᠠᠰᠠᠬᠤ ᠴᠢᠬᠤᠯᠠᠲᠠᠶ ᠪᠠᠶᠢᠳᠠᠯ ᠳᠤ ᠴᠢᠭᠯᠡᠭᠦᠯᠦᠨ ᠠᠮᠢ ᠠᠬᠤᠶ ᠶᠢᠨ ᠦᠶ᠋ᠯᠡᠳᠪᠦᠷᠢᠯᠡᠯ ᠤᠨ ᠴᠢᠳᠠᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠣ᠂ ᠲᠡᠷᠡᠴᠢᠯᠡᠡ ᠪᠡᠯᠴᠢᠭᠡᠷ ᠢ ᠨᠥᠬᠦᠨ ᠳᠠᠷᠢᠵᠤ ᠰᠠᠶᠢᠵᠢᠷᠠᠭᠤᠯᠬᠤ ᠪᠠ ᠠᠮᠢ ᠠᠬᠤᠶ ᠶᠢ ᠰᠡᠷᠭᠦᠭᠡᠬᠦ ᠶᠠᠪᠤᠴᠠ ᠳᠤ ᠬᠥᠷᠥᠰᠥ ᠰᠢᠷᠣᠶ ᠶᠢ ᠵᠣᠷᠢᠭᠤᠳᠠ ᠡᠪᠳᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠰᠠᠯᠬᠢᠨ ᠳᠤ ᠢᠳᠡᠭᠳᠡᠡ ᠡᠯᠡᠰᠦᠷᠭᠡᠭᠵᠢᠬᠦ ᠠᠶᠣᠯ ᠲᠦᠭᠰᠢᠭᠦᠷᠢ ᠶᠢ ᠬᠤᠷᠢᠭᠯᠠᠨ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠭᠰᠠᠨ ᠤᠷᠢᠲᠠᠯ ᠳᠣᠤᠷ᠎ᠠ ᠮᠠᠭᠤᠵᠢᠷᠠᠬᠰᠠᠠ᠂ ᠡᠯᠡᠰᠦᠷᠭᠡᠭᠵᠢᠭᠰᠡᠨ ᠪᠡᠯᠴᠢᠭᠡᠷ ᠢ ᠰᠠᠶᠢᠵᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠤ ᠬᠦᠷᠴᠦ ᠴᠢᠳᠠᠬᠤ ᠪᠣᠯᠣᠨ᠎ᠠ︾ ᠭᠡᠵᠥ ᠬᠤᠳᠠ ᠶᠢᠨ ᠰᠢᠡᠵᠢᠯᠡᠬᠦ ᠣᠬᠠᠭᠠᠠ ᠮᠡᠷᠭᠡᠵᠢᠯ ᠤᠨ ᠲᠣᠪᠴᠢᠶᠠᠠ ᠤ ᠲᠡᠳ᠋ ᠲᠠᠷᠤᠭ᠎ᠠ ᠺᠠᠨᠭ᠌ ᠵᠢᠶᠦ᠋ᠨ ᠯᠢᠶᠡᠡ ᠭᠡᠯᠡᠵᠥ ᠪᠠᠶᠢᠯ᠎ᠠ᠃ ᠬᠠᠭᠠᠯᠪᠤᠷᠢᠯᠠᠬᠤ ᠦᠬᠡᠢ ᠪᠠᠷ ᠲᠠᠷᠢᠬᠤ ᠮᠡᠷᠭᠡᠵᠢᠯ ᠢ ᠬᠡᠷᠡᠭᠯᠡᠨ ᠲᠡᠵᠢᠭᠡᠯ ᠡᠪᠡᠰᠦ ᠲᠠᠷᠢᠬᠤ ᠨᠢ ᠤᠯᠤᠰ ᠤᠨ ︽ᠨᠤᠲᠤᠭ ᠪᠡᠯᠴᠢᠭᠡᠷ ᠢ ᠬᠠᠮᠠᠭᠠᠯᠠᠬᠤ ᠬᠠᠤᠯᠢ︾ ᠳᠠᠬᠢ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠬᠤ ᠲᠣᠭᠲᠠᠭᠠᠯ ᠳᠤ ᠨᠡᠶᠢᠴᠡᠵᠦ ᠪᠣᠢ᠃          ᠲᠣᠰ ᠮᠡᠷᠭᠡᠵᠢᠯ ᠢ ᠣᠷᠳᠣᠰ ᠬᠤᠲᠠ ᠳᠤ ᠳᠡᠯᠭᠡᠷᠡᠭᠦᠯᠦᠨ ᠬᠡᠷᠡᠭᠯᠡᠭᠰᠡᠨ ᠠᠴᠠ ᠨᠠᠭᠠᠰᠢ ᠣᠯᠠᠨ ᠨᠠᠰᠤᠲᠤ ᠬᠦᠷᠡᠩ ᠴᠠᠷᠭᠠᠰᠤ ᠳᠠᠷᠢᠬᠤ ᠪᠠᠷ ᠭᠤᠤᠯ ᠪᠣᠯᠭᠠᠵᠣ᠂ ᠡᠭᠦᠨ ᠤ ᠬᠠᠮᠳᠣ ᠬᠡᠷᠡᠭᠯᠡᠭᠡᠡ ᠤ ᠡᠷᠥᠭᠡ ᠨᠦᠭᠦᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠣᠯᠠᠨ ᠵᠦᠶ᠋ᠯ ᠤᠨ ᠪᠡᠯᠴᠢᠭᠡᠷ ᠡᠪᠡᠰᠦ ᠶᠢ ᠬᠤᠯᠢᠵᠤ ᠳᠠᠷᠢᠭᠰᠠᠠ ᠪᠠᠶᠢᠨ᠎ᠠ ᠃ ᠬᠠᠭᠠᠯᠪᠤᠷᠢᠯᠠᠬᠤ ᠥᠬᠡᠶ ᠪᠠᠷ ᠳᠠᠷᠢᠬᠤ ᠮᠡᠷᠭᠡᠵᠢᠯ ᠢ ᠬᠡᠷᠡᠭᠯᠡᠵᠥ᠂ ᠪᠣᠶ ᠪᠥᠬᠦᠶ ᠲᠠᠷᠢᠬᠤ ᠠᠵᠢᠯ ᠤᠨ ᠲᠠᠰ ᠳᠠᠷᠠᠭᠠᠯᠠᠯ ᠢ ᠬᠠᠭᠠᠯᠪᠤᠷᠢᠯᠠᠬᠤ ᠥᠬᠡᠶ ᠪᠠᠷ ᠲᠡᠷᠢᠬᠤ ᠮᠡᠰᠢᠠ ᠢᠶᠠᠷ ᠨᠢᠭᠡ ᠯᠡ ᠤᠳᠠᠭ᠎ᠠ ᠳᠤ ᠪᠡᠶᠡᠯᠡᠭᠦᠯᠵᠦ᠂ ᠣᠯᠠᠨ ᠨᠠᠰᠤᠲᠤ᠂ ᠨᠢᠭᠡ ᠨᠠᠰᠤᠲᠤ ᠲᠡᠵᠢᠭᠡᠯ ᠡᠪᠡᠰᠦᠨ ᠤ ᠦᠷ᠎ᠡ ᠪᠠ ᠪᠠᠺᠲ᠋ᠧᠷᠢᠲᠤ ᠪᠣᠷᠲᠣᠭᠤᠷ᠂ ᠬᠤᠯᠢᠮᠠᠭ ᠪᠣᠷᠲᠣᠭᠤᠷ ᠢ ᠨᠢᠭᠡ ᠯᠡ ᠤᠳᠠᠭ᠎ᠠ ᠳᠤ ᠪᠦᠬᠦᠨ ᠢ ᠬᠥᠷᠥᠰᠥᠨ ᠳᠤ ᠣᠷᠣᠭᠤᠯᠵᠤ᠂ ᠮᠠᠰᠢᠨ ᠢᠶᠠᠷ ᠠᠵᠢᠯᠯᠠᠬᠤ ᠥᠪᠡᠷ ᠤᠨ ᠥᠷᠲᠡᠭ ᠢ ᠮᠥ ᠪᠥᠷᠢ ᠳᠤ ᠪᠠᠷᠤᠬ 120 ᠲᠥᠭᠦᠷᠢᠭ ᠠᠷᠪᠢᠯᠠᠳᠠᠭ ᠪᠠᠶᠢᠨ᠎ᠠ᠃ ᠣᠳᠣᠬᠠᠨ ᠪᠣᠯᠲᠠᠯ᠎ᠠ ᠬᠠᠭᠠᠯᠪᠤᠷᠢᠯᠠᠬᠤ ᠥᠬᠡᠶ ᠪᠠᠷ ᠡᠪᠡᠰᠥ ᠲᠠᠷᠢᠬᠤ ᠮᠡᠷᠭᠡᠵᠢᠯ ᠢ ᠬᠡᠷᠡᠭᠯᠡᠨ ᠣᠷᠳᠣᠰ ᠣᠷᠣᠨ ᠳᠤ ᠨᠡᠶᠢᠲᠡ 10000 ᠮᠥ ᠶᠢᠨ ᠪᠣᠷᠣ ᠴᠠᠷᠭᠠᠰᠤ ᠶᠢ ᠳᠠᠷᠢᠵᠤ᠂ ᠵᠢᠯ ᠳᠤ ᠮᠥ ᠪᠥᠷᠢ ᠠᠴᠠ ᠳᠤᠮᠳᠠᠴᠢ ᠪᠠᠷ ᠨᠡᠶᠢᠳᠡ 500 ᠺᠢᠯᠥᠭᠷᠡᠮ ᠬᠠᠭᠤᠷᠠᠢ ᠪᠣᠷᠣ ᠴᠠᠷᠭᠠᠰᠣ ᠬᠤᠷᠢᠶᠠᠵᠣ᠂ 1 ᠲᠣᠠ ᠬᠠᠭᠤᠷᠠᠢ ᠪᠣᠷᠣ ᠴᠠᠷᠭᠠᠰᠣ ᠨᠢ 2500 ᠲᠥᠭᠦᠷᠢᠭ ᠲᠤ ᠬᠥᠷᠴᠥ᠂ ᠣᠷᠣᠨ ᠨᠤᠲᠤᠭ ᠲᠤ ᠨᠡᠶᠢᠲᠡ 1250 ᠲᠦᠮᠡᠨ ᠲᠥᠭᠦᠷᠢᠭ ᠤᠨ ᠦᠶ᠋ᠯᠡᠳᠬᠦᠨ ᠤ ᠥᠷᠲᠡᠭ ᠡᠭᠦᠳᠴᠡᠢ᠃ ᠦᠯᠦ ᠬᠠᠭᠠᠯᠪᠤᠷᠢᠯᠠᠬᠤ ᠮᠡᠷᠭᠡᠵᠢᠯ ᠢᠶᠠᠷ ᠳᠠᠮᠵᠢᠭᠤᠯᠤᠨ ᠭᠡᠪᠡᠷᠡᠭᠰᠢᠨ ᠮᠠᠭᠤᠳᠠᠭᠰᠠᠨ᠂ ᠡᠯᠡᠰᠦᠷᠬᠡᠭᠵᠢᠭᠰᠡᠨ ᠪᠡᠯᠴᠢᠭᠡᠷ ᠢ ᠥᠨᠳᠥᠷ ᠤᠨᠠᠯᠲᠠ ᠲᠠᠢ ᠪᠣᠷᠣ ᠴᠠᠷᠭᠠᠰᠣ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠥᠭᠡᠷᠡᠴᠢᠯᠡᠭᠰᠡᠡ ᠪᠤᠶᠤ ᠲᠠᠷᠢᠮᠠᠯ ᠪᠡᠯᠴᠢᠭᠡᠷ ᠢ ᠬᠤᠯᠢᠯᠳᠤᠭᠤᠯᠤᠨ ᠲᠠᠷᠢᠭᠠᠳ ᠥᠷᠭᠡᠨ ᠤᠯᠠᠨ ᠮᠠᠯᠴᠢᠨ ᠲᠠᠷᠢᠶᠠᠴᠢᠨ ᠤ ᠪᠡᠯᠡ ᠣᠷᠣᠭᠤᠯᠤᠨ ᠡᠪᠡᠰᠦ ᠲᠠᠷᠢᠬᠤ ᠢᠳᠡᠪᠬᠢᠵᠢᠯ ᠢ ᠲᠦᠢᠯ ᠤᠨ ᠶᠡᠭᠡ ᠪᠠᠷ ᠲᠠᠶᠢᠴᠢᠯᠠᠭᠰᠠᠠ ᠪᠠᠶᠢᠨ᠎ᠠ᠃ ᠲᠤᠰ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠵᠣᠬᠢᠴᠠᠯᠳᠤᠭᠤᠯᠤᠨ ᠨᠢᠭᠡᠳᠬᠡᠬᠦ ᠶᠢ ᠪᠡᠶᠡᠯᠡᠭᠦᠯᠵᠦ ᠴᠢᠳᠠᠭᠰᠠᠨ ᠪᠠᠶᠢᠨ᠎ᠠ᠃ ︵ᠲᠤᠰ ᠨᠢᠭᠤᠷ ᠤᠨ ᠭᠡᠷᠡᠯ ᠵᠢᠷᠤᠬ ᠤᠳ ᠢ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠠᠴᠠ ᠬᠠᠨᠭ᠍ᠭᠠᠪᠠ︶
    ᠰᠢᠨᠵᠢᠯᠡᠬᠦ ᠤᠬᠠᠭᠠᠨ ᠮᠡᠷᠬᠡᠵᠢᠯ ᠤᠨ ᠤᠨᠴᠠ ᠲᠤᠮᠢᠯᠠᠭᠳᠠᠭᠰᠡᠳ ᠰᠢᠨᠵᠢᠯᠡᠬᠦ ᠤᠬᠠᠭᠠᠨ ᠮᠡᠷᠬᠡᠵᠢᠯ ᠢ ᠲᠡᠯᠬᠡᠷᠡᠬᠦᠯᠬᠦ ᠶᠢᠨ ᠬᠠᠮᠳᠤ ᠮᠡᠷᠬᠡᠵᠢᠯ ᠤᠨ ᠰᠤᠳᠣᠯᠭᠠᠨ ᠢ ᠬᠢᠨ᠎ᠡ
 《 ᠰᠢᠨᠵᠢᠯᠡᠬᠦ ᠤᠬᠠᠭᠠᠨ ᠮᠡᠷᠬᠡᠵᠢᠯ ᠰᠤᠶᠤᠯ ᠡᠷᠡᠬᠦᠯ ᠬᠠᠮᠭᠠᠯᠠᠯ》 ᠢ ᠬᠦᠳᠡᠭᠡ ᠪᠠᠭᠤᠯᠭᠠᠨ᠎ᠠ
   ᠮᠠᠯ ᠲᠠᠷᠢᠶᠠᠯᠠᠩ ᠤᠨ ᠲᠡᠷᠢᠬᠦᠨ ᠤ ᠬᠡᠷᠡᠭᠯᠡᠬᠡᠨ ᠤ ᠮᠡᠷᠬᠡᠵᠢᠯ ᠤᠨ ᠪᠤᠯᠪᠠᠰᠤᠷᠠᠯ ᠢ ᠦᠷᠨᠢᠬᠦᠯᠤᠨ᠎ᠡ
   ᠰᠢᠨᠵᠢᠯᠡᠬᠦ ᠤᠬᠠᠭᠠᠨ ᠮᠡᠷᠬᠡᠵᠢᠯ ᠤᠨ ᠤᠨᠴᠠ ᠲᠤᠮᠢᠯᠠᠭᠳᠠᠭᠰᠡᠳ ᠠᠴᠠ ᠨᠤᠤᠯᠤᠭᠤᠷ ᠤᠨ ᠢᠮᠠᠭᠠᠨ ᠳᠤ ᠪᠠᠶ᠎ᠠ  ᠶᠢᠨ ᠭᠠᠳᠠᠨ᠎ᠠ ᠦᠷ᠎ᠡ ᠲᠤᠭᠳᠠᠭᠠᠨ ᠬᠦᠪᠤᠷᠡᠯ ᠰᠢᠯᠵᠢᠬᠦᠯᠬᠦ ᠠᠵᠢᠯ ᠢ ᠬᠢᠨ᠎ᠡ
ᠢᠷᠡᠯᠲᠡ᠄ ᠣᠷᠳᠣᠰ ᠮᠣᠩᠭᠤᠯ ᠰᠦᠯᠵᠢᠶ᠎ᠡ