ᠬᠢᠶ᠎ᠠ ᠪᠠᠭᠰᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠭᠠᠷᠠᠭ ᠤᠨ ᠨᠢᠭᠡᠨ ᠤ ᠥᠷᠯᠥᠭᠡ ᠶᠢᠨ ᠳᠠᠪᠲᠠᠯᠭ᠎ᠠ︾ ᠲᠤᠰᠬᠠᠶ ᠰᠡᠳᠦᠪᠳᠦ ᠨᠤᠮ ᠤᠩᠰᠢᠬᠤ ᠠᠩᠬᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2021/4/1
       
                3 ᠰᠠᠷ᠎ᠠ ᠶᠢᠨ29 ᠤ ᠡᠳᠦᠷ᠂ ᠬᠢᠶ᠎ᠠ ᠪᠠᠭᠰᠢ ᠲᠣᠭᠤᠷᠢᠭ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠭᠠᠷᠠᠭ ᠤᠨ ᠨᠢᠭᠡᠨ ᠤ ᠥᠷᠯᠥᠭᠡ ᠶᠢᠨ ᠳᠠᠪᠲᠠᠯᠭ᠎ᠠ︾ ᠶᠢᠨ ᠲᠤᠰᠬᠠᠶ ᠰᠡᠳᠦᠪᠲᠦ ᠨᠣᠮ ᠤᠩᠰᠢᠬᠤ ᠠᠩᠭᠢ ᠨᠠᠮ ᠤᠨ ᠭᠡᠰᠢᠭᠦᠨ ᠤ ᠤᠯᠤᠰ ᠲᠥᠷᠥ ᠶᠢᠨ ᠠᠮᠢᠳᠤᠷᠠᠯ ᠤᠨ ᠣᠷᠳᠣᠨ ᠳᠤ ᠰᠤᠷᠤᠯᠭ᠎ᠠ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠭᠢᠯ ᠵᠡᠷᠭᠡ ᠲᠣᠭᠤᠷᠢᠭ ᠤᠨ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠥᠬᠦ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃         ᠥᠷᠯᠥᠭᠡ ᠶᠢᠨ 8 ᠴᠠᠭ ᠲᠤ᠂ ᠨᠣᠮ ᠤᠩᠰᠢᠬᠤ ᠠᠩᠭᠢ ᠳᠤ ᠣᠷᠣᠬᠤ ᠳᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠠᠶᠢᠪᠤᠭᠤ ᠰᠤᠷᠤᠯᠴᠠᠵᠤ᠂ ᠪᠠᠶᠢᠨ ᠪᠠᠶᠢᠨ ᠲᠡᠮᠳᠡᠭᠯᠡᠯ ᠬᠢᠵᠦ᠂ ᠣᠯᠠᠨ ᠢᠶᠠᠷ ᠢᠶᠠᠨ ᠵᠢᠭᠠᠨ ᠲᠣᠭᠲᠠᠭᠠᠭᠰᠠᠨ ᠨᠣᠮ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠶ ᠰᠤᠷᠤᠯᠴᠠᠨ ᠰᠣᠯᠢᠯᠴᠠᠵᠤ᠂ ᠰᠤᠷᠤᠯᠴᠠᠬᠤ ᠶᠠᠪᠤᠴᠠ ᠶᠢ ᠠᠰᠠᠭᠤᠳᠠᠯ ᠢ ᠢᠯᠡᠷᠡᠭᠦᠯᠬᠦ ᠪᠠ ᠪᠠᠶᠢᠴᠠᠭᠠᠨ ᠦᠵᠡᠬᠦ ᠶᠠᠪᠤᠴᠠ᠂ ᠤᠯᠤᠰ ᠲᠥᠷᠥ ᠪᠠ ᠦᠵᠡᠯ ᠰᠠᠨᠠᠭᠠᠨ  ᠤ ᠲᠠᠨᠢᠯᠲᠠ ᠪᠠᠨ ᠳᠡᠭᠡᠭᠰᠢᠯᠡᠭᠦᠯᠬᠦ ᠶᠠᠪᠤᠴᠠ᠂ ᠬᠠᠷᠢᠯᠴᠠᠨ ᠰᠤᠷᠤᠯᠴᠠᠬᠤ ᠪᠠ ᠬᠠᠮᠲᠤ ᠪᠠᠷ ᠳᠠᠪᠰᠢᠨ ᠳᠡᠭᠡᠭᠰᠢᠯᠡᠬᠦ ᠶᠠᠪᠤᠴᠠ ᠪᠣᠯᠭᠠᠭᠰᠠᠨ ᠪᠠᠶᠢᠨ᠎ᠠ᠃         ︽ᠭᠠᠷᠠᠭ ᠤᠨ ᠨᠢᠭᠡᠨ ᠤ ᠥᠷᠯᠥᠭᠡ ᠶᠢᠨ ᠳᠠᠪᠲᠠᠯᠭ᠎ᠠ︾ ᠶᠢᠨ ᠲᠤᠰᠬᠠᠶ ᠰᠡᠳᠦᠪᠲᠦ ᠨᠣᠮ ᠤᠩᠰᠢᠬᠤ ᠠᠩᠭᠢ ᠪᠠᠶᠢᠭᠤᠯᠬᠤ ᠪᠣᠯ ᠬᠢᠶ᠎ᠠ ᠪᠠᠭᠰᠢ ᠲᠣᠭᠤᠷᠢᠭ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠶᠢ ᠡᠭᠦᠳᠬᠦ ᠠᠷᠭ᠎ᠠ ᠪᠠᠷᠢᠯ᠂ ᠨᠠᠮ ᠤᠨ ᠭᠡᠰᠢᠭᠦᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠴᠢᠬᠤᠯᠠ ᠭᠠᠵᠠᠷ ᠮᠥᠨ᠃ ᠨᠣᠮ ᠤᠩᠰᠢᠬᠤ ᠠᠩᠬᠢ ᠭᠠᠷᠠᠭ ᠤᠨ ᠨᠢᠭᠡᠨ ᠤ ᠥᠷᠯᠥᠭᠡ ᠪᠦᠷᠢ ᠨᠢᠭᠡ ᠴᠠᠭ ᠥᠪᠡᠷᠲᠡᠭᠡᠨ ᠰᠤᠷᠤᠯᠴᠠᠵᠦ᠂ ︽ᠲᠤᠯᠤᠭᠠᠨ ᠰᠠᠷ᠎ᠠ ᠶᠢᠨ ᠨᠢᠭᠡᠨ︾ ᠳᠤ ᠬᠦᠷᠲᠡᠯ᠎ᠡ ᠦᠷᠭᠦᠯᠵᠢᠯᠡᠨ᠂ ᠭᠦᠨᠵᠡᠭᠡᠢ ᠰᠤᠷᠤᠯᠴᠠᠬᠤ ᠠᠭᠤᠯᠭ᠎ᠠ᠂ ᠰᠤᠳᠤᠯᠤᠨ ᠤᠩᠰᠢᠬᠤ ᠨᠣᠮ ᠪᠣᠯᠤᠨ ᠴᠢᠬᠤᠯᠠ ᠯᠠᠪᠯᠠᠯᠲᠠ ᠶᠢᠨ ᠮᠠᠲ᠋ᠧᠷᠢᠶᠠᠯ ᠭᠡᠵᠦ ᠭᠤᠷᠪᠠᠨ ᠬᠡᠰᠡᠭ ᠲᠤ ᠬᠤᠪᠢᠶᠠᠵᠤ᠂ ᠲᠥᠪᠯᠡᠷᠡᠭᠦᠯᠦᠨ ᠰᠤᠷᠤᠯᠴᠠᠬᠤ ᠪᠠ ᠥᠪᠡᠷᠲᠡᠭᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠤᠯᠤᠰ ᠲᠦᠷᠦ ᠤᠨᠤᠯ ᠤᠨ ᠬᠡᠪ ᠪᠣᠯᠪᠠᠰᠤᠷᠠᠯ ᠢᠶᠠᠨ ᠬᠦᠴᠦᠯᠡᠨ ᠳᠡᠭᠡᠭᠰᠢᠯᠡᠭᠦᠯᠦᠨ᠎ᠡ᠃         ᠨᠣᠮ ᠤᠩᠰᠢᠬᠤ ᠠᠩᠭᠢ ᠳᠠᠪᠲᠠᠯᠭ᠎ᠠ ᠪᠠᠷ ᠳᠠᠮᠵᠢᠭᠤᠯᠤᠨ ᠨᠠᠮ ᠤᠨ ᠲᠡᠦᠬᠡ ᠶᠢᠨ ︽ᠵᠠᠪᠠᠯ ᠰᠤᠷᠬᠤ ᠬᠢᠴᠢᠶᠡᠯ︾ ᠤᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠤᠷᠤᠯᠴᠠᠯᠭ᠎ᠠ ᠶᠢ ᠪᠦᠲᠦᠮᠵᠢᠲᠡᠶ ᠪᠠᠲᠤᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢ ᠴᠢᠨᠠᠭᠰᠢᠳᠠ  ᠳᠡᠭᠡᠭᠰᠢᠯᠡᠭᠦᠯᠦᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ ᠣᠯᠤᠭᠰᠠᠨ ᠢᠲᠡᠭᠡᠯ ᠵᠣᠷᠢᠭ᠂ ᠵᠢᠮ᠎ᠡ ᠶᠣᠰᠣᠨ ᠤ ᠲᠤᠷᠰᠢᠯᠭ᠎ᠠ᠂  ᠤᠶᠢᠯᠠᠭᠠᠵᠤ ᠮᠡᠳᠡᠭᠰᠡᠨ ᠤᠨᠤᠯ ᠤᠨ ᠠᠷᠭ᠎ᠠ ᠶᠢ ᠪᠣᠭᠤᠮᠲᠠ ᠰᠢᠪᠲᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ᠂ ᠬᠥᠭᠵᠢᠯᠲᠡ ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠨᠠᠮ ᠤᠨ ᠲᠡᠦᠬᠡ ᠶᠢ ᠰᠤᠷᠤᠯᠴᠠᠬᠤ ᠶᠠᠪᠤᠴᠠ ᠳᠤ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠣᠯᠭᠤᠨ᠎ᠠ᠃
ᠢᠷᠡᠯᠲᠡ᠄ ᠲᠤᠰ ᠰᠦᠯᠵᠢᠶ᠎ᠡ