ᠪᠦᠬᠦ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/1
        ᠤᠶᠢᠷ᠎ᠠ ᠶᠢᠨ ᠡᠳᠦᠷ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠧᠯᠸᠢᠰ ᠤᠳᠠᠰᠤ ᠬᠤᠷᠠᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠵᠢᠴᠢ ᠡᠯ᠎ᠡ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ᠂ ᠵᠠᠰᠠᠭ ᠤᠨ ᠶᠠᠪᠤᠳᠠᠯ ᠤᠨ ᠲᠢᠩᠬᠢᠮ ᠳᠤ ᠪᠠᠶᠢᠭ᠎ᠠ ᠰᠠᠯᠠᠭ᠎ᠠ ᠮᠥᠴᠢᠷ ᠤᠨ ᠴᠤᠩᠬᠤᠪᠴᠢ ᠶᠢᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃          ᠬᠤᠷᠠᠯ ᠳᠡᠭᠡᠷ᠎ᠡ᠂ 2020 ᠣᠨ ᠤ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠡᠷᠢᠭᠦᠨ ᠤ ᠬᠠᠮᠲᠤ ᠨᠡᠶᠢᠳᠡ ᠪᠣᠯᠤᠨ ᠲᠡᠷᠢᠭᠦᠨ ᠤ ᠠᠵᠢᠯᠲᠠᠨ ᠢ ᠱᠠᠩᠨᠠᠨ ᠭᠥᠭᠢᠭᠦᠯᠵᠤ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠦᠨ ᠳ᠋ᠦᠩᠨᠡᠵᠦ 2021 ᠣᠨ ᠤ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠤᠭᠰᠠᠨ ᠪᠠᠶᠢᠨ᠎ᠠ᠃          ᠬᠤᠷᠠᠯ ᠠᠴᠠ ᠵᠢᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯ ᠬᠤᠳᠠᠯᠳᠤᠭ᠎ᠠ ᠡᠷᠭᠢᠯᠠᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠭᠤᠯᠭ᠎ᠠ ᠮᠦᠷᠳᠡᠭᠡᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠡᠯ᠎ᠡ ᠬᠤᠰᠢᠭᠤ ᠲᠣᠭᠤᠷᠢᠭ ᠪᠠ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠠᠴᠠ ᠡᠭᠦᠰᠬᠦ ᠶᠢ ᠪᠠᠷᠢᠮᠲᠠᠯᠠᠵᠤ ᠴᠢᠬᠤᠯᠠ ᠭᠤᠭᠴᠤᠭ᠎ᠠ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠲᠦᠷᠢᠮ ᠤᠨ ᠪᠠᠶᠢᠭᠤᠯᠤᠯᠲᠠ ᠵᠢᠴᠢ ᠤᠬᠠᠭᠤᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠨ ᠦᠢᠯᠡᠴᠢᠯᠡᠭᠡ ᠶᠢ ᠨᠡᠩ ᠰᠠᠶᠢᠲᠤᠷ ᠬᠢᠵᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠪᠥᠭᠦᠯᠢ ᠴᠣᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠢᠳᠠᠮᠵᠢ ᠶᠢ ᠰᠢᠯᠢᠳᠡᠭᠵᠢᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠥᠬᠦ ᠣᠷᠣᠨ ᠤ ᠬᠤᠳᠠᠯᠳᠤᠭ᠎ᠠ ᠡᠷᠭᠢᠯᠠᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ︽ᠰᠦᠯᠵᠢᠶᠡᠨ ᠳᠡᠭᠡᠷ᠎ᠡ ᠭᠦᠢᠴᠡᠳᠭᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠨᠢᠭᠡ ᠯᠠ ᠤᠳᠠᠭ᠎ᠠ ᠳᠡᠭᠡᠷ᠎ᠡ ᠭᠦᠢᠴᠡᠳᠭᠡᠬᠦ᠂ ᠬᠠᠪᠰᠤᠷᠤᠨ ᠭᠦᠢᠴᠡᠳᠭᠡᠬᠦ︾ ᠳᠥᠷᠪᠡᠨ ᠵᠦᠢᠯ ᠤᠨ ᠠᠵᠢᠯ ᠢ ᠪᠦᠲᠦᠮᠵᠢᠲᠡᠶ ᠠᠬᠢᠭᠤᠯᠤᠨ ︽ᠪᠥᠬᠦ ᠬᠤᠲᠠ ᠳᠤ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢᠨ ᠠᠷᠭ᠎ᠠ ᠶᠢ ᠭᠦᠨᠵᠡᠭᠡᠶ ᠬᠡᠷᠡᠭᠵᠢᠬᠦᠯᠦᠨ ︽4 + 1︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ ᠣᠷᠳᠣᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠬᠡᠪ ᠳᠠᠭᠤᠷᠢᠶᠠᠯ ᠢ ᠪᠣᠶ ᠪᠤᠯᠭᠠᠨ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠪᠥᠬᠦ ᠤᠯᠤᠰ ᠤᠨ ᠰᠢᠯᠢᠳᠡᠭ ᠬᠤᠲᠠ ᠶᠢᠨ ᠡᠩᠨᠡᠭᠡᠨ ᠳᠤ ᠣᠷᠣᠬᠤ ᠶᠢ ᠠᠬᠢᠭᠤᠯᠬᠤ ᠬᠡᠷᠡᠭᠲᠡᠶ ᠭᠡᠰᠡᠨ ᠪᠠᠶᠢᠨ᠎ᠠ᠃
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ