ᠬᠢᠶ᠎ᠠ ᠪᠠᠭᠰᠢ ᠲᠤᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ
ᠨᠡᠶᠢᠲᠡᠯᠡᠭᠰᠡᠨ ᠴᠠᠭ᠄
2021/4/1
1     ᠶᠡᠷᠦᠩᠬᠡᠶ ᠲᠦᠷᠢᠮ 1    1     ᠨᠠᠶᠢᠷᠠᠭᠤᠯᠤᠨ ᠵᠣᠬᠢᠶᠠᠬᠤ ᠵᠤᠷᠢᠯᠳᠠ      ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠥᠨᠳᠥᠷ ᠪᠦᠲᠦᠮᠵᠢᠲᠡᠶ ᠡᠮᠬᠢ ᠳᠢᠭᠯᠢᠮ ᠲᠠᠢ ᠶᠠᠪᠤᠭᠳᠠᠬᠤ ᠶᠢ ᠪᠠᠳᠣᠯᠠᠬᠤ ᠶᠢᠨ ᠲᠥᠯᠦᠭᠡ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠷᠤᠮᠵᠢᠭᠰᠠᠨ ᠠᠵᠢᠯ ᠤᠨ ᠶᠠᠪᠤᠴᠠ ᠶᠢ ᠪᠠᠶᠢᠭᠤᠯᠵᠤ᠂ ᠲᠤᠰᠬᠠᠯ ᠨᠢ ᠲᠦᠷᠭᠡᠨ᠂ ᠰᠢᠢᠳᠪᠦᠷᠢᠯᠡᠯᠳᠡ ᠨᠢ ᠥᠨᠳᠥᠷ ᠪᠦᠲᠦᠮᠵᠢᠲᠡᠶ ᠠᠷᠭᠠᠴᠠᠬᠤ ᠲᠣᠭᠲᠠᠴᠠ ᠶᠢ ᠪᠤᠢ ᠪᠣᠯᠭᠠᠵᠤ᠂ ᠴᠠᠭ ᠠᠭᠤᠷ ᠤᠨ ᠭᠠᠮᠰᠢᠭ ᠢ ᠠᠷᠭᠠᠴᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ  ᠳᠡᠭᠡᠭᠰᠢᠯᠡᠭᠦᠯᠦᠨ᠂ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠥᠮᠦᠨ ᠤ ᠦᠬᠦᠯ ᠰᠢᠷᠬᠠᠲᠤᠯ᠂ ᠡᠳ᠋ ᠬᠦᠷᠦᠩᠭᠡ ᠶᠢᠨ ᠬᠤᠬᠢᠷᠠᠯ ᠠᠴᠠ ᠵᠠᠶᠢᠯᠠᠰᠬᠢᠬᠦ ᠪᠤᠶᠤ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤᠯᠠᠭ᠎ᠠ ᠬᠠᠩᠭᠠᠬᠤ ᠶᠢᠨ ᠲᠥᠯᠦᠭᠡ᠂ ᠲᠤᠰ ᠪᠡᠯᠡᠳᠬᠡᠯ ᠲᠦᠰᠦᠯ ᠢ ᠣᠨᠴᠠᠭᠠᠶᠢᠯᠠᠨ ᠲᠣᠭᠲᠠᠭᠠᠪᠠ᠃ 1    2     ᠨᠠᠶᠢᠷᠠᠭᠤᠯᠤᠨ ᠵᠣᠬᠢᠶᠠᠬᠤ ᠦᠨᠳᠦᠰᠦᠯᠡᠯ     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠳᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ  ᠳᠠᠮᠵᠢᠭᠤᠯᠬᠤ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠷᠭ᠎ᠠ︾᠂ ︽ᠣᠷᠳᠣᠰ ᠬᠤᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠦᠰᠦᠯ︾᠂ ︽ᠣᠷᠳᠣᠰ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ᠵᠡᠷᠭᠡ ᠬᠠᠮᠢᠶ᠎ᠠ ᠪᠥᠬᠦᠶ ᠦᠨᠳᠦᠰᠦ ᠪᠠᠷᠢᠮᠲᠠ ᠶᠢ ᠦᠨᠳᠦᠰᠦᠯᠡᠨ ᠲᠣᠰ ᠪᠡᠯᠡᠳᠬᠡᠯ ᠲᠦᠰᠦᠯ ᠢ ᠲᠣᠭᠲᠠᠭᠠᠪᠠ᠃1    3     ᠬᠡᠷᠡᠭᠯᠡᠬᠦ ᠬᠡᠪᠴᠢᠶ᠎ᠡ     ᠲᠤᠰ ᠲᠦᠰᠦᠯ ᠢ ᠬᠢᠶ᠎ᠠ ᠪᠠᠭᠰᠢ   ᠶᠢᠨ ᠵᠠᠰᠠᠭ ᠵᠠᠬᠢᠷᠭᠠᠨ ᠤ ᠣᠷᠣᠨ ᠤ ᠭᠠᠩ ᠬᠠᠭᠤᠷᠠᠢ᠂ ᠰᠢᠷᠦᠭᠦᠨ ᠪᠣᠷᠣᠭᠠᠨ᠂ ᠰᠢᠷᠦᠭᠦᠨ ᠴᠠᠰᠤ᠂ ᠬᠢᠷᠠᠭᠤ ︵ᠮᠥᠰᠥ︶ ᠬᠥᠯᠳᠡᠬᠦ᠂ ᠬᠦᠢᠳᠡᠨ ᠤᠷᠤᠰᠬᠠᠯ᠂ ᠶᠡᠭᠡ ᠰᠠᠯᠬᠢ᠂ ᠡᠯᠡᠰᠦᠨ ᠰᠢᠭᠤᠷᠭ᠎ᠠ᠂ ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠠᠶᠤᠩᠭ᠎ᠠ ᠴᠠᠬᠢᠯᠭᠠᠨ᠂ ᠮᠥᠨᠳᠥᠷ᠂ ᠶᠡᠭᠡ ᠮᠠᠨᠠᠨ ᠵᠡᠷᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠳᠤ ᠬᠡᠷᠡᠭᠯᠡᠨ᠎ᠡ᠃     ᠴᠠᠭ ᠠᠭᠤᠷ ᠤᠨ ᠬᠦᠴᠦᠨ ᠵᠦᠢᠯ ᠠᠴᠠ ᠪᠣᠯᠤᠭᠰᠠᠨ ᠤᠰᠤ ᠭᠠᠩ ᠤᠨ ᠭᠠᠮᠰᠢᠭ᠂ ᠭᠠᠵᠠᠷ ᠤᠨ ᠭᠠᠢ ᠭᠠᠮᠰᠢᠭ ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠵᠡᠷᠭᠡ ᠪᠤᠰᠤᠳ ᠭᠠᠮᠰᠢᠭ ᠢ ᠰᠢᠢᠳᠪᠦᠷᠢᠯᠡᠭᠦ ᠳᠤ ᠪᠠᠴᠢᠮ ᠪᠠᠶᠢᠳᠠᠯ ᠢ ᠠᠷᠭᠠᠴᠠᠬᠤ ᠬᠤᠯᠪᠣᠭᠳᠠᠯ ᠪᠦᠬᠦᠢ ᠪᠡᠯᠡᠳᠬᠡᠯ ᠲᠦᠰᠦᠯ ᠤᠨ ᠲᠣᠭᠲᠠᠭᠠᠯ ᠢ ᠬᠡᠷᠡᠭᠯᠡᠨ᠎ᠡ᠃ 1    4     ᠠᠵᠢᠯ ᠤᠨ ᠵᠠᠷᠴᠢᠮ      ᠬᠥᠮᠦᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠎ᠠ  ᠃ ᠨᠢᠭᠡᠳᠦᠯᠲᠡᠶ ᠤᠳᠤᠷᠢᠳᠴᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠨ᠎ᠡ  ᠃ ᠱᠠᠲᠤ ᠬᠤᠪᠢᠶᠠᠨ ᠬᠠᠮᠢᠶᠠᠷᠴᠤ᠂ ᠬᠠᠷᠢᠶ᠎ᠠ ᠣᠷᠣᠨ ᠢᠶᠠᠷ ᠨᠢ ᠭᠤᠣᠯ ᠪᠣᠯᠭᠠᠨ᠎ᠠ᠃ ᠬᠠᠤᠯᠢ ᠶᠣᠰᠣᠭᠠᠷ ᠵᠢᠷᠤᠮᠵᠢᠭᠤᠯᠤᠨ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ ᠪᠠᠶᠢᠬᠤ ᠬᠡᠷᠡᠭᠲᠡᠶ᠃ ᠠᠵᠢᠯ ᠬᠤᠪᠢᠶᠠᠷᠢᠯᠠᠨ ᠬᠠᠷᠢᠭᠤᠴᠠᠵᠤ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠶᠢᠬᠤ ᠬᠡᠷᠡᠭᠲᠡᠶ᠃ ᠰᠢᠨᠵᠢᠯᠡᠬᠦ ᠤᠬᠠᠭᠠᠨᠴᠢ ᠮᠡᠷᠭᠡᠵᠢᠯ ᠢᠶᠠᠷ ᠲᠤᠯᠭᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠨ᠎ᠡ 2    ᠵᠣᠬᠢᠶᠠᠨ ᠪᠠᠶᠢᠭᠤᠯᠵᠤ ᠵᠢᠯᠣᠭᠤᠳᠬᠤ ᠳᠣᠭᠳᠠᠯᠴᠠᠭ᠎ᠠ ᠬᠢᠭᠡᠳ ᠲᠤᠰᠢᠶᠠᠯ ᠬᠠᠷᠢᠭᠤᠴᠠᠯᠭ᠎ᠠ 2    1     ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠪᠠᠶᠢᠭᠤᠯᠤᠮᠵᠢ 2    1   1     ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠯ      ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ   ᠤ  ᠬᠡᠪᠴᠢᠶᠠᠨ ᠳᠠᠬᠢ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠦᠷᠢᠯᠳᠦᠬᠦᠨ ᠨᠢ ᠳᠣᠣᠷᠠᠬᠢ ᠮᠡᠲᠦ᠄      ᠶᠡᠷᠦᠩᠬᠡᠶ ᠵᠢᠯᠤᠭᠤᠳᠤᠭᠴᠢ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠠᠭ ᠠᠭᠤᠷ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ      ᠳᠡᠳ᠋ ᠶᠡᠷᠦᠩᠬᠡᠶ ᠵᠢᠯᠣᠭᠤᠳᠣᠭᠴᠢ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠣᠪᠴᠢᠶᠠᠨ ᠤ ᠳᠣᠪᠴᠢᠶᠠᠨ ᠳᠠᠷᠤᠭ᠎ᠠ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠳᠣᠪᠴᠢᠶᠠᠨ ᠤ ᠳᠣᠪᠴᠢᠶᠠᠨ ᠳᠠᠷᠤᠭ᠎ᠠ     ᠵᠢᠯᠣᠭᠤᠳᠬᠤ ᠭᠠᠵᠠᠷ ᠤᠨ ᠪᠦᠷᠢᠯᠳᠦᠬᠦᠨ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠂ ᠲᠣᠭᠤᠷᠢᠭ ᠤᠨ ᠤᠬᠠᠭᠤᠯᠬᠤ ᠬᠡᠯᠲᠡᠰ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠰᠤᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠬᠢ᠂ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠡᠯ᠎ᠡ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ᠃     ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠳᠣᠣᠷ᠎ᠠ ᠠᠯᠪᠠᠨ ᠭᠡᠷ ᠪᠠᠶᠢᠭᠤᠯᠤᠨ᠂ ᠠᠯᠪᠠᠨ ᠭᠡᠷ ᠢ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ ᠡᠭᠦᠷᠭᠡᠯᠡᠵᠦ᠂ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ 2    2     ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ 221     ᠲᠣᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ  ᠤᠨ ᠲᠤᠰᠢᠶᠠᠯ ᠬᠠᠷᠢᠭᠤᠴᠠᠯᠭ᠎ᠠ᠄     ᠪᠥᠬᠦ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ   ᠰᠢᠢᠳᠪᠦᠷᠢᠯᠡᠬᠦ ᠠᠵᠢᠯ ᠢ ᠤᠳᠤᠷᠢᠳᠴᠤ᠂ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ  ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠡᠷᠡᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠡᠯ᠎ᠡ ᠪᠦᠷᠢᠯᠳᠦᠬᠦᠨ ᠨᠢᠭᠡᠴᠡ ᠳᠤ ᠮᠡᠳᠡᠭᠳᠡᠨ᠎ᠡ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ᠃ 22 2     ᠪᠦᠷᠢᠯᠳᠦᠬᠦᠨ ᠨᠢᠭᠡᠴᠡ ᠶᠢᠨ ᠲᠤᠰᠢᠶᠠᠯ ᠬᠠᠷᠢᠭᠤᠴᠠᠯᠭ᠎ᠠ᠄     ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠬᠡᠷ᠄ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ  ᠲᠤᠬᠢᠷᠠᠭᠤᠯᠣᠯᠳᠠ ᠵᠠᠷᠯᠢᠭ ᠢ ᠬᠡᠷᠡᠭᠵᠢᠭᠦᠯᠭᠦ ᠶᠢ ᠬᠠᠷᠢᠭᠤᠴᠠᠵᠣ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠴᠠᠭ ᠠᠭᠤᠷ ᠤᠨ ᠭᠠᠮᠰᠢᠭ ᠤᠨ ᠪᠠᠶᠢᠳᠠᠯ ᠢ ᠴᠤᠭᠯᠠᠭᠤᠯᠬᠤ᠂ ᠪᠠᠶᠢᠴᠠᠭᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠬᠤ ᠪᠠ ᠬᠡᠷᠡᠭᠵᠢᠭᠦᠯᠦᠨ᠎ᠡ  ᠃ ᠴᠠᠭ ᠠᠭᠤᠷ ᠤᠨ ᠭᠠᠮᠰᠢᠭ ᠤᠨ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠲᠤ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠦᠯ ᠢ ᠬᠠᠩᠭᠠᠬᠤ ᠪᠤᠶᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ  ᠠᠵᠢᠯᠯᠠᠭ᠎ᠠ ᠡᠬᠢᠯᠡᠭᠦᠯᠬᠦ ᠰᠠᠨᠠᠭᠤᠯᠭ᠎ᠠ ᠳᠤᠷᠠᠳᠬᠤ ᠶᠢᠨ ᠬᠠᠮᠲᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠳᠡᠯᠡᠨ ᠳᠠᠮᠵᠢᠭᠤᠯᠬᠤ ᠪᠤᠶᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠵᠠᠷᠯᠢᠭ ᠢ ᠳᠠᠮᠵᠢᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃     ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠤ  ᠤᠳᠤᠷᠢᠳᠣᠯᠭ᠎ᠠ ᠢ ᠬᠠᠮᠵᠢᠨ ᠴᠠᠭ ᠠᠭᠤᠷ ᠤᠨ ᠭᠠᠮᠰᠢᠭ ᠤᠨ ᠠᠵᠢᠯ ᠢ ᠳᠣᠬᠢᠷᠠᠭᠤᠯᠣᠨ᠎ᠠ᠃  ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢ ᠬᠠᠮᠵᠢᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠠᠢ ᠬᠠᠮᠲᠤᠷᠠᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢ ᠵᠣᠬᠢᠴᠠᠭᠤᠯᠵᠤ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠢᠨ᠎ᠠ᠃ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠪᠠ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠠᠵᠢᠯ ᠢ ᠰᠢᠪᠠᠳᠠᠨ ᠪᠠᠶᠢᠴᠠᠭᠠᠬᠤ ᠶᠢ ᠬᠠᠷᠢᠭᠤᠴᠠᠨ᠎ᠠ᠃     ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠄ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠬᠦ ᠶᠢ ᠬᠠᠷᠢᠭᠤᠴᠠᠵᠤ᠂ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠎ᠡ᠃ ᠵᠢᠯᠣᠭᠤᠳᠬᠤ ᠭᠠᠵᠠᠷ ᠲᠤ ᠭᠠᠮᠰᠢᠭᠲᠤ ᠴᠠᠭ ᠠᠭᠤᠷ ᠤᠨ ᠪᠣᠳᠠᠲᠤ ᠪᠠᠶᠢᠳᠠᠯ᠂ ᠬᠤᠪᠢᠷᠠᠯᠲᠠ ᠶᠢᠨ ᠬᠠᠨᠳᠤᠰᠢ ᠪᠠ ᠦᠨᠡᠯᠡᠨ ᠵᠢᠱᠢᠭᠰᠡᠨ ᠰᠠᠨᠠᠯ ᠢ ᠴᠠᠭ ᠲᠤᠬᠠᠶ ᠳᠤᠨᠢ ᠮᠡᠳᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠰᠠᠨᠠᠭᠤᠯᠭ᠎ᠠ ᠶᠢ  ᠳᠣᠷᠠᠳᠣᠨ᠎ᠠ᠃     ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠡᠳ᠋ ᠪᠠᠷᠠᠭ᠎ᠠ ᠨᠥᠭᠡᠴᠡᠯᠡᠬᠦ ᠲᠥᠯᠥᠪᠯᠡᠭᠡ ᠲᠣᠭᠲᠠᠭᠠᠬᠤ ᠶᠢ ᠬᠠᠷᠢᠭᠤᠴᠠᠵᠤ᠂ ᠭᠠᠮᠰᠢᠭ ᠠᠴᠠ ᠠᠪᠤᠷᠬᠠᠤ ᠡᠳ᠋ ᠪᠠᠷᠠᠭ᠎ᠠ ᠶᠢ ᠳᠣᠭᠢᠷᠠᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂  ᠮᠡᠳᠡᠭᠡᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠬᠦᠨᠳᠦ ᠶᠡᠭᠡ ᠴᠠᠭ ᠠᠭᠤᠷ ᠤᠨ ᠭᠠᠮᠰᠢᠭ ᠵᠢᠴᠢ ᠲᠡᠭᠦᠨ ᠠᠴᠠ ᠡᠭᠦᠰᠦᠭᠰᠡᠨ ᠭᠠᠮᠰᠢᠭ ᠢ ᠰᠡᠷᠭᠡᠶᠢᠯᠡᠨ ᠬᠤᠷᠢᠭᠯᠠᠬᠤ ᠲᠥᠷᠥᠯᠵᠦᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ᠂  ᠬᠠᠮᠢᠶ᠎ᠠ ᠪᠦᠬᠦᠢ ᠲᠥᠷᠥᠯ ᠵᠦᠢᠯ ᠤᠨ ᠰᠡᠳᠦᠪ ᠲᠣᠭᠲᠠᠭᠠᠬᠤ ᠭᠠᠷᠳᠠᠮ ᠢ ᠬᠦᠢᠴᠡᠳᠬᠡᠬᠦ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠨ᠎ᠠ᠃     ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠴᠠᠭ ᠠᠭᠤᠷ ᠤᠨ ᠭᠠᠮᠰᠢᠭ ᠠᠴᠠ ᠠᠪᠤᠷᠬᠠᠤ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠯᠠ ᠮᠥᠩᠭᠦ ᠶᠢ ᠴᠤᠭᠯᠠᠭᠤᠯᠬᠤ᠂ ᠳᠣᠭᠢᠷᠠᠭᠤᠯᠬᠤ᠂ ᠰᠠᠯᠭᠠᠨ ᠥᠭᠬᠦ ᠵᠢᠴᠢ ᠬᠡᠷᠡᠭᠯᠡᠬᠦ ᠶᠢᠨ ᠬᠢᠨᠠᠯᠲᠠ ᠳᠠᠯᠪᠢᠬᠤ ᠶᠢ ᠬᠠᠷᠢᠭᠤᠴᠠᠨ᠎ᠠ᠃     ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠄ ᠨᠢᠭᠡᠳᠦᠯᠲᠡᠶ ᠲᠥᠯᠥᠪᠵᠢᠭᠦᠯᠦᠨ᠂ ᠶᠡᠷᠦᠩᠬᠡᠶᠢᠯᠡᠨ ᠵᠤᠬᠢᠴᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ  ᠰᠢᠪᠠᠳᠠᠨ ᠵᠢᠯᠣᠭᠤᠳᠤᠨ᠎ᠠ᠃     ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠴᠠᠭ ᠠᠭᠤᠷ ᠤᠨ ᠭᠠᠮᠰᠢᠭ ᠭᠠᠷᠤᠭᠰᠠᠨ ᠪᠤᠶᠤ ᠨᠥᠯᠥᠭᠡᠯᠡᠭᠳᠡᠭᠰᠡᠨ ᠣᠷᠣᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠪᠠ ᠵᠠᠮ ᠬᠠᠷᠢᠯᠴᠠᠭᠠᠨ ᠤ ᠰᠠᠭᠠᠳ ᠥᠭᠡᠢ ᠨᠡᠪᠲᠡᠷᠡᠬᠦ ᠶᠢ ᠪᠠᠳᠣᠯᠠᠵᠤ ᠬᠠᠷᠢᠭᠤᠴᠠᠨ᠂ ᠭᠠᠮᠰᠢᠭᠳᠠᠭᠰᠠᠨ ᠣᠷᠣᠨ ᠤ ᠤᠯᠠᠨ ᠲᠦᠮᠡᠨ ᠢ  ᠪᠠᠴᠢᠮ ᠰᠢᠯᠵᠢᠭᠦᠯᠬᠦ ᠠᠵᠢᠯ ᠢ ᠬᠠᠪᠰᠤᠷᠤᠨ ᠵᠣᠬᠢᠶᠠᠨ  ᠪᠠᠶᠢᠭᠤᠯᠤᠨ᠎ᠠ᠃     ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠄ ᠭᠠᠵᠠᠷ ᠤᠨ  ᠭᠠᠢ ᠭᠠᠮᠰᠢᠭ ᠠᠮᠠᠷᠬᠠᠨ ᠡᠭᠦᠰᠳᠡᠭ ᠣᠷᠣᠨ ᠵᠢᠴᠢ ᠳᠠᠯᠳᠠ ᠬᠡᠮ ᠤᠨ ᠭᠠᠵᠠᠷ ᠤᠨ ᠣᠷᠣᠨ ᠪᠠᠶᠢᠷᠢ᠂ ᠲᠥᠷᠥᠯ ᠬᠡᠯᠪᠡᠷᠢ᠂ ᠣᠨᠴᠠᠯᠢᠭ ᠰᠢᠨᠵᠢ᠂ ᠭᠠᠵᠠᠷ ᠤᠨ ᠭᠠᠢ ᠭᠠᠮᠰᠢᠭ ᠤᠨ ᠭᠠᠮᠰᠢᠭ ︵ᠠᠶᠣᠯ︶ ᠤᠨ ᠪᠠᠶᠢᠳᠠᠯ ᠵᠢᠴᠢ ᠭᠠᠵᠠᠷ ᠤᠨ ᠭᠠᠢ ᠭᠠᠮᠰᠢᠭ ᠤᠨ ᠭᠠᠮᠰᠢᠭ ᠢ ᠰᠡᠷᠭᠡᠶᠢᠯᠡᠬᠦ ᠬᠠᠷᠢᠭᠤᠴᠠᠯᠭᠠᠲᠠᠨ ᠪᠠ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠬᠦᠮᠦᠰ  ᠤᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ᠃ ᠴᠠᠭ ᠠᠭᠤᠷ ᠤᠨ ᠭᠠᠮᠰᠢᠭ ᠠᠴᠠ ᠪᠣᠯᠤᠭᠰᠠᠨ ᠭᠠᠵᠠᠷ ᠤᠨ  ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠎ᠠ᠃ ᠭᠡᠨᠡᠳᠲᠡ ᠡᠭᠦᠰᠬᠦ ᠭᠠᠵᠠᠷ ᠤᠨ ᠭᠠᠢ ᠭᠠᠮᠰᠢᠭ ᠲᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ᠂ ᠬᠠᠮᠢᠶ᠎ᠠ ᠪᠥᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠡᠯᠡᠬᠦ  ᠬᠡᠷᠡᠭᠲᠡᠶ᠃     ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠭᠠᠮᠰᠢᠭᠳᠠᠭᠰᠠᠨ ᠣᠷᠣᠨ ᠤ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠬᠠᠷᠢᠭᠤᠴᠠᠨ  ᠂ ᠣᠷᠴᠢᠨ ᠲᠣᠭᠤᠷᠢᠨ ᠤ ᠪᠣᠬᠢᠷᠲᠤᠯ ᠢ ᠠᠷᠢᠯᠭᠠᠬᠤ ᠪᠠ ᠵᠠᠰᠠᠬᠤ ᠰᠠᠨᠠᠭᠤᠯᠭ᠎ᠠ ᠳᠤᠷᠠᠳᠤᠨ᠎ᠠ᠃     ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠡᠪᠳᠡᠭᠳᠡᠭᠰᠡᠨ ᠵᠠᠰᠠᠮᠠᠯ ᠵᠠᠮ ᠪᠠ ᠬᠤᠯᠪᠣᠭᠳᠠᠯ ᠪᠥᠬᠦᠶ ᠪᠡᠯᠡᠳᠬᠡᠮᠵᠢ ᠶᠢ ᠲᠦᠷᠭᠡᠬᠡᠨ ᠰᠡᠷᠭᠦᠭᠡᠬᠦ ᠶᠢ ᠬᠠᠷᠢᠭᠤᠴᠠᠵᠤ᠂ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠲᠡᠭᠡᠭᠡᠪᠦᠷᠢ ᠶᠢᠨ ᠲᠡᠷᠭᠡ ᠬᠥᠰᠬᠡ ᠶᠢ ᠲᠠᠲᠠᠪᠤᠷᠢᠯᠠᠨ ᠬᠡᠷᠡᠭᠯᠡᠬᠦ ᠳᠤ ᠬᠠᠮᠵᠢᠨ ᠠᠶᠤᠯ ᠠᠴᠠ ᠠᠪᠤᠷᠠᠨ ᠲᠤᠰᠠᠯᠠᠬᠤ ᠬᠥᠮᠦᠰ᠂ ᠡᠳ᠋ ᠪᠠᠷᠠᠭ᠎ᠠ ᠪᠣᠯᠤᠨ ᠭᠠᠮᠰᠢᠭᠳᠠᠭᠰᠠᠨ ᠠᠷᠠᠳ ᠢ ᠲᠠᠷᠬᠠᠭᠠᠬᠤ ᠵᠡᠷᠭᠡ ᠲᠡᠭᠡᠭᠡᠪᠦᠷᠢ ᠶᠢᠨ ᠠᠵᠢᠯ ᠢ  ᠬᠢᠨ᠎ᠡ᠃     ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠄ ᠲᠠᠷᠢᠶᠠᠯᠠᠩ ᠤᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠦᠨᠳᠦ ᠶᠡᠭᠡ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠤ ᠭᠠᠮᠰᠢᠭ ᠤᠨ ᠳᠠᠷᠠᠭᠠᠬᠢ  ᠦᠢᠯᠡᠳᠪᠦᠷᠢᠯᠡᠯ ᠢᠶᠠᠨ ᠰᠡᠷᠭᠦᠭᠡᠬᠦ ᠶᠢ ᠵᠢᠯᠣᠭᠤᠳᠤᠨ᠎ᠠ᠃  ᠲᠤᠭᠤᠷᠢᠭ ᠤᠨ ᠬᠡᠪᠴᠢᠶᠠᠨ ᠳᠠᠬᠢ ᠭᠤᠣᠯ ᠮᠥᠷᠡᠨ᠂ ᠤᠰᠤᠨ ᠣᠷᠣᠨ᠂ ᠤᠰᠤᠨ ᠴᠥᠭᠦᠷᠥᠮ ᠤᠨ ᠲᠠᠷᠬᠠᠯᠲᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ᠃  ᠭᠠᠩ ᠤᠰᠤᠲᠤᠯ ᠤᠨ ᠭᠠᠮᠰᠢᠭ ᠵᠡᠷᠭᠡ ᠭᠠᠮᠰᠢᠭ ᠤᠨ ᠪᠠᠶᠢᠳᠠᠯ ᠤᠨ ᠨᠥᠯᠥᠭᠡᠯᠡᠯ ᠤᠨ ᠲᠠᠷᠬᠠᠯᠲᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ  ᠃ ᠴᠠᠭ ᠠᠭᠤᠷ ᠤᠨ ᠭᠠᠮᠰᠢᠭ ᠭᠠᠷᠬᠤ ᠦᠶ᠎ᠡ  ᠲᠤ᠂ ᠭᠤᠣᠯ ᠮᠥᠷᠡᠨ᠂ ᠤᠰᠤᠨ ᠴᠥᠭᠦᠷᠥᠮ ᠵᠡᠷᠭᠡ ᠦᠶᠡᠷ ᠢ  ᠰᠡᠷᠭᠡᠶᠢᠯᠡᠬᠦ ᠪᠠᠷᠢᠯᠭ᠎ᠠ ᠶᠢᠨ ᠪᠡᠯᠡᠳᠬᠡᠮᠵᠢ ᠶᠢᠨ ᠴᠠᠭ ᠠᠭᠤᠷ ᠤᠨ ᠭᠠᠮᠰᠢᠭ ᠠᠴᠠ ᠵᠠᠶᠢᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃     ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄  ᠡᠮᠴᠢᠯᠡᠵᠦ ᠠᠪᠤᠷᠠᠨ ᠳᠣᠰᠠᠯᠠᠬᠤ᠂ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠵᠡᠷᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠤᠨ ᠭᠠᠵᠠᠷ ᠵᠦᠶ ᠶᠢᠨ ᠲᠠᠷᠬᠠᠯᠲᠠ᠂ ᠬᠠᠯᠳᠠᠪᠤᠷᠢᠲᠤ ᠡᠪᠡᠳᠴᠢᠨ ᠤ ᠡᠭᠦᠰᠦᠯᠲᠡ᠂ ᠬᠥᠭᠵᠢᠯᠲᠡ ᠶᠢᠨ ᠬᠥᠳᠡᠯᠦᠩᠭᠦᠶ ᠮᠡᠳᠡᠭᠡ ᠵᠠᠩᠭᠢ ᠶᠢ ᠬᠠᠩᠭᠠᠨ᠎ᠠ᠃     ᠲᠣᠭᠤᠷᠢᠭ ᠤᠨ ᠤᠬᠠᠭᠤᠯᠬᠤ ᠬᠡᠯᠲᠡᠰ᠄ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠤᠨ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠬᠦ ᠶᠢ ᠵᠣᠬᠢᠴᠠᠭᠤᠯᠤᠨ ᠬᠠᠷᠢᠭᠤᠴᠠᠨ᠎ᠠ᠃     ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠄ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ᠠᠵᠢᠯ ᠢ ᠬᠠᠷᠢᠭᠤᠴᠠᠨ᠂ ᠵᠢᠭᠤᠯᠴᠢᠯᠠᠭᠴᠢᠳ ᠲᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠡᠷᠡᠭ ᠭᠠᠷᠤᠭᠰᠠᠨ ᠭᠠᠵᠠᠷ ᠤᠨ ᠠᠶᠠᠨᠴᠢᠳ ᠢ ᠲᠦᠷᠭᠡᠨ ᠲᠠᠷᠬᠠᠭᠠᠬᠤ ᠪᠠ ᠠᠶᠤᠯ ᠠᠴᠠ ᠵᠠᠶᠢᠯᠠᠬᠤ ᠠᠵᠢᠯ ᠢ ᠬᠢᠵᠤ᠂ ᠦᠵᠡᠮᠵᠢ ᠶᠢᠨ ᠣᠷᠣᠨ ᠤ ᠳᠣᠲᠣᠷᠠᠬᠢ ᠴᠠᠭ ᠠᠭᠤᠷ ᠤᠨ ᠭᠠᠮᠰᠢᠭ ᠠᠴᠠ ᠪᠣᠯᠵᠣ ᠡᠪᠳᠡᠭᠳᠡᠭᠰᠡᠨ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠬᠤ ᠶᠢ ᠵᠣᠬᠢᠴᠠᠭᠤᠯᠤᠨ ᠵᠢᠯᠣᠭᠤᠳᠤᠨ᠎ᠠ᠃     ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ  ᠬᠡᠪᠴᠢᠶᠡᠨ ᠳᠠᠬᠢ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠬᠠᠷᠢᠭᠤᠴᠠᠨ ᠵᠢᠯᠣᠭᠤᠳᠴᠤ᠂ ᠭᠠᠮᠰᠢᠭᠳᠠᠭᠰᠠᠨ ᠬᠡᠷ ᠪᠠᠶᠢᠰᠢᠩ ᠪᠠ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠢᠨᠵᠧᠨᠧᠷᠢᠩ ᠤᠨ ᠬᠤᠬᠢᠷᠠᠯ ᠤᠨ ᠬᠡᠮᠵᠢᠶ᠎ᠡ ᠶᠢ ᠦᠨᠡᠯᠡᠨ ᠵᠢᠱᠢᠨ᠎ᠡ᠃ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠥᠳᠥᠭᠡᠨ ᠪᠠᠶᠢᠭᠤᠯᠬᠤ ᠲᠥᠯᠥᠪᠵᠢᠭᠦᠯᠭᠡ ᠪᠣᠯᠤᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃     ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠄ ᠰᠤᠷᠭᠠᠭᠤᠯᠢ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃ ᠴᠠᠭ ᠠᠭᠤᠷ ᠤᠨ ᠭᠠᠮᠰᠢᠭ ᠰᠡᠷᠡᠮᠵᠢᠯᠡᠭᠦᠯᠬᠦ ᠪᠤᠶᠤ ᠨᠥᠯᠥᠭᠡᠯᠡᠬᠦ ᠦᠶ᠎ᠡ ᠳᠤ᠂ ᠬᠠᠮᠢᠶ᠎ᠠ ᠪᠥᠬᠦᠢ ᠣᠷᠣᠨ ᠤ ᠰᠤᠷᠤᠭᠴᠢᠳ ᠪᠣᠯᠤᠨ ᠪᠠᠭᠰᠢ ᠨᠠᠷ ᠤᠨ ᠠᠮᠤᠷ ᠲᠦᠪᠰᠢᠨ᠂ ᠲᠦᠷᠭᠡᠨ ᠰᠢᠯᠵᠢᠬᠦ ᠶᠢ ᠵᠣᠬᠢᠶᠠᠨ ᠪᠠᠶᠢᠭᠤᠯᠵᠤ ᠪᠠᠲᠤᠯᠠᠬᠤ ᠶᠢᠨ ᠬᠠᠮᠲᠤ ᠬᠠᠮᠢᠶ᠎ᠠ ᠪᠥᠬᠦᠢ ᠮᠡᠳᠡᠭᠡ ᠵᠠᠩᠭᠢ ᠶᠢ ᠴᠠᠭ ᠲᠤᠬᠠᠶ  ᠲᠤᠨᠢ  ᠮᠡᠳᠡᠭᠳᠡᠬᠦ ᠶᠢ ᠬᠠᠷᠢᠭᠤᠴᠠᠨ᠎ᠠ᠃     ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠄ ᠭᠠᠮᠰᠢᠭᠳᠠᠭᠰᠠᠨ ᠣᠷᠣᠨ ᠤ ᠣᠯᠠᠨ ᠲᠦᠮᠡᠨ ᠤ ᠭᠠᠮᠰᠢᠭ ᠠᠴᠠ ᠪᠣᠯᠤᠭᠰᠠᠨ ᠦᠨᠳᠦᠰᠦᠨ ᠠᠮᠢᠳᠤᠷᠠᠯ ᠤᠨ ᠬᠦᠴᠢᠷᠳᠡᠯ ᠢ ᠬᠠᠪᠰᠤᠷᠤᠨ  ᠰᠢᠢᠳᠪᠦᠷᠢᠯᠡᠵᠦ᠂ ᠭᠠᠮᠰᠢᠭ ᠠᠴᠠ ᠠᠪᠤᠷᠬᠠᠤ ᠪᠡᠯᠡᠭᠯᠡᠨ ᠭᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠬᠢ᠄ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ ᠬᠦᠴᠦᠨ ᠢᠶᠠᠨ ᠵᠣᠬᠢᠶᠠᠨ ᠪᠠᠶᠢᠭᠤᠯᠤᠨ ᠠᠶᠤᠯ ᠭᠠᠮᠰᠢᠭ ᠠᠴᠠ ᠠᠪᠤᠷᠠᠬᠤ ᠳᠤ ᠣᠷᠤᠯᠴᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠵᠤ᠂ ᠬᠤᠯᠪᠣᠭᠳᠠᠯ ᠪᠥᠬᠦᠶ ᠠᠮᠤᠷ ᠢ ᠬᠠᠮᠠᠭᠠᠯᠠᠬᠤ ᠠᠵᠢᠯ ᠢ ᠬᠢᠨ᠎ᠡ᠃ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ  ᠬᠦᠴᠦᠨ ᠢᠶᠠᠨ ᠵᠣᠬᠢᠶᠠᠨ ᠪᠠᠶᠢᠭᠤᠯᠵᠤ ᠠᠶᠤᠯ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠨ᠎ᠠ᠃     ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠄ ᠴᠠᠬᠢᠯᠭᠠᠨ ᠬᠦᠴᠦᠨ ᠤ ᠠᠵᠤ ᠠᠬᠤᠶᠢᠯᠠᠯ  ᠤᠨ ᠴᠠᠬᠢᠯᠭᠠᠨ ᠤ ᠲᠣᠣᠷ ᠤᠨ ᠬᠡᠪ ᠤᠨ ᠶᠣᠰᠣᠭᠠᠷ ᠴᠠᠬᠢᠯᠭᠠᠨ ᠬᠠᠩᠭᠠᠬᠤ ᠶᠢ ᠬᠠᠮᠠᠭᠠᠯᠠᠬᠤ ᠶᠢ ᠬᠠᠷᠢᠭᠤᠴᠠᠨ ᠵᠣᠬᠢᠴᠠᠭᠤᠯᠵᠤ᠂ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠳᠠᠮᠵᠢᠭᠤᠯᠬᠤ᠂ ᠮᠡᠳᠡᠭᠦᠯᠦᠨ ᠬᠦᠷᠭᠡᠬᠦ ᠪᠠ ᠴᠠᠭ ᠠᠭᠤᠷ ᠤᠨ ᠭᠠᠮᠰᠢᠭ ᠭᠠᠷᠤᠭᠰᠠᠨ ᠲᠤᠬᠠᠶ ᠶᠢᠨ ᠲᠠᠯᠠᠪᠠᠢ ᠶᠢᠨ ᠴᠠᠭ ᠠᠭᠤᠷ ᠤᠨ ᠦᠢᠯᠡᠴᠢᠯᠡᠭᠡᠨ ᠤ ᠠᠵᠢᠯ ᠤᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠲᠤᠯᠠᠭ᠎ᠠ ᠶᠢ ᠪᠠᠲᠤᠯᠠᠨ᠎ᠠ᠃     ᠳᠤᠮᠳᠠᠳᠤ ᠤᠯᠤᠰ ᠤᠨ ᠨᠢᠭᠡᠳᠦᠮᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠬᠤ ᠶᠢ ᠬᠠᠷᠢᠭᠤᠴᠠᠵᠤ᠂ ᠡᠯ᠎ᠡ ᠵᠦᠢᠯ ᠤᠨ ᠴᠠᠭ ᠠᠭᠤᠷ ᠤᠨ ᠮᠡᠳᠡᠭᠡ ᠵᠠᠩᠭᠢ ᠳᠠᠮᠵᠢᠭᠤᠯᠬᠤ᠂ ᠮᠡᠳᠡᠭᠦᠯᠦᠨ ᠬᠦᠷᠭᠡᠬᠦ ᠪᠠ ᠨᠡᠶᠢᠲᠡᠯᠡᠬᠦ ᠴᠢᠮᠡᠭᠡ ᠬᠤᠯᠪᠣᠭᠠᠨ ᠤ ᠱᠤᠭᠤᠮ ᠤᠨ ᠰᠠᠭᠠᠳ ᠥᠬᠡᠶ ᠨᠡᠪᠲᠡᠷᠡᠬᠦ ᠶᠢ ᠴᠠᠭ ᠲᠤᠬᠠᠶ ᠳᠤᠨᠢ ᠪᠠᠲᠤᠯᠠᠨ᠎ᠠ᠃     ᠡᠯ᠎ᠡ ᠵᠡᠭᠡᠯᠢ ᠭᠤᠳᠤᠮᠵᠢ᠄ ᠲᠣᠰ ᠲᠣᠰ ᠤᠨ ᠬᠡᠪᠴᠢᠶᠠᠨ ᠳᠠᠬᠢ ᠴᠠᠭ ᠠᠭᠤᠷ ᠤᠨ ᠭᠠᠮᠰᠢᠭ ᠢ   ᠰᠡᠷᠭᠡᠶᠢᠯᠡᠨ ᠬᠤᠷᠢᠭᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃     ᠲᠣᠰ ᠪᠡᠯᠡᠳᠬᠡᠯ ᠲᠥᠰᠦᠯ ᠳᠤ ᠵᠢᠭᠰᠠᠭᠠᠭᠰᠠᠨ ᠥᠬᠡᠶ ᠪᠤᠰᠤᠳ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ᠂ ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠢ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠪᠠ ᠬᠡᠷᠡᠭ ᠶᠠᠪᠤᠳᠠᠯ ᠢ ᠰᠢᠢᠳᠪᠦᠷᠢᠯᠡᠬᠦ ᠬᠡᠷᠡᠭᠴᠡᠭᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ  ᠬᠢᠨ᠎ᠡ᠃23      ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠭᠤᠶᠢᠯᠠᠩ ᠵᠢᠴᠢ ᠲᠤᠰᠢᠶᠠᠯ ᠬᠠᠷᠢᠭᠤᠴᠠᠯᠭ᠎ᠠ 231      ᠲᠤᠬᠠᠶ ᠶᠢᠨ ᠲᠠᠯᠠᠪᠤᠷ ᠲᠤ ᠠᠶᠤᠯ ᠠᠴᠠ ᠠᠪᠤᠷᠠᠬᠤ ᠳᠤᠭᠤᠶᠢᠯᠠᠩ     ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠃     ᠪᠦᠷᠢᠯᠳᠦᠬᠦᠨ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠃     ᠴᠠᠭ ᠠᠭᠤᠷ ᠤᠨ ᠭᠠᠮᠰᠢᠭ ᠤᠨ ᠬᠡᠷᠡᠭ   ᠤᠨ ᠳᠤᠮᠳᠠᠬᠢ ᠬᠥᠮᠦᠰ ᠢ ᠡᠷᠢᠵᠦ ᠠᠪᠤᠷᠠᠬᠤ᠂ ᠲᠠᠯᠳᠠ ᠭᠡᠮ ᠢ ᠠᠷᠢᠯᠭᠠᠬᠤ᠂ ᠵᠠᠰᠠᠮᠠᠯ ᠵᠠᠮ ᠤᠨ ᠨᠡᠪᠲᠡᠷᠡᠬᠦ ᠴᠢᠳᠠᠪᠤᠷᠢ ᠶᠢ ᠰᠡᠷᠭᠦᠭᠡᠬᠦ ᠪᠠ ᠴᠠᠭ ᠠᠭᠤᠷ ᠤᠨ ᠭᠠᠮᠰᠢᠭ ᠠᠴᠠ ᠪᠣᠯᠤᠭᠰᠠᠨ ᠡᠪᠳᠡᠯᠡᠭᠡ ᠶᠢᠨ ᠬᠡᠮᠵᠢᠶ᠎ᠡ ᠶᠢ ᠰᠢᠯᠭᠠᠨ ᠲᠣᠭᠲᠠᠭᠠᠬᠤ ᠵᠡᠷᠭᠡ ᠠᠵᠢᠯ   ᠢ ᠬᠠᠷᠢᠭᠤᠴᠠᠨ᠎ᠠ᠃ 232    ᠡᠮᠴᠢᠯᠡᠵᠦ ᠠᠪᠤᠷᠠᠨ ᠲᠤᠰᠠᠯᠠᠬᠤ ᠳᠤᠭᠤᠶᠢᠯᠠᠩ     ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠃     ᠪᠦᠷᠢᠯᠳᠦᠬᠦᠨ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠃     ᠡᠮᠴᠢᠯᠡᠵᠦ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ᠂ ᠲᠤᠨᠤᠭ ᠲᠥᠬᠦᠭᠡᠷᠦᠮᠵᠢ᠂ ᠡᠮ ᠡᠮᠨᠡᠯᠭᠡ ᠶᠢᠨ ᠡᠳ᠋ ᠪᠣᠳᠠᠰ ᠵᠡᠷᠭᠡ ᠶᠢ ᠨᠢᠭᠡᠳᠦᠭᠦᠯᠦᠨ ᠰᠢᠯᠵᠢᠭᠦᠯᠦᠨ ᠲᠣᠮᠢᠯᠠᠵᠤ᠂ ᠭᠠᠮᠰᠢᠭᠳᠠᠭᠰᠠᠨ ᠣᠷᠣᠨ ᠳᠤ  ᠣᠴᠢᠨ ᠴᠠᠭ ᠠᠭᠤᠷ ᠤᠨ ᠭᠠᠮᠰᠢᠭ ᠠᠴᠠ ᠪᠣᠯᠤᠭᠰᠠᠨ ᠰᠢᠷᠬᠠᠲᠤᠭᠰᠠᠳ ᠢ ᠲᠤᠬᠠᠶ ᠶᠢᠨ ᠭᠠᠵᠠᠷ ᠲᠤᠨᠢ ᠲᠦᠷᠭᠡᠨ ᠠᠪᠤᠷᠠᠬᠤ᠂ ᠰᠢᠯᠵᠢᠭᠦᠯᠦᠨ ᠲᠡᠭᠡᠭᠡᠪᠦᠷᠢᠯᠡᠬᠦ᠂ ᠡᠮᠨᠡᠯᠭᠡ ᠶᠢᠨ ᠬᠤᠷᠢᠶᠠᠨ ᠳᠤ ᠠᠪᠤᠷᠠᠨ ᠵᠠᠰᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠬᠦ ᠶᠢ ᠬᠠᠷᠢᠭᠤᠴᠠᠨ᠎ᠠ  ᠃ ᠠᠪᠤᠷᠠᠨ ᠲᠤᠰᠠᠯᠠᠬᠤ ᠬᠥᠮᠦᠰ ᠪᠠ ᠭᠠᠮᠰᠢᠭᠳᠠᠭᠰᠠᠨ ᠣᠷᠣᠨ ᠤ ᠤᠯᠠᠨ ᠲᠦᠮᠡᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃ 233      ᠠᠮᠤᠷ ᠲᠦᠪᠰᠢᠨ ᠢ ᠬᠠᠮᠠᠭᠠᠯᠠᠬᠤ ᠳᠤᠭᠤᠶᠢᠯᠠᠩ     ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠃     ᠪᠦᠷᠢᠯᠳᠦᠬᠦᠨ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ  ᠶᠠᠪᠤᠳᠠᠯ ᠤᠨ ᠰᠠᠯᠠᠭ᠎ᠠ     ᠴᠠᠭ ᠠᠭᠤᠷ ᠤᠨ ᠭᠠᠮᠰᠢᠭ ᠤᠨ ᠬᠡᠷᠡᠭ ᠭᠠᠷᠤᠭᠰᠠᠨ ᠭᠠᠵᠠᠷ ᠤᠨ ᠠᠮᠤᠷ ᠲᠦᠪᠰᠢᠨ ᠤ  ᠰᠡᠷᠡᠮᠵᠢᠯᠡᠭᠦᠯᠦᠯᠳᠡ ᠶᠢ ᠬᠠᠷᠢᠭᠤᠴᠠᠨ᠂ ᠬᠥᠮᠦᠰ ᠢ ᠲᠠᠷᠬᠠᠭᠠᠬᠤ ᠪᠠ ᠰᠢᠯᠵᠢᠭᠦᠯᠦᠨ ᠲᠥᠪᠬᠢᠨᠡᠭᠦᠯᠵᠦ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠨ᠎ᠠ᠃ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠬᠡᠷᠡᠭ ᠭᠠᠷᠤᠭᠰᠠᠨ ᠲᠤᠬᠠᠶ ᠶᠢᠨ ᠲᠠᠯᠠᠪᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠪᠠ ᠵᠠᠮ ᠬᠠᠷᠢᠯᠴᠠᠭ᠎ᠠ ᠶᠢ ᠨᠡᠪᠲᠡᠷᠡᠭᠦᠯᠦᠨ ᠵᠢᠯᠣᠭᠤᠳᠬᠤ ᠶᠢ ᠬᠡᠷᠡᠭᠵᠢᠭᠦᠯᠵᠦ᠂ ᠠᠪᠤᠷᠠᠨ ᠲᠤᠰᠠᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ 234      ᠠᠷᠤ ᠲᠠᠯ᠎ᠠ ᠶᠢᠨ ᠦᠢᠯᠡᠴᠢᠯᠡᠭᠡ ᠶᠢ ᠪᠠᠳᠣᠯᠠᠬᠤ ᠳᠤᠭᠤᠶᠢᠯᠠᠩ     ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠃     ᠪᠦᠷᠢᠯᠳᠦᠬᠦᠨ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂  ᠳᠤᠮᠳᠠᠳᠤ ᠤᠯᠤᠰ ᠤᠨ ᠨᠢᠭᠡᠳᠦᠮᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠬᠢᠶ᠎ᠠ ᠪᠠᠭᠰᠢ ᠬᠤᠪᠢᠶᠠᠷᠢ ᠺᠣᠮᠫᠠᠨᠢ᠃     ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ᠂ ᠠᠪᠤᠷᠠᠨ ᠲᠤᠰᠠᠯᠠᠬᠤ ᠠᠵᠢᠯᠳᠠᠨ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠴᠠᠬᠢᠯᠭᠠᠨ ᠬᠦᠴᠦᠨ ᠤ ᠪᠠᠲᠤᠯᠠᠭ᠎ᠠ᠂ ᠴᠢᠮᠡᠭᠡ ᠬᠤᠯᠪᠣᠭᠠᠨ ᠤ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ᠂ ᠭᠠᠮᠰᠢᠭᠳᠠᠭᠰᠠᠨ ᠠᠷᠠᠳ ᠢ ᠠᠪᠤᠷᠠᠨ ᠲᠤᠰᠠᠯᠠᠬᠤ᠂ ᠬᠤᠶᠢᠰᠢ ᠶᠢᠨ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠵᠤ᠂ ᠲᠤᠬᠠᠶ ᠶᠢᠨ ᠲᠠᠯᠠᠪᠠᠢ ᠬᠢᠭᠡᠳ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠯᠤᠭ᠎ᠠ ᠶᠢᠨ ᠬᠤᠯᠪᠣᠭ᠎ᠠ ᠬᠠᠷᠢᠯᠴᠠᠭ᠎ᠠ ᠶᠢ ᠪᠠᠶᠢᠭᠤᠯᠤᠨ᠎ᠠ᠃ 235      ᠪᠠᠶᠢᠴᠠᠭᠠᠵᠤ ᠬᠢᠨᠠᠨ ᠬᠡᠮᠵᠢᠬᠦ ᠳᠤᠭᠤᠶᠢᠯᠠᠩ     ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ     ᠪᠦᠷᠢᠯᠳᠦᠬᠦᠨ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃     ᠬᠡᠷᠡᠭ ᠭᠠᠷᠤᠭᠰᠠᠨ ᠭᠠᠵᠠᠷ ᠤᠨ ᠴᠠᠭ ᠠᠭᠤᠷ ᠤᠨ ᠨᠥᠬᠦᠴᠡᠯ ᠬᠢᠭᠡᠳ ᠭᠠᠮᠰᠢᠭ ᠢ ᠪᠠᠶᠢᠴᠠᠭᠠᠨ ᠪᠦᠷᠢᠳᠬᠡᠬᠦ ᠪᠠ ᠬᠥᠳᠡᠯᠦᠩᠭᠦᠶ ᠬᠢᠨᠠᠨ ᠬᠡᠮᠵᠢᠬᠦ ᠶᠢ ᠬᠠᠷᠢᠭᠤᠴᠠᠨ᠂ ᠴᠠᠭ ᠠᠭᠤᠷ ᠤᠨ ᠭᠠᠮᠰᠢᠭ ᠢ  ᠰᠢᠢᠳᠪᠦᠷᠢᠯᠡᠬᠦ ᠳᠤ ᠮᠡᠷᠭᠡᠵᠢᠯ  ᠤᠨ ᠳᠡᠮᠵᠢᠯᠭᠡ ᠬᠠᠩᠭᠠᠵᠤ᠂ ᠡᠭᠦᠰᠦᠮᠡᠯ ᠭᠠᠮᠰᠢᠭ ᠭᠠᠷᠴᠤ ᠨᠡᠩ ᠶᠡᠭᠡ ᠬᠥᠮᠦᠨ ᠦᠬᠦᠵᠦ ᠰᠢᠷᠬᠠᠲᠤᠬᠤ ᠶᠢ ᠰᠡᠷᠭᠡᠶᠢᠯᠡᠨ᠎ᠡ᠃ 2     3     6       ᠰᠣᠨᠢᠨ ᠮᠡᠳᠡᠭᠡᠯᠡᠯ ᠤᠨ ᠳᠤᠭᠤᠶᠢᠯᠠᠩ     ᠲᠦᠷᠦᠭᠦᠯᠡᠨ ᠬᠢᠭᠦ ᠨᠢᠭᠡᠴᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ     ᠪᠦᠷᠢᠯᠳᠦᠬᠦᠨ ᠨᠢᠭᠡᠴᠡ᠄ ᠲᠣᠭᠤᠷᠢᠭ ᠤᠨ ᠤᠬᠠᠭᠤᠯᠬᠤ ᠬᠡᠯᠲᠡᠰ᠃     ᠠᠪᠤᠷᠠᠨ ᠲᠤᠰᠠᠯᠠᠬᠤ ᠲᠤᠬᠠᠶ ᠶᠢᠨ ᠲᠠᠯᠠᠪᠠᠶ ᠶᠢᠨ ᠰᠣᠨᠢᠨ ᠮᠡᠳᠡᠭᠡᠨ ᠤ ᠰᠤᠷᠪᠤᠯᠵᠢᠯᠠᠭᠴᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠢᠯᠣᠭᠤᠳᠬᠤ ᠭᠠᠵᠠᠷ ᠤᠨ ᠬᠠᠩᠭᠠᠭᠰᠠᠨ ᠡᠷᠬᠡ ᠰᠦᠷᠲᠦ ᠮᠡᠳᠡᠭᠡ ᠵᠠᠩᠭᠢ ᠶᠢᠨ ᠶᠣᠰᠣᠭᠠᠷ ᠰᠣᠨᠢᠨ ᠮᠡᠳᠡᠭᠡᠨ ᠤ ᠤᠬᠠᠭᠤᠯᠤᠨ ᠮᠡᠳᠡᠭᠡᠯᠡᠬᠦ ᠪᠠ  ᠭᠠᠳᠠᠭᠰᠢ ᠰᠣᠨᠢᠨ ᠮᠡᠳᠡᠭᠡ ᠨᠡᠶᠢᠲᠡᠯᠡᠬᠦ ᠠᠵᠢᠯ ᠢ ᠶᠠᠪᠤᠭᠳᠠᠭᠤᠯᠤᠨ᠎ᠠ᠃ 237      ᠲᠤᠰᠬᠠᠶ ᠮᠡᠷᠭᠡᠵᠢᠯᠲᠡᠨ  ᠤ  ᠵᠥᠪᠯᠡᠯᠭᠡ ᠥᠭᠬᠦ ᠳᠤᠭᠤᠶᠢᠯᠠᠩ     ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠴᠠᠭ ᠠᠭᠤᠷ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠤᠢ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠣᠷᠴᠢᠨ ᠲᠤᠭᠤᠷᠢᠨ᠂ ᠡᠮᠴᠢᠯᠡᠵᠦ ᠠᠪᠤᠷᠠᠬᠤ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠨ᠎ᠡ᠃     ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠭᠠᠮᠰᠢᠭ ᠤᠨ ᠪᠠᠶᠢᠳᠠᠯ ᠪᠠ ᠬᠥᠭᠵᠢᠯᠲᠡ ᠶᠢᠨ ᠬᠠᠨᠳᠤᠰᠢ ᠶᠢ ᠰᠤᠳᠤᠯᠤᠨ ᠵᠠᠳᠠᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠰᠢᠢᠳᠪᠦᠷᠢᠳᠦ ᠪᠤᠳᠦᠯᠭ᠎ᠠ ᠲᠣᠭᠲᠠᠭᠠᠬᠤ ᠳᠤ ᠭᠠᠮᠰᠢᠭ ᠠᠴᠠ ᠠᠪᠤᠷᠠᠬᠤ ᠵᠥᠪᠯᠡᠯᠭᠡ ᠪᠤᠶᠤ ᠰᠠᠨᠠᠭᠤᠯᠭ᠎ᠠ ᠬᠠᠩᠭᠠᠵᠤ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠠᠵᠢᠯ ᠢ ᠰᠢᠨᠵᠢᠯᠡᠬᠦ ᠤᠬᠠᠭᠠᠨᠴᠢ ᠪᠠᠷ  ᠵᠢᠯᠤᠭᠤᠳᠤᠨ᠎ᠠ᠃ 3 ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ 31      ᠮᠡᠳᠡᠭᠡ ᠵᠠᠩᠭᠢ ᠶᠢ ᠬᠢᠨᠠᠨ ᠬᠡᠮᠵᠢᠬᠦ᠂ ᠳᠦᠰᠦᠭᠡᠯᠡᠬᠦ ᠪᠠ ᠮᠡᠳᠡᠭᠦᠯᠬᠦ     ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ ᠮᠡᠳᠡᠭᠡ ᠵᠠᠩᠭᠢ ᠴᠤᠭᠯᠠᠭᠤᠯᠬᠤ ᠪᠠ ᠲᠥᠰᠦᠭᠡᠯᠡᠵᠦ ᠦᠨᠡᠯᠡᠨ ᠵᠢᠱᠢᠬᠦ ᠠᠵᠢᠯ ᠢ ᠰᠢᠰᠲ᠋ᠧᠮᠵᠢᠭᠦᠯᠦᠨ ᠬᠠᠮᠢᠶᠠᠷᠴᠤ᠂ ᠲᠡᠭᠦᠨ ᠤ ᠬᠠᠷᠢᠶ᠎ᠠ ᠪᠥᠬᠦᠶ ᠴᠠᠭ ᠠᠭᠤᠷ ᠤᠨ ᠥᠷᠳᠡᠭᠡ  ᠨᠢ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠳᠡᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ︵ᠨᠢᠭᠡᠴᠡ︶ ᠯᠦᠭᠡ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠨᠢ ᠲᠤᠭᠤᠷᠢᠭ ᠤᠨ ᠵᠠᠰᠠᠭ ᠤᠨ ᠣᠷᠳᠣᠨ ᠳᠤ ᠲᠦᠰᠢᠭᠯᠡᠨ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠪᠠᠷ ᠰᠠᠭᠤᠷᠢ ᠪᠣᠯᠭᠠᠭᠰᠠᠨ ᠴᠠᠭ ᠠᠭᠤᠷ ᠤᠨ ᠭᠠᠮᠰᠢᠭ ᠤᠨ ᠪᠠᠶᠢᠴᠠᠭᠠᠯᠲᠠ ᠶᠢᠨ ᠲᠣᠤᠷ ᠰᠦᠯᠵᠢᠶ᠎ᠡ ᠶᠢ ᠪᠠᠶᠢᠭᠤᠯᠵᠤ᠂ ᠴᠠᠭ ᠠᠭᠤᠷ ᠤᠨ ᠭᠠᠮᠰᠢᠭ ᠢ ᠨᠡᠶᠢᠳᠡᠮ ᠪᠠᠶᠢᠴᠠᠭᠠᠬᠤ᠂ ᠲᠦᠭᠰᠢᠭᠦᠷᠢ ᠶᠢ ᠦᠨᠡᠯᠡᠨ ᠵᠢᠱᠢᠬᠦ ᠪᠠ ᠲᠦᠭᠰᠢᠭᠦᠷᠢ ᠶᠢᠨ ᠣᠷᠣᠨ ᠬᠤᠪᠢᠶᠠᠷᠢᠯᠠᠬᠤ ᠠᠵᠢᠯ ᠢ ᠵᠣᠬᠢᠶᠠᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠶᠡᠷᠦᠩᠬᠡᠶᠢᠯᠡᠨ ᠴᠤᠭᠯᠠᠭᠤᠯᠵᠤ ᠦᠨᠡᠯᠡᠨ ᠵᠢᠱᠢᠬᠦ ᠰᠢᠰᠲ᠋ᠧᠮ ᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ  ᠴᠠᠭ ᠠᠭᠤᠷ ᠤᠨ ᠭᠠᠮᠰᠢᠭ ᠤᠨ ᠬᠢᠨᠠᠨ ᠬᠡᠮᠵᠢᠭᠰᠡᠨ᠂ ᠤᠷᠢᠳᠴᠢᠯᠠᠨ ᠰᠡᠷᠡᠮᠵᠢᠯᠡᠭᠦᠯᠦᠭᠰᠡᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠴᠠᠭ ᠲᠤᠬᠠᠶ ᠳᠤᠨᠢ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ᠎ᠡ᠃     ᠴᠠᠭ ᠠᠭᠤᠷ ᠤᠨ ᠭᠠᠮᠰᠢᠭ ᠭᠠᠷᠤᠭᠰᠠᠨ ᠤ ᠲᠡᠷᠠᠭ᠎ᠠ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ ᠪᠠ ᠤᠰᠦᠠ ᠠᠰᠢᠭᠯᠠᠯᠲᠠ ᠵᠡᠷᠭᠡ ᠡᠯ᠎ᠡ ᠪᠦᠷᠢᠯᠳᠦᠬᠦᠨ ᠨᠢᠭᠡᠴᠡ ᠴᠠᠭ ᠠᠭᠤᠷ ᠤᠨ ᠭᠠᠮᠰᠢᠭ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠳ᠋ᠢᠶᠠᠩᠬᠤᠸᠠ᠂  ᠲᠦᠷᠰᠦᠯᠡᠨ ᠵᠢᠷᠤᠬᠤ᠂ ᠲᠣᠣᠷ ᠰᠦᠯᠵᠢᠶ᠎ᠡ ᠵᠡᠷᠭᠡ ᠤᠯᠡᠠ ᠵᠦᠢᠯ ᠤᠨ ᠠᠷᠭ᠎ᠠ ᠵᠡᠮ ᠢᠶᠠᠷ ᠴᠤᠭᠯᠠᠭᠤᠯᠬᠤ ᠶᠢᠨ ᠬᠠᠮᠲᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠦᠨ᠎ᠡ᠃3       2      ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠠᠵᠢᠯᠯᠠᠭ᠎ᠠ     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ ᠭᠠᠮᠰᠢᠭ  ᠤᠨ ᠬᠢᠨᠠᠨ ᠬᠡᠮᠵᠢᠭᠰᠡᠨ ᠤᠷᠢᠳᠴᠢᠯᠠᠨ ᠮᠡᠳᠡᠭᠡᠯᠡᠭᠰᠡᠨ ᠤᠷᠢᠳᠴᠢᠯᠠᠨ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ  ᠦᠨᠳᠦᠰᠦᠯᠡᠨ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠠᠶᠢᠷᠢᠯᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠰᠤᠳᠤᠯᠤᠨ ᠵᠠᠳᠠᠯᠵᠤ᠂ ᠴᠠᠭ ᠠᠭᠤᠷ ᠤᠨ ᠭᠠᠮᠰᠢᠭ ᠤᠨ ᠪᠤᠢ ᠪᠤᠯᠭᠠᠵᠤ ᠮᠡᠳᠡᠬᠦ ᠨᠥᠯᠥᠭᠡ ᠪᠠ ᠬᠤᠣᠷ ᠬᠥᠨᠥᠭᠡᠯ ᠤᠨ ᠬᠡᠮᠵᠢᠶ᠎ᠡ ᠶᠢ ᠦᠨᠡᠯᠡᠨ ᠵᠢᠱᠢᠵᠦ᠂ ᠬᠠᠨᠳᠤᠯᠭᠠᠲᠤ ᠴᠢᠨᠠᠷ ᠲᠠᠢ ᠰᠡᠷᠭᠡᠶᠢᠯᠡᠬᠦ ᠪᠠ ᠡᠵᠡᠮᠳᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠡᠭᠦᠰᠴᠦ ᠮᠡᠳᠡᠬᠦ ᠪᠥᠭᠡᠳ ᠤᠷᠢᠳᠴᠢᠯᠠᠨ ᠰᠡᠷᠡᠮᠵᠢᠯᠡᠭᠦᠯᠬᠦ ᠲᠡᠰ ᠲᠤ ᠬᠦᠷᠦᠭᠰᠡᠠ ᠪᠠᠶᠢᠪᠠᠯ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠲᠤ ᠮᠡᠳᠡᠭᠦᠯᠦᠨ᠎ᠡ᠃     ᠡᠯ᠎ᠡ ᠪᠦᠷᠢᠯᠳᠦᠬᠦᠨ ᠨᠢᠭᠡᠴᠡ ᠵᠣᠬᠢᠬᠤ ᠰᠡᠷᠡᠮᠵᠢᠯᠡᠭᠦᠯᠬᠦ ᠠᠵᠢᠯᠯᠠᠭ᠎ᠠ ᠠᠪᠴᠤ᠂ ᠠᠶᠤᠯ ᠠᠴᠠ ᠠᠪᠤᠷᠠᠬᠤ ᠡᠩᠨᠡᠭᠡ ᠪᠣᠯᠤᠨ ᠡᠳ᠋ ᠪᠣᠳᠠᠰ ᠤᠨ ᠪᠡᠯᠡᠳᠬᠡᠯ ᠢ ᠨᠠᠶᠢᠳᠠᠪᠤᠷᠢᠵᠢᠭᠤᠯᠤᠨ᠂ ᠬᠤᠯᠪᠣᠭᠳᠠᠯ ᠪᠥᠬᠦᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠬᠠᠮᠲᠤ ᠪᠡᠯᠡᠳᠬᠡᠭᠰᠡᠨ ᠪᠠᠶᠢᠳᠠᠯ ᠢᠶᠠᠨ ᠴᠠᠭ ᠲᠤᠬᠠᠶ ᠳᠤᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃     ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠪᠦᠯᠬᠦᠮ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ  ᠰᠡᠷᠭᠡᠶᠢᠯᠡᠨ ᠬᠤᠷᠢᠭᠯᠠᠬᠤ ᠵᠢᠯᠤᠭᠤᠳᠤᠮᠵᠢ ᠶᠣᠰᠣᠭᠠᠷ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠴᠠᠭ ᠠᠭᠤᠷ ᠤᠨ ᠭᠠᠮᠰᠢᠭ ᠤᠨ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠪᠠ ᠲᠡᠭᠦᠨ ᠠᠴᠠ ᠵᠠᠶᠢᠯᠠᠰᠬᠢᠨ᠎ᠠ᠃ ᠤᠷᠢᠳᠴᠢᠯᠠᠨ ᠰᠡᠷᠡᠮᠵᠢᠯᠡᠭᠦᠯᠬᠦ ᠲᠣᠭᠲᠠᠭᠠᠯ ᠲᠣᠭᠲᠠᠭᠠᠭᠰᠠᠨ ᠤᠢᠭᠡᠢ ᠴᠠᠭ ᠠᠭᠤᠷ ᠤᠨ ᠭᠠᠮᠰᠢᠭ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠪᠦᠯᠬᠦᠮ ᠭᠠᠮᠰᠢᠭ ᠤᠨ ᠨᠥᠯᠥᠭᠡᠯᠡᠵᠦ ᠮᠡᠳᠡᠬᠦ ᠬᠡᠮᠵᠢᠶ᠎ᠡ ᠪᠣᠯᠤᠨ ᠬᠦᠷᠢᠶ᠎ᠡ ᠬᠡᠪᠴᠢᠶ᠎ᠡ ᠶᠢ ᠦᠨᠳᠦᠰᠦᠯᠡᠨ ᠵᠣᠬᠢᠴᠠᠩᠭᠤᠶ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ  ᠠᠪᠤᠨ᠎ᠠ᠃     ᠥᠪᠡᠷᠲᠡᠭᠡᠨ ᠵᠠᠰᠠᠬᠤ ᠣᠷᠣᠨ᠂ ᠬᠤᠳᠠ   ᠶᠢᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠠᠵᠢᠯ ᠢ ᠡᠬᠢᠯᠡᠭᠦᠯᠬᠦ ᠳᠤ ᠮᠠᠨ ᠤ ᠲᠤᠭᠤᠷᠢᠭ ᠲᠤ ᠬᠤᠯᠪᠣᠭᠳᠠᠬᠤ ᠦᠶ᠎ᠡ ᠳᠤ᠂ ᠮᠠᠨ ᠤ ᠲᠤᠭᠤᠷᠢᠭ ᠪᠣᠳᠠᠲᠤ ᠪᠠᠶᠢᠳᠠᠯ ᠢᠶᠠᠨ ᠦᠨᠳᠦᠰᠦᠯᠡᠨ᠂ ᠵᠣᠬᠢᠴᠠᠩᠭᠤᠶ ᠰᠡᠷᠡᠮᠵᠢᠯᠡᠭᠦᠯᠬᠦ ᠠᠵᠢᠯᠯᠠᠭ᠎ᠠ ᠠᠪᠤᠨ᠎ᠠ᠃3       3      ᠤᠷᠢᠳᠴᠢᠯᠠᠨ ᠰᠡᠷᠡᠮᠵᠢᠯᠡᠭᠦᠯᠬᠦ ᠶᠢ ᠳᠡᠮᠵᠢᠬᠦ ᠰᠢᠰᠲ᠋ᠧᠮ     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ ᠭᠠᠮᠰᠢᠭ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ᠂ ᠰᠠᠭᠤᠷᠢ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂  ᠡᠷᠳᠡᠮ ᠰᠢᠨᠵᠢᠯᠡᠭᠡᠨ ᠤ ᠵᠦᠢᠯ ᠪᠠᠶᠢᠭᠤᠯᠬᠤ᠂ ᠲᠤᠰᠬᠠᠶ ᠵᠦᠢᠯ ᠤᠨ ᠲᠤᠬᠠᠶᠢᠯᠠᠭᠰᠠᠨ ᠠᠵᠢᠯ ᠤᠨ ᠪᠥᠳᠥᠭᠡᠨ ᠪᠠᠶᠢᠭᠤᠯᠬᠤ ᠵᠡᠷᠭᠡ ᠠᠷᠭ᠎ᠠ ᠵᠠᠮ ᠢᠶᠠᠷ ᠳᠠᠮᠵᠢᠨ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠶᠢ ᠳᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ  ᠪᠠᠳᠣᠯᠠᠨ᠎ᠠ᠃     ᠭᠠᠮᠰᠢᠭᠳᠤ ᠴᠠᠭ ᠠᠭᠤᠷ ᠢ ᠬᠢᠨᠠᠨ ᠬᠡᠮᠵᠢᠬᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ  ᠶᠢᠨ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠬᠢᠵᠦ ᠦᠢᠯᠡᠳᠬᠦ᠂ ᠴᠠᠭ ᠠᠭᠤᠷ ᠤᠨ ᠮᠡᠳᠡᠭᠡ ᠵᠠᠩᠭᠢ ᠶᠢ ᠳᠠᠮᠵᠢᠭᠤᠯᠬᠤ ᠂ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠤᠬᠢᠶ᠎ᠠ ᠨᠡᠶᠢᠲᠡᠯᠡᠬᠦ ᠪᠠ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠶᠡᠷᠦᠩᠬᠡᠶᠢᠯᠡᠨ ᠪᠣᠯᠪᠠᠰᠤᠷᠠᠭᠤᠯᠵᠤ ᠰᠢᠢᠳᠪᠦᠷᠢᠯᠡᠬᠦ ᠪᠠᠷ ᠭᠤᠣᠯ ᠴᠣᠭᠴᠠ ᠪᠣᠯᠭᠠᠭᠰᠠᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃     ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠶᠡᠷᠦᠩᠬᠡᠶᠢᠯᠡᠨ ᠴᠤᠭᠯᠠᠭᠤᠯᠵᠤ ᠦᠨᠡᠯᠡᠨ ᠵᠢᠱᠢᠬᠦ ᠰᠢᠰᠲ᠋ᠧᠮ ᠢ ᠪᠠᠶᠢᠭᠤᠯᠵᠤ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ  ᠬᠠᠩᠭᠠᠨ᠎ᠠ᠃     ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠯᠦᠭᠡ ᠶᠢᠨ  ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ 3       4      ᠤᠷᠢᠳᠴᠢᠯᠠᠨ ᠰᠡᠷᠡᠮᠵᠢᠯᠡᠭᠦᠯᠬᠦ ᠳᠡᠰ     ᠡᠯ᠎ᠡ ᠲᠥᠷᠥᠯ ᠤᠨ ᠴᠠᠭ ᠠᠭᠤᠷ ᠤᠨ ᠭᠠᠮᠰᠢᠭ ᠤᠨ ᠨᠥᠯᠥᠭᠡᠯᠡᠬᠦ ᠬᠡᠮᠵᠢᠶ᠎ᠡ ᠵᠢᠴᠢ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠲᠣᠭᠲᠠᠭᠠᠨ᠎ᠠ᠃ ᠤᠷᠢᠳᠴᠢᠯᠠᠨ ᠰᠡᠷᠡᠮᠵᠢᠯᠡᠭᠦᠯᠬᠦ ᠶᠢ Ⅳ ᠳᠡᠰ᠂ Ⅲ ᠳᠡᠰ᠂ Ⅱ ᠳᠡᠰ᠂ Ⅰ ᠳᠡᠰ ᠬᠤᠪᠢᠶᠠᠨ᠂ ᠬᠥᠬᠡ  ᠥᠩᠭᠡ᠂ ᠰᠢᠷ᠎ᠠ ᠥᠩᠭᠡ᠂ ᠤᠯᠠᠪᠤᠷ ᠥᠩᠭᠡ ᠪᠠ ᠤᠯᠠᠭᠠᠨ ᠥᠩᠭᠡ ᠪᠠᠷ ᠳᠡᠰ ᠳᠠᠷᠠᠭᠠᠯᠠᠨ ᠬᠤᠪᠢᠶᠠᠵᠤ᠂ ᠤᠯᠠᠭᠠᠨ ᠥᠩᠭᠡ ᠪᠠᠷ ᠬᠠᠮᠤᠭ ᠥᠨᠳᠥᠷ ᠳᠡᠰ ᠪᠣᠯᠭᠠᠨ᠎ᠠ᠃ 35      ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠳᠡᠯᠡᠬᠦ351       ᠨᠡᠶᠢᠲᠡᠯᠡᠬᠦ ᠲᠦᠷᠢᠮ     ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠤ ︽ᠰᠢᠰᠲ᠋ᠧᠮᠵᠢᠭᠦᠯᠦᠨ ᠬᠠᠮᠢᠶᠠᠷᠬᠤ᠂ ᠨᠢᠭᠡᠳᠦᠯᠲᠡᠶ ᠨᠡᠶᠢᠲᠡᠯᠡᠬᠦ᠂ ᠲᠦᠷᠭᠡᠨ ᠳᠠᠮᠵᠢᠭᠤᠯᠬᠤ︾ ᠵᠠᠷᠴᠢᠮ ᠢ ᠵᠢᠷᠤᠮᠯᠠᠨ᠎ᠠ᠃ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠤᠭᠤᠷᠢᠭ ᠤᠨ ᠴᠠᠭ ᠠᠭᠤᠷ  ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ ᠦᠢᠯᠡᠳᠬᠦ ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠲᠡᠰ ᠤᠨ ᠶᠣᠰᠣᠭᠠᠷ ᠱᠠᠳᠤ ᠬᠤᠪᠢᠶᠠᠨ ᠨᠡᠶᠢᠲᠡᠯᠡᠨ᠎ᠡ᠃ 352      ᠨᠡᠶᠢᠲᠡᠯᠡᠬᠦ ᠠᠭᠤᠯᠭ᠎ᠠ     ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ ᠴᠠᠭ ᠠᠭᠤᠷ ᠤᠨ ᠭᠠᠮᠰᠢᠭ ᠤᠨ ᠲᠦᠷᠦᠯ ᠵᠦᠢᠯ᠂ ᠤᠷᠢᠳᠴᠢᠯᠠᠨ ᠰᠡᠷᠡᠮᠵᠢᠯᠡᠭᠦᠯᠬᠦ ᠲᠡᠰ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠵᠦᠢᠯᠡᠰ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ ᠨᠡᠶᠢᠳᠡᠯᠡᠭᠰᠡᠨ ᠪᠠᠶᠢᠭᠤᠯᠭ᠎ᠠ ᠵᠡᠷᠭᠡ ᠪᠠᠭᠲᠠᠨ᠎ᠠ᠃ 3      5    3      ᠨᠡᠶᠢᠲᠡᠯᠡᠬᠦ ᠠᠷᠭ᠎ᠠ ᠵᠠᠮ     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ  ᠣᠯᠠᠨ ᠨᠡᠶᠢᠲᠡ ᠶᠢᠨ ᠵᠠᠭᠤᠴᠢᠯᠠᠭᠤᠷ ᠤᠨ ᠣᠯᠠᠨ ᠵᠦᠢᠯ ᠤᠨ ᠠᠷᠭ᠎ᠠ ᠪᠠᠷᠢᠯ ᠢᠶᠠᠷ ᠬᠠᠷᠢᠯᠴᠠᠨ ᠨᠥᠬᠦᠪᠥᠷᠢᠯᠡᠭᠰᠡᠨ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠶᠢ ᠪᠠᠶᠢᠭᠤᠯᠤᠨ  ᠳᠡᠭᠦᠯᠳᠡᠷᠵᠢᠭᠦᠯᠦᠨ᠎ᠡ᠃ ᠲᠦᠷᠭᠡᠨ ᠨᠡᠶᠢᠲᠡᠯᠡᠬᠦ ᠰᠠᠭᠠᠳ ᠥᠭᠡᠢ ᠨᠡᠪᠲᠡᠷᠡᠬᠦ ᠵᠠᠮ ᠪᠠᠶᠢᠭᠤᠯᠵᠤ᠂  ᠷᠠᠳᠢᠣ᠋ ᠨᠡᠪᠲᠡᠷᠡᠭᠦᠯᠭᠡ᠂ ᠲᠧᠯᠸᠢᠰ᠂  ᠢᠨᠲ᠋ᠧᠷ ᠰᠦᠯᠵᠢᠶ᠎ᠡ᠂ ᠭᠠᠷ ᠤᠲᠠᠰᠤᠨ ᠤ ᠵᠠᠬᠢᠶ᠎ᠠ᠂  ᠡᠯᠧᠺᠲᠷᠤᠨ ᠦᠵᠡᠭᠦᠯᠬᠦ ᠳᠡᠯᠭᠡᠴᠡ ᠵᠡᠷᠭᠡ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠢᠶᠠᠷ ᠳᠠᠮᠵᠢᠭᠤᠯᠤᠨ ᠴᠠᠭ ᠠᠭᠤᠷ   ᠤ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ  ᠴᠠᠭ ᠲᠤᠬᠠᠶ ᠲᠤᠨᠢ ᠨᠡᠶᠢᠭᠡᠮ  ᠳᠤ  ᠨᠡᠶᠢᠳᠡᠯᠡᠨ᠎ᠡ᠃ 4       ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ41      ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ     ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠭᠰᠡᠨ ᠤ ᠳᠠᠷᠠᠭ᠎ᠠ ᠪᠤᠶᠤ ᠴᠠᠭ ᠠᠭᠤᠷ ᠤᠨ ᠭᠠᠮᠰᠢᠭ  ᠨᠢᠭᠡᠨᠲᠡ ᠬᠢᠶ᠎ᠠ ᠪᠠᠭᠰᠢ ᠲᠤᠭᠤᠷᠢᠭ ᠤᠨ ᠵᠠᠰᠠᠭ ᠵᠠᠬᠢᠷᠭᠠᠨ ᠤ ᠴᠠᠷᠠᠭᠠᠨ ᠳᠤ ᠨᠥᠯᠥᠭᠡ ᠪᠣᠯᠤᠭᠰᠠᠨ ᠦᠶ᠎ᠡ ᠳᠤ᠂ ᠵᠢᠯᠣᠭᠤᠳᠬᠤ ᠭᠠᠵᠠᠷ ᠤᠨ ᠠᠯᠪᠠᠨ ᠬᠡᠷ ᠳᠠᠷᠤᠶ ᠲᠦᠷᠭᠡᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠵᠠᠳᠠᠯᠤᠨ ᠰᠤᠳᠤᠯᠵᠤ ᠮᠠᠭᠠᠳᠯᠠᠭᠤᠯᠤᠨ᠂ ᠴᠠᠭ ᠠᠭᠤᠷ ᠤᠨ ᠭᠠᠮᠰᠢᠭ ᠤᠨ ᠨᠥᠯᠥᠭᠡ ᠵᠢᠴᠢ ᠲᠡᠭᠦᠨ ᠤ ᠬᠥᠭᠵᠢᠯᠲᠡ ᠶᠢᠨ ᠬᠠᠨᠳᠤᠰᠢ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠡᠰᠡᠬᠦ ᠰᠠᠨᠠᠭᠤᠯᠭ᠎ᠠ ᠶᠢ ᠳᠣᠷᠠᠳᠣᠨ᠂ ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠲᠤ ᠮᠡᠳᠡᠭᠦᠯᠦᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠲᠠᠰ ᠢ ᠲᠣᠭᠲᠠᠭᠠᠯᠭᠠᠨ᠎ᠠ᠃     2 ᠵᠦᠢᠯ ᠠᠴᠠ ᠳᠡᠭᠡᠭᠰᠢ ᠴᠠᠭ ᠠᠭᠤᠷ ᠤᠨ ᠭᠠᠮᠰᠢᠭ ᠵᠡᠷᠭᠡᠪᠡᠷ ᠭᠠᠷᠤᠭᠰᠠᠨ ᠪᠥᠭᠡᠳ ᠲᠣᠰ ᠲᠣᠰ ᠠᠳᠠᠯᠢ ᠪᠤᠰᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠬᠠᠮᠤᠭ ᠤᠨ ᠥᠨᠳᠥᠷ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠪᠠᠷᠢᠮᠵᠢᠶ᠎ᠠ ᠶᠢᠨ ᠭᠠᠮᠰᠢᠭ ᠤᠨ ᠲᠥᠷᠥᠯ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠦᠨ᠎ᠡ᠃ 2 ᠵᠦᠢᠯ ᠠᠴᠠ ᠳᠡᠭᠡᠭᠰᠢ ᠴᠠᠭ ᠠᠭᠤᠷ ᠤᠨ ᠭᠠᠮᠰᠢᠭ ᠵᠡᠷᠭᠡᠪᠡᠷ ᠭᠠᠷᠤᠭᠰᠠᠨ ᠪᠥᠭᠡᠳ ᠴᠥᠮ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠥᠬᠡᠶ ᠪᠣᠯᠪᠠᠴᠤ ᠬᠤᠬᠢᠷᠠᠯ ᠪᠠ ᠨᠥᠯᠥᠭᠡ ᠭᠠᠷᠭᠠᠵᠤ ᠮᠡᠳᠡᠬᠦ ᠪᠤᠶᠤ ᠨᠢᠭᠡᠨᠲᠡ ᠤᠴᠠᠷᠠᠭᠤᠯᠤᠭᠰᠠᠨ ᠪᠠᠶᠢᠪᠠᠯ᠂ ᠠᠳᠠᠯᠢ ᠪᠤᠰᠤ ᠬᠡᠮᠵᠢᠶᠡᠨ ᠤ ᠬᠤᠬᠢᠷᠠᠯ ᠪᠠ ᠨᠥᠯᠥᠭᠡ ᠶᠢ ᠦᠨᠳᠦᠰᠦᠯᠡᠨ ᠶᠡᠷᠦᠩᠬᠡᠶᠢᠯᠡᠨ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠵᠣᠬᠢᠬᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠦᠨ᠎ᠡ᠃42      ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠬᠦ ᠪᠠᠷᠢᠮᠵᠢᠶ᠎ᠠ     ᠭᠠᠮᠰᠢᠭ ᠤᠨ ᠬᠦᠨᠳᠦ ᠨᠣᠴᠢᠲᠠᠶ ᠬᠡᠮᠵᠢᠶ᠎ᠡ ᠪᠣᠯᠤᠨ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ᠴᠠᠭ ᠠᠭᠤᠷ   ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠳᠡᠰ ᠢ ᠳᠣᠣᠷ᠎ᠠ ᠳᠡᠰ ᠠᠴᠠ ᠥᠨᠳᠥᠷ ᠳᠡᠰ ᠬᠦᠷᠲᠡᠯ᠎ᠡ ᠡᠩ ᠤᠨ ︵Ⅳ ᠳᠡᠰ︶᠂ ᠨᠡᠯᠢᠶᠡᠳ ᠬᠦᠨᠳᠦ ︵Ⅲ ᠳᠡᠰ︶᠂ ᠬᠦᠨᠳᠦ ︵Ⅱ ᠳᠡᠰ︶᠂ ᠣᠨᠴᠠ ᠬᠦᠨᠳᠦ ︵Ⅰ ᠳᠡᠰ︶ ᠭᠡᠬᠦ ᠲᠦᠷᠪᠡᠨ ᠳᠡᠰ ᠢᠶᠠᠷ ᠲᠣᠭᠲᠠᠭᠠᠨ᠎ᠠ᠃     Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ᠄ ᠰᠢᠷᠦᠭᠦᠨ ᠪᠣᠷᠣᠭᠠᠨ᠂  ᠰᠢᠭᠤᠷᠭ᠎ᠠ᠂ ᠥᠨᠳᠥᠷ ᠳᠤᠯᠠᠭᠠᠨ᠂ ᠶᠡᠭᠡ ᠰᠠᠯᠬᠢ ︵ᠡᠯᠡᠰᠦᠨ ᠰᠢᠭᠤᠷᠭ᠎ᠠ︶᠂ ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠂ ᠮᠥᠨᠳᠥᠷ ︵ᠠᠶᠤᠩᠭ᠎ᠠ ᠴᠠᠬᠢᠯᠭᠠᠨ︶᠂ ᠶᠡᠭᠡ ᠮᠠᠨᠠᠨ ᠵᠡᠷᠭᠡ ᠴᠠᠭ ᠠᠭᠤᠷ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠢᠯᠡᠷᠡᠵᠦ  ᠭᠠᠮᠰᠢᠭ ᠡᠭᠦᠰᠬᠡᠬᠦ᠄     ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ  ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 50 ᠮᠢᠯᠢᠮᠧᠲᠷ ᠠᠴᠠ ᠳᠡᠭᠡᠭᠰᠢ ᠪᠣᠷᠣᠭᠠᠨ ᠣᠷᠣᠬᠤ ︵ᠪᠤᠶᠤ ᠤᠷᠤᠭᠰᠠᠨ︶ ᠪᠤᠶᠤ  ᠨᠢᠭᠡ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 100 ᠮᠢᠯᠢᠮᠧᠲᠷ ᠠᠴᠠ ᠳᠡᠭᠡᠭᠰᠢ ᠪᠣᠷᠣᠭᠠᠨ  ᠣᠷᠤᠬᠤ ︵ᠪᠤᠶᠣ ᠣᠷᠣᠭᠰᠠᠨ︶᠃     ᠰᠢᠭᠤᠷᠭ᠎ᠠ᠄ 24 ᠴᠠᠭ ᠤᠨ ᠳᠣᠲᠣᠷ᠎ᠠ  ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ   ᠳᠤ 10 ᠮᠢᠯᠢᠮᠧᠲᠷ ᠠᠴᠠ ᠳᠡᠭᠡᠭᠰᠢ ᠴᠠᠰᠤ ᠣᠷᠣᠬᠤ  ︵ᠪᠤᠶᠤ ᠤᠷᠤᠭᠰᠠᠨ︶ ᠪᠤᠶᠤ ᠨᠢᠭᠡ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 15 ᠮᠢᠯᠢᠮᠧᠲᠷ ᠠᠴᠠ ᠳᠡᠭᠡᠭᠰᠢ ᠴᠠᠰᠤ ᠣᠷᠤᠬᠤ ︵ᠪᠤᠶᠣ ᠣᠷᠣᠭᠰᠠᠨ︶᠃     ᠥᠨᠳᠥᠷ ᠳᠤᠯᠠᠭᠠᠨ᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ ᠬᠠᠮᠤᠭ ᠤᠨ ᠥᠨᠳᠥᠷ ᠠᠭᠠᠷ ᠤᠨ ᠳᠤᠯᠠᠭᠠᠨ 37℃ ᠠᠴᠠ ᠳᠡᠭᠡᠭᠰᠢ ᠪᠤᠯᠬᠤ ︵ᠪᠤᠶᠤ  ᠪᠤᠯᠤᠭᠰᠠᠨ︶ ᠪᠥᠭᠡᠳ 37℃ ᠠᠴᠠ ᠳᠡᠭᠡᠭᠰᠢᠬᠢ ᠥᠨᠳᠥᠷ ᠳᠤᠯᠠᠭᠠᠨ ᠴᠠᠭ ᠠᠭᠤᠷ 3 ᠡᠳᠦᠷ ᠠᠴᠠ ᠳᠡᠭᠡᠭᠰᠢ ᠦᠷᠭᠦᠯᠵᠢᠯᠡᠬᠦ᠃     ᠶᠡᠭᠡ ᠰᠠᠯᠬᠢ ︵ᠡᠯᠡᠰᠦᠨ ᠰᠢᠭᠤᠷᠭ᠎ᠠ︶᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 10 ᠲᠠᠰ ᠠᠴᠠ ᠳᠡᠭᠡᠭᠰᠢ ᠶᠡᠭᠡ ᠰᠠᠯᠬᠢ ᠭᠠᠷᠬᠤ ︵ᠪᠣᠶᠣ  ᠭᠠᠷᠤᠭᠰᠠᠨ︶ ᠪᠥᠭᠡᠳ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ  ᠃ ᠡᠰᠡᠬᠦᠯ᠎ᠡ 24 ᠴᠠᠭ ᠤᠨ ᠳᠣᠲᠣᠷ᠎ᠠ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ ᠦᠵᠡᠭᠳᠡᠴᠡ ᠨᠢ 50 ᠮᠧᠲᠷ ᠠᠴᠠ ᠪᠠᠭ᠎ᠠ ᠣᠨᠴᠠ ᠶᠡᠭᠡ ᠡᠯᠡᠰᠦᠨ ᠰᠢᠭᠤᠷᠭ᠎ᠠ ᠭᠠᠷᠬᠤ ︵ᠪᠣᠶᠣ  ᠭᠠᠷᠤᠭᠰᠠᠨ︶ ᠪᠥᠭᠡᠳ ᠡᠯᠡᠰᠦᠨ ᠰᠢᠭᠤᠷᠭ᠎ᠠ ᠶᠢᠨ ᠴᠠᠭ ᠠᠭᠤᠷ  24 ᠴᠠᠭ ᠪᠤᠶᠤ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ ᠪᠠᠶᠢᠬᠤ᠃     ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ ᠡᠩ ᠤᠨ ᠵᠢᠯ ᠤᠨ ᠠᠳᠠᠯᠢ ᠬᠤᠭᠤᠴᠠᠭᠠᠨ ᠤ  ᠳᠣᠯᠠᠭᠠᠨ ᠤ ᠬᠡᠮᠵᠢᠶ᠎ᠡ  ᠲᠠᠢ ᠠᠳᠠᠯᠢᠳᠬᠠᠪᠠᠯ ᠶᠡᠷᠦ ᠪᠤᠰᠤ ᠶᠢᠨ ᠳᠣᠣᠷ᠎ᠠ ᠳᠣᠯᠠᠭᠠᠨ ᠤ ᠬᠦᠢᠲᠡᠨ ᠠᠭᠤᠷ ᠠᠮᠢᠰᠬᠤᠯ ᠭᠠᠷᠬᠤ ︵ᠪᠤᠶᠤ ᠭᠠᠷᠣᠭᠰᠠᠨ︶᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠨᠡᠯᠢᠶᠡᠳ ᠬᠦᠨᠳᠦ ᠨᠥᠯᠥᠭᠡ ᠦᠵᠡᠭᠦᠯᠬᠦ  ᠃     ᠮᠥᠨᠳᠥᠷ ︵ᠠᠶᠤᠩᠭ᠎ᠠ ᠴᠠᠬᠢᠯᠭᠠᠨ︶᠄ 24 ᠴᠠᠭ ᠤᠨ ᠳᠣᠲᠣᠷ᠎ᠠ ᠨᠢᠭᠡ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ ᠨᠡᠯᠢᠶᠡᠳ ᠴᠢᠩᠭ᠎ᠠ ᠮᠥᠨᠳᠥᠷ ᠪᠤᠶᠤ ᠠᠶᠤᠩᠭ᠎ᠠ ᠴᠠᠬᠢᠯᠭᠠᠨ ᠲᠠᠢ ᠴᠠᠭ ᠠᠭᠤᠷ ᠢᠯᠡᠷᠡᠬᠦ ︵ᠪᠤᠶᠤ ᠢᠯᠡᠷᠡᠭᠰᠡᠨ︶᠂ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ ᠳᠤ ᠨᠡᠯᠢᠶᠡᠳ ᠬᠦᠨᠳᠦ ᠨᠥᠯᠥᠭᠡ ᠦᠵᠡᠭᠦᠯᠬᠦ  ᠃     ᠶᠡᠭᠡ ᠮᠠᠨᠠᠨ᠄ ᠵᠢᠱᠢᠯᠲᠡ ᠪᠠᠷ ᠢᠷᠡᠭᠡᠳᠦᠶ  ᠶᠢᠨ 3 ᠡᠳᠦᠷ ᠳᠠᠷᠠᠭᠠᠯᠠᠨ ᠰᠢᠯᠭᠠᠬᠤ ᠥᠷᠲᠡᠭᠡᠨ ᠳᠤ ᠦᠵᠡᠭᠳᠡᠴᠡ ᠨᠢ 50 ᠮᠧᠲᠷ ᠠᠴᠠ ᠪᠠᠭ᠎ᠠ ᠥᠳᠬᠡᠨ ᠮᠠᠨᠠᠨ ᠭᠠᠷᠬᠤ᠃      Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ᠄ ᠰᠢᠷᠦᠭᠦᠨ ᠪᠣᠷᠣᠭᠠᠨ᠂  ᠰᠢᠭᠤᠷᠭ᠎ᠠ᠂ ᠥᠨᠳᠥᠷ ᠳᠤᠯᠠᠭᠠᠨ᠂ ᠶᠡᠭᠡ ᠰᠠᠯᠬᠢ ︵ᠡᠯᠡᠰᠦᠨ ᠰᠢᠭᠤᠷᠭ᠎ᠠ︶᠂ ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠂ ᠮᠥᠨᠳᠥᠷ ︵ᠠᠶᠤᠩᠭ᠎ᠠ ᠴᠠᠬᠢᠯᠭᠠᠨ︶  ᠵᠡᠷᠭᠡ ᠴᠠᠭ ᠠᠭᠤᠷ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠢᠯᠡᠷᠡᠵᠦ ᠭᠠᠮᠰᠢᠭ ᠡᠭᠦᠰᠬᠡᠬᠦ᠄       ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 50 ᠮᠢᠯᠢᠮᠧᠲᠷ ᠠᠴᠠ ᠳᠡᠭᠡᠭᠰᠢ ᠪᠣᠷᠣᠭᠠᠨ ᠣᠷᠣᠬᠤ ︵ᠪᠤᠶᠤ ᠤᠷᠤᠭᠰᠠᠨ︶ ᠪᠤᠶᠤ   ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 100 ᠮᠢᠯᠢᠮᠧᠲᠷ ᠠᠴᠠ ᠳᠡᠭᠡᠭᠰᠢ ᠪᠣᠷᠣᠭᠠᠨ  ᠣᠷᠤᠬᠤ ︵ᠪᠤᠶᠣ ᠣᠷᠣᠭᠰᠠᠨ︶᠃     ᠰᠢᠭᠤᠷᠭ᠎ᠠ᠄ 24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ   ᠳᠤ 10 ᠮᠢᠯᠢᠮᠧᠲᠷ ᠠᠴᠠ ᠳᠡᠭᠡᠭᠰᠢ ᠴᠠᠰᠤ ᠣᠷᠣᠬᠤ  ︵ᠪᠤᠶᠤ ᠤᠷᠤᠭᠰᠠᠨ︶ ᠪᠤᠶᠤ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 15 ᠮᠢᠯᠢᠮᠧᠲᠷ ᠠᠴᠠ ᠳᠡᠭᠡᠭᠰᠢ ᠴᠠᠰᠤ ᠣᠷᠤᠬᠤ ︵ᠪᠤᠶᠣ ᠣᠷᠣᠭᠰᠠᠨ︶᠃     ᠥᠨᠳᠥᠷ ᠳᠤᠯᠠᠭᠠᠨ᠄ 24 ᠴᠠᠭ ᠤᠨ ᠳᠣᠲᠣᠷ᠎ᠠ  ᠲᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ ᠬᠠᠮᠤᠭ ᠤᠨ ᠥᠨᠳᠥᠷ ᠠᠭᠠᠷ ᠤᠨ ᠳᠤᠯᠠᠭᠠᠨ 40℃ ᠠᠴᠠ ᠳᠡᠭᠡᠭᠰᠢ ᠪᠤᠯᠬᠤ ︵ᠪᠤᠶᠤ ᠪᠤᠯᠤᠭᠰᠠᠨ︶ ᠪᠥᠭᠡᠳ 40℃ ᠠᠴᠠ ᠳᠡᠭᠡᠭᠰᠢᠬᠢ ᠥᠨᠳᠥᠷ ᠳᠤᠯᠠᠭᠠᠨ ᠴᠠᠭ ᠠᠭᠤᠷ 3 ᠡᠳᠦᠷ ᠠᠴᠠ ᠳᠡᠭᠡᠭᠰᠢ ᠦᠷᠭᠦᠯᠵᠢᠯᠡᠬᠦ᠃     ᠶᠡᠭᠡ ᠰᠠᠯᠬᠢ ︵ᠡᠯᠡᠰᠦᠨ ᠰᠢᠭᠤᠷᠭ᠎ᠠ︶᠄ 24 ᠴᠠᠭ ᠤᠨ ᠳᠣᠲᠣᠷ᠎ᠠ ᠳᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 10 ᠲᠠᠰ ᠠᠴᠠ ᠳᠡᠭᠡᠭᠰᠢ ᠶᠡᠭᠡ ᠰᠠᠯᠬᠢ ᠭᠠᠷᠬᠤ ︵ᠪᠣᠶᠣ  ᠭᠠᠷᠤᠭᠰᠠᠨ︶ ᠪᠥᠭᠡᠳ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ᠃ ᠡᠰᠡᠬᠦᠯ᠎ᠡ  ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠳᠤ 12 ᠲᠠᠰ ᠠᠴᠠ ᠳᠡᠭᠡᠭᠰᠢ ᠶᠡᠭᠡ ᠰᠠᠯᠬᠢ ᠭᠠᠷᠬᠤ ︵ᠪᠣᠶᠣ ᠭᠠᠷᠤᠭᠰᠠᠨ︶ ᠪᠥᠭᠡᠳ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ  ᠃ ᠡᠰᠡᠬᠦᠯ᠎ᠡ 24 ᠴᠠᠭ ᠤᠨ ᠳᠣᠲᠣᠷ᠎ᠠ ᠦᠵᠡᠭᠳᠡᠴᠡ ᠨᠢ 50 ᠮᠧᠲᠷ ᠠᠴᠠ ᠪᠠᠭ᠎ᠠ ᠣᠨᠴᠠ ᠶᠡᠭᠡ ᠡᠯᠡᠰᠦᠨ ᠰᠢᠭᠤᠷᠭ᠎ᠠ ᠭᠠᠷᠬᠤ ︵ᠪᠣᠶᠣ  ᠭᠠᠷᠤᠭᠰᠠᠨ︶ ᠪᠥᠭᠡᠳ ᠡᠯᠡᠰᠦᠨ ᠰᠢᠭᠤᠷᠭ᠎ᠠ ᠶᠢᠨ ᠴᠠᠭ ᠠᠭᠤᠷ  24 ᠴᠠᠭ ᠪᠤᠶᠤ 24 ᠴᠠᠭ ᠠᠴᠠ ᠳᠡᠭᠡᠭᠰᠢ ᠦᠷᠭᠦᠯᠵᠢᠯᠡᠬᠦ ᠪᠣᠯᠤᠯᠴᠠᠭ᠎ᠠ ᠲᠠᠢ ᠪᠠᠶᠢᠬᠤ᠃     ᠬᠦᠢᠲᠡᠨ ᠤ ᠭᠦᠯᠳᠡᠭᠦᠦ ᠶᠢᠨ ᠬᠥᠨᠥᠭᠡᠯ ︵ᠬᠦᠢᠲᠡᠨ ᠤᠷᠤᠰᠬᠠᠯ᠂ ᠬᠢᠷᠠᠭᠤ ᠬᠥᠯᠳᠡᠭᠦᠦ︶᠄ 24 ᠴᠠᠭ ᠤᠨ ᠳᠣᠲᠣᠷ᠎ᠠ ᠲᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ ᠡᠩ ᠤᠨ ᠵᠢᠯ ᠤᠨ ᠠᠳᠠᠯᠢ ᠬᠤᠭᠤᠴᠠᠭᠠᠨ ᠤ  ᠳᠣᠯᠠᠭᠠᠨ ᠤ ᠬᠡᠮᠵᠢᠶ᠎ᠡ  ᠲᠠᠢ ᠠᠳᠠᠯᠢᠳᠬᠠᠪᠠᠯ ᠶᠡᠷᠦ ᠪᠤᠰᠤ ᠶᠢᠨ ᠳᠣᠣᠷ᠎ᠠ ᠳᠣᠯᠠᠭᠠᠨ ᠤ ᠬᠦᠢᠲᠡᠨ ᠠᠭᠤᠷ ᠠᠮᠢᠰᠬᠤᠯ  ᠭᠠᠷᠬᠤ ︵ᠪᠤᠶᠤ ᠭᠠᠷᠤᠭᠰᠠᠨ︶  ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠨᠡᠯᠢᠶᠡᠳ ᠬᠦᠨᠳᠦ ᠨᠥᠯᠥᠭᠡ ᠦᠵᠡᠭᠦᠯᠬᠦ  ᠃     ᠮᠥᠨᠳᠥᠷ ︵ᠠᠶᠤᠩᠭ᠎ᠠ ᠴᠠᠬᠢᠯᠭᠠᠨ︶᠄ 24 ᠴᠠᠭ ᠤᠨ ᠳᠣᠲᠣᠷ᠎ᠠ ᠬᠤᠶᠠᠷ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ ᠨᠡᠯᠢᠶᠡᠳ ᠴᠢᠩᠭ᠎ᠠ ᠮᠥᠨᠳᠥᠷ ᠪᠤᠶᠤ ᠠᠶᠤᠩᠭ᠎ᠠ ᠴᠠᠬᠢᠯᠭᠠᠨ ᠲᠠᠢ ᠴᠠᠭ ᠠᠭᠤᠷ ᠢᠯᠡᠷᠡᠬᠦ ︵ᠪᠤᠶᠤ ᠢᠯᠡᠷᠡᠭᠰᠡᠨ︶᠂ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ ᠳᠤ ᠨᠡᠯᠢᠶᠡᠳ ᠬᠦᠨᠳᠦ ᠨᠥᠯᠥᠭᠡ ᠦᠵᠡᠭᠦᠯᠬᠦ  ᠪᠦᠭᠡᠳ ᠭᠦᠨᠳᠦ ᠨᠤᠴᠢᠳᠡᠢ ᠬᠦᠮᠦᠨ ᠦᠬᠦᠵᠦ ᠰᠢᠷᠬᠠᠳᠤᠬᠤ ᠪᠤᠯᠤᠯᠴᠠᠭ᠎ᠠ ᠲᠠᠢ᠃     Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ  ᠠᠵᠢᠯᠯᠠᠭ᠎ᠠ᠄  ᠰᠢᠷᠦᠭᠦᠨ ᠪᠣᠷᠣᠭᠠᠨ᠂  ᠰᠢᠭᠤᠷᠭ᠎ᠠ     ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠢᠯᠡᠷᠡᠵᠦ ᠭᠠᠮᠰᠢᠭ ᠡᠭᠦᠰᠬᠡᠬᠦ᠄     ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ  ᠲᠥᠷᠪᠡᠨ ᠴᠠᠭ ᠠᠭᠤᠷ ᠤᠨ ᠬᠢᠨᠠᠨ ᠬᠡᠮᠵᠢᠬᠦ  ᠥᠡᠳᠡᠭᠡᠨ  ᠳᠤ 50 ᠮᠢᠯᠢᠮᠧᠲᠷ ᠠᠴᠠ ᠳᠡᠭᠡᠭᠰᠢ ᠪᠣᠷᠣᠭᠠᠨ ᠣᠷᠣᠬᠤ ︵ᠪᠤᠶᠤ ᠣᠷᠣᠭᠰᠠᠨ︶ ᠪᠤᠶᠤ  ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ 100 ᠮᠢᠯᠢᠮᠧᠲᠷ ᠠᠴᠠ ᠳᠡᠭᠡᠭᠰᠢ ᠪᠣᠷᠣᠭᠠᠨ ᠣᠷᠣᠬᠤ ︵ᠪᠤᠶᠤ ᠣᠷᠣᠭᠰᠠᠨ︶᠃     ᠰᠢᠭᠤᠷᠭ᠎ᠠ᠄ 24 ᠴᠠᠭ ᠤᠨ ᠳᠣᠲᠣᠷ᠎ᠠ ᠲᠥᠷᠪᠡᠨ ᠴᠠᠭ ᠠᠭᠤᠷ ᠤᠨ ᠬᠢᠨᠠᠨ ᠬᠡᠮᠵᠢᠬᠦ  ᠥᠷᠳᠡᠭᠡᠨ ᠳᠤ10 ᠮᠢᠯᠢᠮᠧᠲᠷ ᠠᠴᠠ ᠳᠡᠭᠡᠭᠰᠢ ᠴᠠᠰᠤ ᠣᠷᠣᠬᠤ ︵ᠪᠤᠶᠤ ᠣᠷᠣᠭᠰᠠᠨ︶  ᠃  ᠡᠰᠡᠬᠦᠯ᠎ᠡ24 ᠴᠠᠭ ᠤᠨ ᠳᠣᠲᠣᠷ᠎ᠠ ᠭᠤᠷᠪᠠᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ 15 ᠮᠢᠯᠢᠮᠧᠲᠷ ᠠᠴᠠ ᠳᠡᠭᠡᠭᠰᠢ ᠴᠠᠰᠤ ᠣᠷᠣᠬᠤ ︵ᠪᠤᠶᠤ ᠣᠷᠣᠭᠰᠠᠨ︶  ᠃       Ⅰ ᠳᠡᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ᠄  ᠰᠢᠷᠦᠭᠦᠨ ᠪᠣᠷᠣᠭᠠᠨ ᠳᠣᠣᠷ᠎ᠠ ᠵᠢᠭᠰᠠᠭᠠᠭᠰᠠᠨ ᠪᠠᠶᠢᠳᠠᠯ ᠢᠯᠡᠷᠡᠪᠡ᠄     ᠰᠢᠷᠦᠭᠦᠨ ᠪᠣᠷᠣᠭᠠᠨ᠄ 24 ᠴᠠᠭ ᠤᠨ ᠳᠣᠲᠣᠷ᠎ᠠ ᠲᠠᠪᠤᠨ ᠴᠠᠭ ᠠᠭᠤᠷ ᠤᠨ ᠬᠢᠨᠠᠨ ᠬᠡᠮᠵᠢᠬᠦ  ᠥᠷᠳᠡᠭᠡᠨ ᠳᠤ 50 ᠮᠢᠯᠢᠮᠧᠲᠷ ᠠᠴᠠ ᠳᠡᠭᠡᠭᠰᠢ ᠪᠣᠷᠣᠭᠠᠨ ᠣᠷᠣᠬᠤ  ︵ ᠪᠤᠶᠤ ᠣᠷᠣᠭᠰᠠᠨ︶ ᠪᠤᠶᠤ  ᠲᠥᠷᠪᠡᠨ ᠴᠠᠭ ᠠᠭᠤᠷ ᠤᠨ ᠬᠢᠨᠠᠨ ᠬᠡᠮᠵᠢᠬᠦ ᠥᠷᠳᠡᠭᠡᠨ ᠳᠤ 100 ᠮᠢᠯᠢᠮᠧᠲᠷ ᠠᠴᠠ ᠳᠡᠭᠡᠭᠰᠢ  ᠪᠣᠷᠣᠭᠠᠨ ᠣᠷᠣᠬᠤ ︵ ᠪᠤᠶᠤ ᠣᠷᠣᠭᠰᠠᠨ︶᠃ 43       ᠠᠵᠢᠯᠯᠠᠭ᠎ᠠ ᠡᠬᠢᠯᠡᠭᠦᠯᠬᠦ     ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠦᠭᠰᠡᠨ ᠤ ᠳᠠᠷᠠᠭ᠎ᠠ᠂  ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠵᠡᠷᠭᠡ ᠲᠣᠭᠲᠠᠭᠠᠭᠰᠠᠨ ᠳᠣᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠦᠳᠲᠡᠷ ᠲᠦᠷᠭᠡᠨ ᠣᠷᠣᠵᠤ᠂ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠂ ᠮᠡᠳᠡᠭᠡ ᠵᠠᠩᠭᠢ  ᠶᠢᠨ ᠨᠡᠪᠲᠡᠷᠡᠭᠦᠯᠵᠦ ᠬᠤᠷᠢᠶᠠᠩᠭᠤᠶᠢᠯᠠᠬᠤ᠂ ᠵᠠᠳᠠᠯᠤᠨ ᠰᠤᠳᠤᠯᠵᠤ ᠮᠠᠭᠠᠳᠯᠠᠬᠤ᠂ ᠶᠡᠷᠦᠩᠬᠡᠶᠢᠯᠡᠨ ᠵᠣᠬᠢᠴᠠᠭᠤᠯᠬᠤ ᠶᠢ ᠴᠢᠩᠭᠠᠳᠬᠠᠵᠤ᠂ ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠴᠠᠭ ᠠᠭᠤᠷ ᠤᠨ ᠭᠠᠮᠰᠢᠭ ᠤᠨ  ᠡᠭᠦᠰᠦᠭᠰᠡᠨ ᠬᠡᠮᠵᠢᠶ᠎ᠡ ᠪᠠ ᠬᠡᠪᠴᠢᠶ᠎ᠡ ᠵᠢᠴᠢ ᠲᠡᠭᠦᠨ ᠠᠴᠠ ᠡᠭᠦᠰᠦᠭᠰᠡᠨ ᠡᠭᠦᠰᠦᠮᠡᠯ ᠭᠠᠮᠰᠢᠭ ᠤᠨ ᠲᠥᠷᠥᠯ ᠢᠯᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠡᠯᠡᠳᠬᠡᠯ ᠲᠥᠰᠦᠯ ᠢ ᠡᠬᠢᠯᠡᠭᠦᠯᠦᠨ᠎ᠡ᠃ 44      ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ     ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ᠂  ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ  ᠴᠠᠭ ᠲᠤᠬᠠᠶ ᠳᠤᠨᠢ ᠪᠦᠷᠢᠯᠳᠦᠬᠦᠨ ᠨᠢᠭᠡᠴᠡ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠨᠥᠯᠥᠭᠡᠯᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ᠂ ᠬᠥᠭᠵᠢᠯᠲᠡ ᠶᠢᠨ ᠬᠠᠨᠳᠤᠰᠢ ᠵᠡᠷᠭᠡ ᠶᠢ ᠦᠨᠡᠯᠡᠨ ᠵᠢᠱᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠦᠨᠳᠦᠰᠦᠯᠡᠯ ᠬᠠᠩᠭᠠᠨ᠎ᠠ᠃ 4     5      ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠳᠡᠰ ᠳᠡᠪᠰᠢᠬᠦ ᠪᠠ ᠵᠣᠭᠰᠣᠭᠠᠬᠤ     ᠦᠨᠡᠯᠡᠨ ᠵᠢᠱᠢᠬᠦ ᠪᠠᠷ ᠳᠠᠮᠵᠢᠭᠠᠳ ᠭᠠᠮᠰᠢᠭᠲᠤ ᠴᠠᠭ ᠠᠭᠤᠷ ᠤᠨ ᠨᠥᠯᠥᠭᠡᠯᠡᠯ ᠤᠨ ᠬᠡᠮᠵᠢᠶ᠎ᠡ  ᠤᠯᠠᠮ ᠨᠢᠭᠡ ᠠᠯᠬᠤᠮ ᠥᠷᠭᠡᠳᠬᠦ ᠪᠤᠶᠤ ᠬᠦᠨᠳᠦᠷᠡᠬᠦ ᠭᠡᠵᠦ ᠦᠵᠡᠪᠡᠯ᠂ ᠵᠢᠯᠣᠭᠤᠳᠬᠤ ᠭᠠᠵᠠᠷ ᠠᠴᠠ ᠴᠠᠭ ᠲᠤᠬᠠᠶ ᠳᠤᠨᠢ ᠵᠠᠷᠯᠢᠭ ᠪᠠᠭᠤᠯᠭᠠᠵᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠲᠠᠰ ᠢ ᠳᠡᠪᠰᠢᠭᠦᠯᠦᠨ᠎ᠡ᠃ ᠦᠨᠡᠯᠡᠨ ᠵᠢᠱᠢᠬᠦ ᠪᠠᠷ ᠳᠠᠮᠵᠢᠭᠠᠳ ᠭᠠᠮᠰᠢᠭᠲᠤ ᠴᠠᠭ ᠠᠭᠤᠷ ᠳᠠᠭᠤᠰᠴᠤ᠂ ᠴᠠᠭ ᠠᠭᠤᠷ ᠤᠨ ᠭᠠᠮᠰᠢᠭ ᠪᠦᠲᠦᠮᠵᠢᠲᠡᠶ ᠰᠢᠢᠳᠪᠦᠷᠢᠯᠡᠭᠳᠡᠭᠰᠡᠨ ᠭᠡᠵᠦ ᠦᠵᠡᠪᠡᠯ᠂ ᠵᠢᠯᠣᠭᠤᠳᠬᠤ ᠭᠠᠵᠠᠷ ᠠᠴᠠ ᠵᠠᠷᠯᠢᠭ ᠪᠠᠭᠤᠯᠭᠠᠵᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠵᠤᠭᠰᠤᠭᠠᠨ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠦᠭᠰᠡᠨ ᠰᠠᠯᠠᠭ᠎ᠠ ᠮᠥᠴᠢᠷ ᠠᠵᠢᠯᠯᠠᠭ᠎ᠠ ᠪᠠᠨ  ᠵᠤᠭᠰᠤᠭᠠᠨ᠎ᠠ᠃ 5     ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠳᠡ5 1      ᠭᠠᠮᠰᠢᠭ ᠢ ᠪᠠᠶᠢᠴᠠᠭᠠᠬᠤ ᠪᠠ ᠦᠨᠡᠯᠡᠨ ᠵᠢᠱᠢᠬᠦ     ᠲᠤᠭᠤᠷᠢᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠠᠴᠠ ᠬᠠᠮᠢᠶ᠎ᠠ ᠪᠥᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠮᠰᠢᠭ ᠢ ᠪᠠᠶᠢᠴᠠᠭᠠᠬᠤ᠂ ᠦᠨᠡᠯᠡᠨ ᠵᠢᠱᠢᠬᠦ ᠶᠢ ᠥᠷᠨᠢᠭᠦᠯᠵᠦ᠂ ᠭᠠᠮᠰᠢᠭ ᠤᠨ ᠨᠥᠯᠦᠭᠡᠯᠡᠭᠰᠡᠨ ᠬᠡᠪᠴᠢᠶ᠎ᠡ ᠪᠣᠯᠤᠨ ᠬᠡᠮᠵᠢᠶ᠎ᠡ ᠶᠢ ᠪᠦᠷᠢᠳᠬᠡᠨ᠎ᠡ᠃ 52       ᠬᠤᠶᠢᠰᠢ ᠶᠢᠨ ᠶᠠᠪᠤᠳᠠᠯ ᠢ ᠰᠢᠢᠳᠪᠦᠷᠢᠯᠡᠬᠦ     ᠴᠠᠭ ᠠᠭᠤᠷ ᠤᠨ ᠭᠠᠮᠰᠢᠭ ᠳᠠᠭᠤᠰᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠤᠨ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠬᠤᠬᠢᠷᠠᠯ ᠢ ᠦᠨᠡᠯᠡᠨ ᠵᠢᠱᠢᠬᠦ ᠠᠵᠢᠯ ᠢ ᠴᠠᠭ ᠳᠤᠬᠠᠢ ᠳᠤᠨᠢ ᠵᠤᠬᠢᠶᠠᠨ ᠪᠠᠶᠢᠭᠤᠯᠵᠤ ᠵᠢᠯᠤᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠰᠠᠯᠠᠭ᠎ᠠ ᠮᠥᠴᠢᠷ ᠭᠠᠮᠰᠢᠭᠳᠠᠭᠰᠠᠨ ᠣᠷᠣᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠬᠤ  ᠪᠠᠳᠣᠯᠠᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠪᠠ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠬᠠᠮᠲᠤ ᠭᠠᠮᠰᠢᠭᠳᠠᠭᠰᠠᠨ ᠬᠥᠮᠦᠰ ᠢ ᠬᠠᠪᠰᠤᠷᠴᠤ ᠠᠮᠤᠷ ᠲᠦᠪᠰᠢᠨ   ᠰᠢᠯᠵᠢᠭᠦᠯᠦᠨ᠎ᠡ ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠡᠪᠳᠡᠷᠡᠵᠦ ᠰᠦᠢᠳᠦᠭᠰᠡᠨ ᠵᠠᠮ ᠢ ᠴᠠᠭ ᠲᠤᠬᠠᠶ ᠳᠤᠨᠢ ᠰᠡᠯᠪᠢᠨ ᠵᠠᠰᠠᠵᠤ ᠵᠠᠮ ᠬᠠᠷᠢᠯᠴᠠᠭᠠᠨ ᠤ ᠰᠠᠭᠠᠳ ᠥᠭᠡᠢ ᠨᠡᠪᠲᠡᠷᠡᠬᠦ ᠶᠢ ᠪᠠᠳᠣᠯᠠᠨ᠎ᠠ᠃ ᠴᠠᠬᠢᠯᠭᠠᠨ ᠬᠠᠩᠭᠠᠬᠤ ᠰᠠᠯᠠᠭ᠎ᠠ ᠮᠥᠴᠢᠷ ᠴᠠᠬᠢᠯᠭᠠᠨ ᠲᠣᠣᠷ ᠤᠨ ᠬᠡᠪ ᠤᠨ ᠶᠣᠰᠣᠭᠠᠷ ᠴᠠᠬᠢᠯᠭᠠᠨ ᠬᠠᠩᠭᠠᠬᠤ ᠶᠢ ᠬᠠᠮᠠᠭᠠᠯᠠᠵᠤ᠂ ᠭᠠᠮᠰᠢᠭᠳᠠᠭᠰᠠᠨ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ  ᠪᠠᠳᠣᠯᠠᠨ᠎ᠠ᠃ 53       ᠳ᠋ᠦᠩᠨᠡᠯᠳᠡ     ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠤᠭᠰᠠᠨ ᠤ ᠲᠠᠷᠠᠭ᠎ᠠ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠴᠠᠭ ᠲᠤᠬᠠᠶ ᠳᠤᠨᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠥᠬᠦ ᠲᠠᠯ᠎ᠠ ᠪᠠᠷ ᠵᠠᠳᠠᠯᠤᠨ ᠳ᠋ᠦᠩᠨᠡᠬᠦ ᠠᠵᠢᠯ ᠢ ᠵᠣᠬᠢᠶᠠᠨ ᠪᠠᠶᠢᠭᠤᠯᠤᠨ᠂ ᠠᠰᠠᠭᠤᠳᠠᠯ ᠪᠣᠯᠤᠨ ᠬᠦᠷᠦᠯᠴᠡᠬᠦ ᠥᠭᠡᠢ ᠲᠠᠯ᠎ᠠ ᠪᠠᠨ ᠡᠷᠢᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 6     ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ     ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠵᠠᠷᠯᠢᠭ ᠶᠣᠰᠣᠭᠠᠷ᠂  ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ   ᠤᠨ ᠰᠠᠯᠠᠭ᠎ᠠ᠂ ᠲᠤᠭᠤᠷᠢᠭ ᠤᠨ ᠭᠠᠯ ᠤᠨᠲᠠᠷᠠᠭᠠᠬᠤ ᠶᠡᠭᠡ ᠠᠩᠬᠢ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠴᠠᠭ ᠠᠭᠤᠷ ᠤᠨ ᠭᠠᠮᠰᠢᠭ   ᠤᠨ ᠲᠤᠬᠠᠶ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠶᠣᠰᠣᠭᠠᠷ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠨ ᠠᠶᠤᠯ ᠭᠠᠮᠰᠢᠭ ᠠᠴᠠ ᠠᠪᠤᠷᠠᠬᠤ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠡᠩ ᠤᠨ ᠦᠢᠯᠡᠴᠢᠯᠡᠭᠡ ᠶᠢ ᠭᠦᠢᠴᠡᠳᠬᠡᠨ᠎ᠡ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ ᠭᠠᠮᠰᠢᠭ  ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠵᠠᠷᠤᠳᠠᠯ ᠪᠠᠲᠤᠯᠠᠭ᠎ᠠ ᠬᠠᠩᠭᠠᠨ᠎ᠠ᠃ ᠲᠤᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨᠬᠦ ᠪᠠᠳᠣᠯᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠰᠣᠷᠢᠯᠲᠠ ᠶᠢᠨ ᠦᠷ᠎ᠡ ᠳ᠋ᠦᠩ ᠢ ᠳ᠋ᠦᠩᠨᠡᠵᠦ ᠦᠨᠡᠯᠡᠨ ᠵᠢᠱᠢᠵᠤ᠂ ᠰᠢᠯᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ  ᠳᠡᠭᠦᠯᠳᠡᠷᠵᠢᠭᠦᠯᠦᠨ᠎ᠡ᠃7     ᠬᠢᠨᠠᠯᠲᠠ ᠲᠠᠯᠪᠢᠬᠤ ᠪᠠ ᠬᠠᠮᠢᠶᠠᠷᠬᠤ 71      ᠱᠠᠩᠨᠠᠬᠤ     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ  ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠬᠠᠤ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠠᠵᠢᠯ ᠤᠨ ᠳᠤᠮᠳᠠ ᠲᠤᠪᠤᠶᠢᠮ᠎ᠠ ᠢᠯᠡᠷᠡᠯ ᠲᠠᠢ ᠪᠥᠭᠡᠳ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠬᠥᠮᠦᠰ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠂ ᠦᠷᠡᠭᠳᠡᠭᠰᠡᠨ ᠪᠠᠭᠠᠲᠤᠷᠴᠤᠳ ᠢ ᠨᠡᠬᠡᠮᠵᠢᠯᠡᠨ ᠵᠥᠪᠰᠢᠶᠡᠷᠡᠨ᠎ᠡ᠃ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠣᠷᠣᠯᠴᠠᠭᠰᠠᠨ ᠠᠴᠠ ᠪᠤᠯᠵᠦ ᠡᠪᠡᠳᠴᠢᠯᠡᠭᠰᠡᠨ᠂ ᠵᠡᠮᠳᠡᠭ ᠪᠣᠯᠤᠭᠰᠠᠨ᠂ ᠤᠢᠬᠦᠭᠰᠡᠠ ᠬᠥᠮᠦᠰ ᠲᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ ᠲᠤᠰᠠᠯᠠᠮᠵᠢ ᠪᠠ ᠠᠰᠠᠷᠠᠮᠵᠢ ᠣᠯᠭᠤᠨ᠎ᠠ᠃ 72      ᠬᠠᠷᠢᠭᠤᠴᠠᠯᠭ᠎ᠠ ᠨᠡᠬᠡᠮᠵᠢᠯᠡᠬᠦ     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠯᠪᠠᠨ ᠲᠤᠰᠢᠶᠠᠯ ᠳᠠᠭᠠᠨ ᠣᠰᠣᠯᠳᠠᠵᠤ᠂ ᠭᠠᠮᠰᠢᠭ ᠤᠨ ᠪᠠᠶᠢᠳᠠᠯ ᠢ ᠬᠤᠳᠠᠯ ᠢᠶᠠᠷ ᠮᠡᠳᠡᠭᠦᠯᠦᠭᠰᠡᠨ᠂ ᠪᠠᠶᠢᠳᠠᠯ ᠢ ᠮᠡᠳᠡᠵᠦ ᠪᠠᠶᠢᠭᠠᠳ ᠮᠡᠳᠡᠭᠦᠯᠬᠦ ᠥᠬᠡᠶ᠂ ᠲᠣᠰ ᠪᠡᠯᠡᠳᠬᠡᠯ ᠲᠥᠰᠦᠯ ᠳᠤ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠢ ᠲᠡᠪᠴᠢᠭᠰᠡᠨ᠂ ᠭᠠᠮᠰᠢᠭ ᠤᠨ ᠪᠠᠶᠢᠳᠠᠯ ᠢ ᠴᠤᠭᠯᠠᠭᠤᠯᠬᠤ ᠪᠠ ᠠᠪᠤᠷᠠᠨ ᠲᠤᠰᠠᠯᠠᠬᠤ ᠠᠵᠢᠯ ᠳᠤ ᠬᠠᠮᠵᠢᠯᠴᠠᠬᠤ ᠥᠬᠡᠶ ᠪᠤᠶᠤ  ᠬᠠᠷᠰᠢᠯᠠᠭᠰᠠᠨ᠂ ᠠᠵᠢᠯ ᠬᠢᠭᠰᠡᠨ ᠥᠬᠡᠶ ᠪᠤᠶᠤ ᠠᠵᠢᠯ ᠬᠢᠭᠰᠡᠨ ᠨᠢ ᠵᠣᠬᠢᠰ ᠥᠬᠡᠶ ᠠᠴᠠ ᠪᠣᠯᠵᠣ ᠤᠯᠤᠰ ᠤᠨ ᠠᠰᠢᠭ ᠲᠤᠰᠠ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠬᠠᠷᠢᠭᠤᠴᠠᠯᠭ᠎ᠠ ᠲᠠᠢ ᠬᠥᠮᠦᠰ ᠠᠴᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠵᠣᠬᠢᠬᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ 8     ᠳᠠᠭᠠᠯᠳᠤᠭᠤᠯᠤᠭᠰᠠᠨ  ᠵᠦᠢᠯ8     1      ᠪᠡᠯᠡᠳᠬᠡᠯ ᠲᠥᠰᠦᠯ ᠤᠨ ᠬᠠᠮᠢᠶᠠᠷᠤᠯᠲᠠ     ᠲᠣᠰ ᠪᠡᠯᠡᠳᠬᠡᠯ ᠲᠥᠰᠦᠯ ᠢ ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠲᠦᠷᠦᠭᠦᠯᠡᠨ ᠲᠣᠭᠲᠠᠭᠠᠵᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠡᠶᠢᠲᠡᠯᠡᠨ᠎ᠡ᠃ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠪᠠ ᠢᠯᠡᠷᠡᠭᠰᠡᠨ ᠰᠢᠨ᠎ᠡ ᠪᠠᠶᠢᠳᠠᠯ ᠢ ᠦᠨᠳᠦᠰᠦᠯᠡᠨ᠂ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠵᠤ ᠳᠡᠭᠦᠯᠳᠡᠷᠵᠢᠭᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠨᠢᠭᠡᠴᠡ ᠶᠢᠨ ᠢᠶᠠᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠦᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠤᠬᠢᠶᠠᠵᠤ ᠳᠡᠭᠦᠯᠳᠡᠷᠵᠢᠭᠦᠯᠦᠨ᠎ᠡ  ᠃8     2      ᠪᠡᠯᠡᠳᠬᠡᠯ ᠲᠥᠰᠦᠯ ᠤᠨ ᠲᠠᠶᠢᠯᠪᠤᠷᠢᠯᠠᠯᠲᠠ     ᠲᠤᠰ ᠪᠡᠯᠡᠳᠬᠡᠯ ᠲᠥᠰᠦᠯ ᠢ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ 8     3      ᠪᠡᠯᠡᠳᠬᠡᠯ ᠲᠥᠰᠦᠯ ᠢ ᠬᠡᠷᠡᠭᠵᠢᠭᠦᠯᠬᠦ     ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠲᠤᠰ ᠰᠦᠯᠵᠢᠶ᠎ᠡ