ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠡᠬᠢᠯᠡᠯ᠎ᠡ︕
ᠨᠡᠶᠢᠲᠡᠯᠡᠭᠰᠡᠨ ᠴᠠᠭ᠄
2021/3/8
      3 ᠰᠠᠷ᠎ᠠ ᠶᠢᠨ 8 ᠤ ᠦᠳᠡ ᠶᠢᠨ ᠡᠮᠦᠨᠡᠬᠢ 9 ᠴᠠᠭ ᠲᠤ᠂ ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ  ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠤᠨ ᠳᠤᠮᠳᠠ ᠡᠬᠢᠯᠡᠯ᠎ᠡ᠃
      ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 132 ᠬᠥᠮᠦᠨ᠂ ᠲᠤᠰ ᠤᠳᠠᠭᠠᠨ ᠤ  ᠬᠤᠷᠠᠯ ᠳᠤ  ᠣᠷᠣᠯᠴᠠᠭᠰᠠᠨ ᠲᠥᠯᠥᠭᠡᠯᠡᠭᠴᠢ 105 ᠬᠥᠮᠦᠨ  ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠯᠢ ᠳ᠋ᠦᠩ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ  ᠯᠢ ᠰᠢᠶᠤᠤ ᠴᠢᠩ ᠬᠤᠷᠠᠯ ᠢ ᠡᠷᠬᠢᠯᠡᠪᠡ᠃ ᠣᠷᠣᠯᠠᠭᠴᠢ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠬᠢᠪᠠ᠃
ᠢᠷᠡᠯᠲᠡ᠄ ᠲᠤᠰ ᠰᠦᠯᠵᠢᠶ᠎ᠡ