ᠲᠣᠭᠤᠷᠢᠭ ᠤᠨ ᠳᠥᠷᠪᠡᠨ ᠶᠡᠭᠡ ᠣᠳᠣᠷᠢᠳᠬᠤ ᠪᠠᠭ ᠤᠨ ᠤᠳᠤᠷᠢᠳᠤᠯᠭ᠎ᠠ ᠠᠯᠪᠠᠨ ᠵᠢᠷᠤᠮ ᠤᠨ ᠮᠣᠳᠣ ᠳᠠᠷᠢᠬᠤ ᠠᠵᠢᠯ ᠳᠤ ᠣᠷᠣᠯᠴᠠᠪᠠ
ᠨᠡᠶᠢᠲᠡᠯᠡᠭᠰᠡᠨ ᠴᠠᠭ᠄
2021/4/13
       4 ᠰᠠᠷ᠎ᠠ ᠶᠢᠨ 12 ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠲᠠ ᠶᠢᠨ ᠬᠢᠯᠢ ᠪᠠᠷ ᠣᠷᠣᠵᠤ ᠭᠠᠷᠬᠤ ᠬᠢᠵᠢᠭ ᠢ ᠪᠠᠶᠢᠴᠠᠭᠠᠬᠤ ᠲᠣᠪᠴᠢᠶ᠎ᠠ ᠶᠢᠨ ᠡᠮᠦᠨ᠎ᠡ ᠲᠠᠯ᠎ᠠ ᠶᠢᠨ ᠠᠯᠪᠠᠨ ᠵᠢᠷᠤᠮ ᠤᠨ ᠮᠣᠳᠣ ᠳᠠᠷᠢᠬᠤ ᠭᠠᠵᠠᠷ  ᠲᠤ ᠬᠦᠷᠴᠦ᠂ ᠺᠠᠳ᠋ᠷ ᠤᠯᠠᠨ ᠲᠦᠮᠡᠨ ᠲᠠᠢ ᠬᠠᠮᠲᠤ ᠮᠤᠳᠤ ᠲᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠲᠤᠭᠤᠷᠢᠭ ᠪᠠᠷ ᠢᠶᠠᠨ ᠠᠯᠪᠠᠨ ᠵᠢᠷᠤᠮ ᠤᠨ ᠮᠣᠳᠣ ᠲᠠᠷᠢᠬᠤ ᠳᠤ ᠣᠷᠣᠯᠴᠠᠬᠤ ᠶᠢ ᠤᠷᠢᠶᠠᠯᠠᠪᠠ᠃
       ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠯᠢ ᠳ᠋ᠦᠩ᠂ ᠸᠠᠩ ᠰᠢᠤᠸᠠᠢ ᠹᠧᠩ ᠺᠠᠳ᠋ᠷ ᠤᠯᠠᠨ ᠲᠦᠮᠡᠨ ᠲᠠᠢ ᠬᠠᠮᠳᠤ ᠰᠡᠳᠬᠢᠯ ᠨᠢᠭᠡᠳᠦᠨ ᠬᠦᠴᠦ ᠪᠠᠨ ᠬᠠᠮᠳᠣᠳᠬᠠᠨ᠂ ᠬᠠᠷᠢᠯᠴᠠᠨ ᠬᠠᠮᠵᠢᠯᠴᠠᠵᠤ᠂  3000 ᠰᠠᠭᠤᠷᠢ ᠲᠤᠭᠤᠷ᠂ ᠬᠦᠢᠯᠡᠰᠦ᠂ ᠬᠠᠶᠢᠲᠠᠩ ᠵᠡᠷᠭᠡ ᠵᠦᠢᠯ ᠤᠨ ᠮᠣᠳᠣ ᠲᠠᠷᠢᠪᠠ᠃        ᠮᠣᠳᠣ ᠲᠠᠷᠢᠬᠤ ᠳᠣᠮᠳᠠ᠂ ᠯᠢ ᠳ᠋ᠦᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠮᠢ ᠠᠬᠤᠢ ᠶᠢᠨ ᠨᠣᠭᠤᠭᠠᠷᠠᠭᠤᠯᠤᠯᠲᠠ ᠪᠣᠯᠤᠨ ᠮᠣᠳᠣ ᠲᠠᠷᠢᠵᠤ ᠣᠶᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃        ᠯᠢ ᠳ᠋ᠦᠩ᠂ ᠮᠣᠳᠣ ᠳᠠᠷᠢᠵᠤ ᠣᠶᠢᠵᠢᠭᠤᠯᠬᠤ ᠪᠣᠯ ᠣᠲᠣ ᠦᠶ᠎ᠡ ᠳᠡᠭᠡᠨ ᠭᠠᠪᠢᠶ᠎ᠠ ᠲᠠᠢ᠂ ᠥᠨᠢ ᠡᠭᠦᠷᠢᠳᠡ ᠠᠰᠢᠭ ᠲᠤᠰᠠ ᠲᠠᠢ ᠦᠢᠯᠡᠰ ᠮᠥᠨ᠃ ᠪᠦᠬᠦ ᠲᠤᠭᠤᠷᠢᠭ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠶᠡᠭᠡ ᠰᠠᠶᠢᠨ ᠴᠠᠭ ᠲᠣᠬᠢᠶᠠᠯ ᠢ ᠠᠮᠵᠢᠨ᠂ ᠨᠡᠶᠢᠭᠡᠮ ᠤᠨ ᠡᠯ᠎ᠡ ᠡᠲᠡᠭᠡᠳ ᠪᠣᠯᠤᠨ ᠺᠠᠳ᠋ᠷ ᠤᠯᠠᠨ ᠲᠦᠮᠡᠨ ᠢ ᠪᠦᠬᠦ ᠲᠠᠯ᠎ᠠ ᠪᠠᠷ ᠳᠠᠶᠢᠴᠢᠯᠠᠨ ᠠᠯᠪᠠᠨ ᠵᠢᠷᠤᠮ ᠤᠨ ᠮᠣᠳᠣ ᠲᠠᠷᠢᠬᠤ ᠳᠤ ᠢᠳᠡᠪᠬᠢᠲᠡᠢ ᠣᠷᠣᠯᠴᠠᠭᠤᠯᠵᠤ᠂ ᠬᠥᠮᠦᠨ ᠪᠦᠬᠦᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠳᠤ ᠣᠷᠣᠯᠴᠠᠬᠤ᠂ ᠪᠦᠬᠦ ᠠᠷᠠᠳ ᠢᠶᠠᠷ ᠢᠶᠠᠨ ᠪᠣᠬᠢᠷᠲᠤᠯ ᠦᠭᠡᠢ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠰᠠᠶᠢᠨ ᠰᠠᠶᠢᠬᠠᠨ ᠣᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ᠃ ᠰᠢᠨᠵᠢᠯᠡᠬᠦ ᠤᠬᠠᠭᠠᠨᠴᠢ ᠪᠠᠷ ᠮᠣᠳᠣ ᠲᠠᠷᠢᠨ᠂ ᠵᠠᠶᠢᠯᠠᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠰᠢᠨ᠎ᠡ ᠪᠠᠷ ᠲᠠᠷᠢᠭᠰᠠᠨ ᠮᠣᠳᠣ ᠶᠢ ᠰᠠᠶᠢᠲᠤᠷ ᠠᠷᠠᠴᠢᠯᠠᠨ ᠬᠠᠮᠠᠭᠠᠯᠠᠨ᠂ ᠠᠷᠭ᠎ᠠ ᠪᠦᠬᠦᠨ ᠢ ᠰᠦᠪᠡᠭᠴᠢᠯᠡᠨ ᠪᠤᠶᠢᠵᠢᠯᠳᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠯᠠᠨ ᠬᠡᠯᠪᠡᠷᠢ ᠪᠠᠷ ᠣᠶᠢᠵᠢᠭᠤᠯᠵᠤ ᠨᠣᠭᠤᠭᠠᠷᠠᠭᠤᠯᠬᠤ ᠶᠢ ᠠᠬᠢᠭᠤᠯᠤᠨ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠬᠢᠶ᠎ᠠ ᠪᠠᠭᠰᠢ ᠶᠢᠨ ᠣᠷᠴᠢᠨ ᠲᠣᠭᠤᠷᠢᠨ ᠢ ᠨᠡᠩ ᠰᠠᠶᠢᠨ ᠰᠠᠶᠢᠬᠠᠨ ᠪᠣᠯᠭᠠᠬᠤ ᠬᠡᠷᠡᠭᠲᠡᠢ ᠭᠡᠪᠡ᠃        ᠣᠶᠢᠯᠠᠭᠠᠭᠰᠠᠨ ᠢᠶᠠᠷ᠂  ᠬᠢᠶ᠎ᠠ ᠪᠠᠭᠰᠢ ᠲᠣᠭᠤᠷᠢᠭ ᠠᠯᠪᠠᠨ ᠵᠢᠷᠤᠮ ᠤᠨ ᠮᠣᠳᠣ ᠳᠠᠷᠢᠬᠤ ᠴᠠᠭ   ᠢᠶᠠᠨ 2021 ᠣᠨ ᠤ 3 ᠰᠠᠷ᠎ᠠ ᠶᠢᠨ 20 ᠤ ᠡᠳᠦᠷ ᠠᠴᠠ 4 ᠰᠠᠷ᠎ᠠ ᠶᠢᠨ 20 ᠤ ᠡᠳᠦᠷ ᠪᠣᠯᠳᠠᠯ᠎ᠠ ᠲᠥᠪᠯᠡᠷᠡᠭᠦᠯᠦᠨ᠂ 20 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃
ᠢᠷᠡᠯᠲᠡ᠄ ᠲᠤᠰ ᠰᠦᠯᠵᠢᠶ᠎ᠡ