ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠡᠳ᠋ ᠬᠥᠷᠥᠩᠭᠡ ᠵᠢᠨ‌ᠬᠠᠮᠢᠶᠠᠷᠤᠯᠲᠠ ᠶᠢᠨ ᠠᠵᠢᠯ  ᠤᠨ ᠲᠠᠶᠢᠯᠤᠮᠵᠢ
ᠨᠡᠶᠢᠲᠡᠯᠡᠭᠰᠡᠨ ᠴᠠᠭ᠄
2021/4/16
            ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ  ︖ ᠥᠨᠥᠳᠦᠷ ᠤᠨ ᠰᠤᠷᠪᠤᠯᠵᠢᠯᠠᠭ᠎ᠠ ᠪᠠᠷ ᠪᠢᠳᠡ ᠬᠢᠶ᠎ᠠ ᠪᠠᠭᠰᠢ ᠲᠣᠭᠤᠷᠢᠭ ᠤᠨ ᠤᠯᠤᠰ ᠤᠨ  ᠦᠮᠴᠢᠯᠡᠯᠲᠤ  ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠷᠧᠨ  ᠫᠧᠩ ᠢ ᠤᠷᠢᠵᠤ᠂ ᠵᠠᠰᠠᠭ ᠵᠠᠬᠢᠷᠭ᠎ᠠ ᠠᠵᠢᠯ  ᠦᠢᠯᠡᠰ  ᠤᠨ  ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠣᠯᠠᠨ ᠳᠤ ᠲᠠᠶᠢᠯᠤᠮᠵᠢ ᠬᠢᠯᠭᠡᠶ᠎ᠡ᠃ ᠷᠧᠨ ᠡᠷᠬᠢᠯᠡᠭᠴᠢ ᠡ᠂  ᠰᠠᠶᠢᠨ  ᠤᠤ︕            ᠷᠧᠨ ᠫᠧᠩ᠄ ᠬᠥᠲᠥᠯᠥᠭᠴᠢ ᠰᠠᠶᠢᠨ  ᠤᠤ  ᠂ ᠰᠦᠯᠵᠢᠶᠡᠨ ᠤ ᠠᠨᠳᠠ ᠨᠠᠷ ᠰᠠᠶᠢᠨ  ᠤᠤ᠂  ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ  ᠳᠤ ᠰᠠᠭᠠᠲᠠᠭᠰᠠᠨ  ᠳᠠᠭᠠᠨ ᠮᠠᠰᠢ ᠪᠠᠶᠠᠷᠲᠠᠶ ᠪᠠᠶᠢᠨ᠎ᠠ᠃            ᠬᠥᠲᠥᠯᠥᠭᠴᠢ᠄ ︽ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ ᠤᠷᠳᠤᠰ ᠬᠢᠶ᠎ᠠ ᠪᠠᠭᠰᠢ ᠵᠠᠰᠠᠭ ᠲᠠᠷᠬᠠᠭᠠᠭᠰᠠᠨ ︹ 2019 ︺ 37 ᠳ᠋ᠤᠭᠠᠷ ᠲᠣᠭᠠᠲᠤ︶ ︵ᠳᠤᠤᠷ᠎ᠠ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠵᠤ ᠨᠡᠶᠢᠲᠡᠯᠡᠭᠰᠡᠨ ᠤ ᠵᠣᠷᠢᠯᠭ᠎ᠠ ᠪᠠ ᠦᠨᠳᠦᠰᠦᠯᠡᠯ ᠨᠢ ᠶᠠᠭᠤ ᠪᠣᠶ︖            ᠷᠧᠨ  ᠫᠧᠩ᠄ ᠮᠠᠨ ᠤ  ᠲᠤᠭᠤᠷᠢᠭ ᠤᠨ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ  ᠬᠠᠮᠠᠭᠠᠯᠠᠵᠤ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠵᠦᠶ ᠵᠣᠬᠢᠰᠲᠠᠶ ᠳᠣᠭᠢᠷᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠠᠰᠢᠭᠯᠠᠮᠵᠢ ᠳᠡᠭᠡᠭᠰᠢᠯᠡᠭᠦᠯᠬᠦ ᠶᠢᠨ ᠲᠤᠰᠠᠳᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 181  ᠳ᠋ᠦ᠋ᠭᠡᠷ ᠲᠣᠭᠠᠲᠤ︶ ᠪᠣᠯᠤᠨ ︽ᠣᠷᠳᠣᠰ ᠬᠤᠲᠠ ᠶᠢᠨ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠣᠷᠳᠣᠰ ᠵᠠᠰᠠᠭ  ᠲᠠᠷᠬᠠᠭᠠᠭᠰᠠᠨ ︹ 2016 ︺ 9  ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃            ᠬᠥᠲᠥᠯᠥᠭᠴᠢ᠄ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ  ᠭᠡᠭᠴᠢ ᠶᠠᠭᠤ ᠪᠤᠢ︖ ᠪᠣᠳᠠᠲᠠᠶ ᠪᠠᠷ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ︖            ᠷᠧᠨ  ᠫᠧᠩ᠄ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠠᠴᠠ ᠡᠵᠡᠮᠰᠢᠵᠦ᠂ ᠬᠡᠷᠡᠭᠯᠡᠵᠦ  ᠪᠠᠶᠢᠬᠤ᠂ ᠬᠠᠤᠯᠢ ᠶᠣᠰᠣᠭᠠᠷ ᠤᠯᠤᠰ ᠤᠨ  ᠦᠮᠴᠢᠯᠠᠯᠲᠦ   ᠵᠣᠭᠤᠰ ᠢᠶᠠᠷ ᠬᠡᠮᠵᠢᠵᠦ ᠪᠣᠯᠬᠤ ᠡᠯ᠎ᠡ  ᠵᠤᠶᠢᠯ ᠤᠨ ᠠᠵᠤ ᠠᠬᠤᠶ ᠶᠢᠨ ᠡᠬᠢ ᠪᠠᠶᠠᠯᠢᠭ ᠤᠨ ᠶᠡᠷᠦᠩᠬᠡᠶ ᠨᠡᠷᠡᠶᠢᠳᠦᠯ ᠪᠣᠯᠤᠨ᠎ᠠ᠃            ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠦᠮᠴᠢᠯᠡᠯᠲᠤ  ᠡᠳ᠋ ᠬᠦᠷᠦᠩᠭᠡ ᠳᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠠᠰᠢᠭᠯᠠᠨ ᠪᠦᠷᠢᠯᠳᠦᠭᠰᠡᠨ ᠡᠳ᠋ ᠬᠦᠷᠦᠩᠭᠡ᠂ ᠤᠯᠤᠰ ᠠᠴᠠ ᠰᠢᠯᠵᠢᠭᠦᠯᠦᠨ ᠥᠭᠭᠦᠭᠰᠡᠨ ᠡᠳ᠋ ᠬᠦᠷᠦᠩᠭᠡ᠂ ᠤᠯᠤᠰ ᠤᠨ ᠲᠣᠭᠲᠠᠭᠠᠯ ᠶᠣᠰᠣᠭᠠᠷ ᠣᠷᠣᠯᠭ᠎ᠠ ᠶᠢ ᠵᠣᠬᠢᠶᠠᠨ ᠪᠠᠶᠢᠭᠤᠯᠵᠤ  ᠪᠠᠶᠢᠭᠠᠳ   ᠪᠦᠷᠢᠯᠳᠦᠭᠰᠡᠨ ᠡᠳ᠋ ᠬᠦᠷᠦᠩᠭᠡ ᠵᠢᠴᠢ ᠪᠡᠯᠡᠭᠯᠡᠨ ᠬᠦᠷᠭᠡᠯᠲᠡ ᠶᠢ ᠬᠦᠯᠢᠶᠡᠨ ᠠᠪᠤᠭᠰᠠᠨ ᠪᠠ  ᠪᠤᠰᠤᠳ ᠬᠠᠤᠯᠢ ᠶᠣᠰᠣᠭᠠᠷ ᠤᠯᠤᠰ ᠤᠨ  ᠦᠮᠴᠢᠯᠡᠯ ᠭᠡᠵᠦ ᠨᠤᠲᠠᠯᠠᠭᠰᠠᠨ ᠡᠳ᠋ ᠬᠦᠷᠦᠩᠭᠡ ᠪᠠᠭᠲᠠᠨ᠎ᠠ᠃ ᠲᠣᠭᠲᠠᠮᠠᠯ ᠬᠥᠷᠥᠩᠭᠡ᠂  ᠡᠷᠭᠢᠯᠳᠡᠲᠤ ᠡᠳ᠋  ᠬᠥᠷᠥᠩᠭᠡ᠂ ᠭᠠᠳᠠᠭᠠᠳᠤ ᠳᠤ ᠪᠡᠯᠡ ᠣᠷᠣᠭᠤᠯᠬᠤ ᠪᠠ ᠳᠠᠯᠳᠠ ᠬᠥᠷᠥᠩᠭᠡ ᠵᠡᠷᠭᠡ ᠬᠡᠯᠪᠡᠷᠢ   ᠪᠠᠷ ᠢᠯᠡᠷᠡᠳᠡᠭ  ᠃            ᠬᠥᠲᠥᠯᠥᠭᠴᠢ᠄ ᠵᠠᠰᠠᠭ  ᠵᠠᠬᠢᠷᠭ᠎ᠠ  ᠠᠵᠢᠯ  ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠠᠷᠴᠢᠮ ᠨᠢ ᠶᠠᠭᠤ ᠪᠣᠶ︖            ᠷᠧᠨ  ᠫᠧᠩ᠄ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ  ᠦᠮᠴᠢᠯᠡᠯᠲᠤ  ᠡᠳ᠋ ᠬᠥᠷᠥᠩᠭᠡ ᠶᠢᠨ ᠬᠠᠮᠢᠶᠠᠷᠤᠯᠲᠠ ᠳᠤ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠲᠥᠰᠦᠪ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ᠂ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠵᠢᠴᠢ ᠪᠣᠳᠠᠲᠤ ᠪᠣᠳᠠᠰ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠶ᠃            ᠬᠥᠲᠥᠯᠥᠭᠴᠢ᠄ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ  ᠰᠢᠢᠳᠪᠦᠷᠢᠯᠡᠬᠦ ᠬᠡᠪᠴᠢᠶ᠎ᠡ︖            ᠷᠧᠨ  ᠫᠧᠩ᠄ ︵ᠨᠢᠭᠡ︶ ᠰᠤᠯᠠ ᠪᠠᠶᠢᠭ᠎ᠠ ᠡᠳ᠋ ᠬᠥᠷᠥᠩᠭᠡ︔            ︵ᠬᠤᠶᠠᠷ︶ ᠮᠡᠷᠭᠡᠵᠢᠯ ᠤᠨ ᠰᠢᠯᠲᠠᠭᠠᠨ ᠠᠴᠠ ᠪᠣᠯᠤᠭᠰᠠᠨ ᠪᠥᠭᠡᠳ ᠰᠢᠨᠵᠢᠯᠡᠬᠦ ᠤᠬᠠᠭᠠᠨᠴᠢ ᠨᠤᠲᠠᠯᠠᠯᠲᠠ   ᠪᠠᠷ ᠳᠠᠮᠵᠢᠨ ᠦᠨᠡᠬᠡᠷ ᠬᠡᠷᠡᠭᠴᠡᠭᠡ ᠠᠴᠠ ᠭᠠᠷᠭᠠᠬᠤ᠂ ᠵᠠᠭᠠᠵᠠᠯᠠᠬᠤ ᠴᠢᠬᠤᠯᠠᠲᠠᠶ ᠡᠳ᠋ ᠬᠦᠷᠦᠩᠭᠡ︔            ︵ᠭᠤᠷᠪᠠ︶ ᠨᠢᠭᠡᠴᠢ ᠨᠢ  ᠰᠠᠯᠭᠠᠬᠤ᠂  ᠬᠠᠰᠤᠬᠤ  ᠂  ᠨᠡᠶᠢᠯᠡᠭᠦᠯᠬᠦ  ᠂ ᠪᠠᠶᠢᠭᠤᠯᠤᠯ ᠢ  ᠦᠭᠡᠷᠡᠴᠢᠯᠡᠬᠦ  ᠂ ᠬᠠᠷᠢᠶᠠᠯᠠᠭᠳᠠᠬᠤ ᠬᠠᠷᠢᠴᠠᠭ᠎ᠠ  ᠨᠢ ᠬᠤᠪᠢᠷᠬᠠᠰᠠᠨ ᠵᠡᠷᠭᠡ ᠰᠢᠯᠲᠠᠭᠠᠨ ᠠᠴᠠ ᠪᠤᠯᠵᠤ ᠥᠮᠴᠢᠯᠡᠯ ᠤᠨ ᠡᠷᠬᠡ ᠪᠤᠶᠤ ᠬᠡᠷᠡᠭᠯᠡᠬᠦ ᠡᠷᠬᠡ ᠨᠢ ᠰᠢᠯᠵᠢᠭᠰᠡᠨ ᠡᠳ᠋ ᠬᠦᠷᠦᠩᠭᠡ︔            ︵ᠲᠦᠷᠪᠡ︶  ᠪᠦᠷᠢᠳᠬᠡᠯ ᠤᠨ ᠠᠯᠳᠠᠪᠤᠷᠢ  ᠂ ᠨᠠᠶᠢᠳᠠᠪᠤᠷᠢ ᠦᠭᠡᠢ  ᠠᠪᠴᠠᠭ᠎ᠠ  ᠵᠢᠴᠢ ᠬᠡᠪ ᠤᠨ ᠪᠤᠰᠤ ᠬᠤᠬᠢᠷᠠᠯ ᠤᠨ ᠡᠳ᠋ ᠬᠦᠷᠦᠩᠭᠡ︔            ︵ᠲᠠᠪᠤ︶ ᠬᠡᠷᠡᠭᠯᠡᠬᠦ ᠵᠢᠯ ᠬᠤᠭᠤᠴᠠᠭ᠎ᠠ ᠠᠴᠠ ᠭᠡᠲᠦᠷᠡᠭᠰᠡᠨ  ᠬᠡᠷᠡᠭᠯᠡᠬᠦ ᠶᠢᠨ ᠠᠷᠭ᠎ᠠ ᠦᠭᠡᠢ ᠪᠣᠯᠤᠭᠰᠠᠨ ᠡᠳ᠋ ᠬᠦᠷᠦᠩᠭᠡ︔            ︵ᠵᠢᠷᠭᠤᠭ᠎ᠠ︶ ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠶᠢ ᠨᠢᠭᠡᠨᠲᠡ ᠬᠠᠩᠭᠠᠵᠤ ᠳᠡᠶᠢᠯᠬᠦ ᠦᠭᠡᠢ ᠪᠣᠯᠤᠭᠰᠠᠨ ᠡᠳ᠋ ᠬᠦᠷᠦᠩᠭᠡ︔            ︵ᠲᠤᠯᠤᠭ᠎ᠠ︶ ᠡᠳ᠋ ᠬᠦᠷᠦᠩᠭᠡ ᠶᠢ ᠰᠢᠢᠳᠪᠤᠷᠢᠯᠡᠬᠦ ᠴᠢᠬᠤᠯᠠᠲᠠᠶ ᠪᠤᠰᠤᠳ ᠪᠠᠶᠢᠳᠠᠯ᠃            ᠬᠥᠲᠥᠯᠥᠭᠴᠢ᠄ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ  ᠰᠢᠢᠳᠪᠦᠷᠢᠯᠡᠬᠦ ᠶᠢ ᠳᠤᠷ᠎ᠠ ᠪᠠᠷ ᠢᠶᠠᠨ ᠲᠣᠭᠲᠠᠭᠠᠵᠤ ᠪᠣᠯᠤᠨ᠎ᠠ ᠤᠤ︖            ᠷᠧᠨ  ᠫᠧᠩ᠄ ᠵᠠᠰᠠᠭ ᠵᠠᠬᠢᠷᠭ᠎ᠠ ᠠᠵᠢᠯ  ᠦᠢᠯᠡᠰ ᠤᠨ  ᠨᠢᠭᠡᠴᠢ ᠶᠢᠨ ᠤᠯᠤᠰ ᠤᠨ  ᠦᠮᠴᠢᠯᠡᠯᠲᠤ  ᠡᠳ᠋ ᠬᠥᠷᠥᠩᠭᠡ ᠶᠢ ᠦᠨ᠎ᠡ ᠲᠥᠯᠥᠪᠦᠷᠢ ᠥᠬᠡᠶ ᠪᠠᠷ ᠰᠢᠯᠵᠢᠭᠦᠯᠦᠨ ᠥᠭᠬᠦ᠂ ᠭᠠᠳᠠᠭᠠᠳᠤ ᠳᠤ ᠪᠡᠯᠡᠭᠯᠡᠨ ᠬᠦᠷᠭᠡᠬᠦ᠂ ᠬᠤᠳᠠᠯᠳᠤᠬᠤ᠂ ᠰᠢᠯᠵᠢᠭᠦᠯᠦᠨ ᠥᠭᠬᠦ᠂ ᠰᠣᠯᠢᠬᠤ᠂ ᠬᠤᠬᠢᠷᠠᠯ ᠢ ᠮᠡᠳᠡᠭᠦᠯᠬᠦ᠂ ᠬᠡᠷᠡᠭᠯᠡᠭᠡᠨ ᠠᠴᠠ ᠭᠠᠷᠭᠠᠬᠤ ᠵᠢᠴᠢ ᠵᠣᠭᠤᠰᠣᠨ ᠤ ᠴᠢᠨᠠᠷᠲᠠᠶ ᠡᠳ᠋ ᠬᠥᠷᠥᠩᠭᠡ ᠶᠢᠨ ᠬᠤᠬᠢᠷᠠᠯ ᠢ ᠲᠠᠩᠰᠠᠨ ᠠᠴᠠ ᠬᠢᠨᠠᠵᠤ  ᠭᠠᠷᠭᠠᠬᠤ ᠵᠡᠷᠭᠡ  ᠰᠢᠢᠳᠪᠦᠷᠢᠯᠡᠬᠦ  ᠦᠢᠯᠡ ᠠᠵᠢᠯᠯᠠᠭ᠎ᠠ ᠶᠢ ᠳᠤᠷ᠎ᠠ ᠪᠠᠷ ᠢᠶᠠᠨ ᠲᠣᠭᠲᠠᠭᠠᠵᠤ ᠪᠣᠯᠬᠤ ᠥᠬᠡᠶ᠂ ᠤᠯᠤᠰ ᠤᠨ  ᠦᠮᠴᠢᠯᠡᠯᠲᠤ ᠡᠳ᠋ ᠬᠥᠷᠥᠩᠭᠡ ᠶᠢ  ᠰᠢᠢᠳᠪᠦᠷᠢᠯᠡᠬᠦ   ᠵᠦᠢᠯᠡᠰ ᠢ  ᠭᠤᠤᠯᠯᠠᠨ  ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠤᠯᠤᠰ ᠤᠨ  ᠦᠮᠴᠢᠯᠡᠯᠲᠤ  ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ  ᠰᠢᠢᠳᠪᠦᠷᠢᠯᠡᠨ᠎ᠡ  ᠃ ᠡᠳ᠋ ᠬᠥᠷᠥᠩᠭᠡ ᠶᠢᠨ  ᠰᠢᠢᠳᠪᠦᠷᠢᠯᠡᠯᠲᠡ  ᠶᠢᠨ ᠦᠨ᠎ᠡ ᠬᠤᠪᠢᠷᠠᠭᠤᠯᠤᠭᠰᠠᠨ ᠣᠷᠣᠯᠭ᠎ᠠ ᠪᠠ ᠦᠯᠡᠳᠡᠭᠳᠡᠯ ᠥᠷᠲᠡᠭ ᠤᠨ ᠣᠷᠣᠯᠭ᠎ᠠ ᠨᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠳᠤ ᠬᠠᠷᠢᠶᠠᠯᠠᠭᠳᠠᠨ᠎ᠠ᠂ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠦᠨ᠎ᠡ  ᠃
ᠢᠷᠡᠯᠲᠡ᠄ ᠲᠤᠰ ᠰᠦᠯᠵᠢᠶ᠎ᠡ