ᠠᠳᠠᠯᠢ ᠪᠤᠰᠤ ᠲᠥᠷᠥᠯ ᠲᠡᠮᠳᠡᠭ ᠤᠨ ᠸᠠᠺᠼᠢᠨ ᠢ ᠳᠠᠪᠬᠤᠴᠠᠭᠤᠯᠤᠨ ᠲᠠᠷᠢᠵᠦ ᠪᠣᠯᠤᠨ᠎ᠠ ᠤᠤ︖ ᠶᠠᠮᠠᠷ ᠬᠥᠮᠦᠰ ᠲᠤ  ᠲᠠᠷᠢᠯᠭ᠎ᠠ ᠲᠣᠬᠢᠷᠠᠬᠤ ᠦᠭᠡᠢ ᠪᠣᠢ︖ ᠲᠠᠷᠢᠯᠭ᠎ᠠ ᠬᠢᠭᠰᠡᠨ ᠤ ᠳᠠᠷᠠᠭ᠎ᠠ ᠠᠮᠠᠪᠴᠢ ᠪᠠᠨ ᠠᠪᠴᠤ ᠪᠣᠯᠤᠨ᠎ᠠ ᠤᠤ︖
ᠨᠡᠶᠢᠲᠡᠯᠡᠭᠰᠡᠨ ᠴᠠᠭ᠄
2021/4/16
— ᠰᠢᠨ᠎ᠡ ᠲᠢᠲᠢᠮᠯᠢᠭ ᠸᠠᠺᠼᠢᠨ ᠤ ᠲᠤᠬᠠᠶ ᠬᠠᠮᠤᠭ ᠤᠨ ᠰᠢᠨ᠎ᠡ ᠠᠰᠠᠭᠤᠯᠲᠠ ᠬᠠᠷᠢᠭᠤᠯᠲᠠ          ︽3 ᠰᠠᠷ᠎ᠠ ᠶᠢᠨ 20 ᠤ ᠡᠳᠦᠷ ᠤᠨ 24 ᠴᠠᠭ ᠪᠣᠯᠲᠠᠯ᠎ᠠ᠂ ᠪᠥᠬᠦ  ᠤᠯᠤᠰ ᠲᠤ  ᠨᠡᠶᠢᠲᠡ  7495.6  ᠲᠦᠮᠡᠨ‌ᠤᠳᠠᠭ᠎ᠠ ᠲᠠᠷᠢᠯᠭ᠎ᠠ ᠳᠠᠷᠢᠪᠠ︾᠃ ᠤᠯᠤᠰ ᠤᠨ ᠡᠷᠡᠭᠦᠯ ᠬᠠᠮᠠᠭᠠᠯᠠᠯ  ᠡᠷᠡᠭᠦᠯ  ᠮᠡᠨᠳᠦ ᠶᠢᠨ  ᠵᠥᠪᠯᠡᠯ ᠤᠨ  ᠰᠣᠨᠢᠨ  ᠮᠡᠳᠡᠭᠡᠨ ‍ᠤ‌ᠥᠭᠦᠯᠡᠭᠴᠢ ᠮᠢ ᠹᠧᠩ 21 ᠤ ᠡᠳᠦᠷ ᠲᠥᠷᠥ ᠶᠢᠨ ᠶᠠᠪᠤᠳᠠᠯ ᠤᠨ  ᠬᠤᠷᠢᠶᠠᠨ ᠤ  ᠬᠤᠯᠪᠤᠭᠠᠯᠠᠨ  ᠰᠡᠷᠭᠡᠶᠢᠯᠡᠵᠦ  ᠬᠤᠯᠪᠤᠭᠠᠯᠠᠨ‌ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ‌‍ᠰᠡᠷᠭᠡᠶᠢᠯᠡᠨ ᠡᠵᠡᠮᠳᠡᠬᠦ ᠠᠵᠢᠯ ᠶᠡᠷᠦᠩᠬᠡᠶ ᠳᠡᠭᠡᠨ ᠰᠠᠶᠢᠨ ᠰᠠᠶᠢᠬᠠᠨ ᠪᠠᠶᠢᠳᠠᠯ ᠢᠶᠠᠨ  ᠪᠠᠲᠤᠯᠠᠭᠰᠠᠨ  ᠪᠣᠯᠪᠠᠴᠤ  ᠮᠥᠨ  ᠯᠡ  ᠨᠠᠩ‌ᠣᠨᠣᠴᠠᠲᠠᠶ᠂ ᠨᠠᠩ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠡᠪᠴᠢᠶᠡᠲᠦ ᠴᠢᠨᠠᠷᠲᠠᠶ ᠪᠠᠷ ᠳᠠᠬᠢᠨ ᠳᠡᠯᠭᠡᠷᠡᠬᠦ  ᠥᠬᠡᠶ  ᠪᠠᠶᠢᠬᠤ ᠵᠢ‌ᠦᠨᠡᠨ ᠬᠦ ᠪᠠᠲᠤᠯᠠᠬᠤ ᠬᠡᠷᠡᠭᠲᠡᠶ ᠭᠡᠵᠦ ᠢᠯᠡᠳᠭᠡᠪᠡ᠃            ᠠᠳᠠᠯᠢ ᠪᠤᠰᠤ ᠲᠦᠷᠦᠯ ᠳᠡᠮᠳᠡᠭ ᠤᠨ ᠸᠠᠺᠼᠢᠨ ᠢ ᠳᠠᠪᠬᠤᠴᠠᠭᠤᠯᠤᠨ  ᠳᠠᠷᠢᠵᠤ  ᠪᠣᠯᠬᠤ᠋  ᠤᠤ︖  ᠨᠠᠰᠤᠲᠠᠶᠢᠴᠤᠳ᠂ᠵᠢᠷᠮᠦᠰᠦᠨ ᠡᠮᠡᠭᠲᠡᠶ ᠲᠠᠷᠢᠬᠤ ᠳᠤ ᠲᠣᠬᠢᠷᠠᠨ᠎ᠠ ᠤᠤ︖ ᠲᠠᠷᠢᠯᠭ᠎ᠠ ᠬᠢᠭᠰᠡᠨ ᠤ ᠳᠠᠷᠠᠭ᠎ᠠ ᠠᠮᠠᠪᠴᠢ ᠵᠡᠬᠦᠬᠦ ᠦᠭᠡᠢ ᠪᠠᠶᠢᠵᠦ ᠪᠣᠯᠤᠨ᠎ᠠ‌‍ᠤᠣ︖ 21 ᠤ ᠡᠳᠦᠷ᠂ ᠤᠯᠠᠨ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ  ᠠᠮᠤᠷ  ᠲᠦᠪᠰᠢᠨ‌‍ᠴᠢᠨᠠᠷ ᠪᠣᠯᠤᠨ ᠪᠦᠳᠦᠮᠵᠢᠳᠤ ᠴᠢᠨᠠᠷ ᠲᠤ ᠬᠤᠯᠪᠣᠭᠳᠠᠬᠤ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠪᠡ᠃          ᠠᠳᠠᠯᠢ ᠪᠤᠰᠤ ᠲᠦᠷᠦᠯ ᠲᠡᠮᠳᠡᠭ ᠤᠨ ᠸᠠᠺᠼᠢᠨ ᠢ ᠳᠠᠪᠬᠤᠴᠠᠭᠤᠯᠤᠨ ᠲᠠᠷᠢᠵᠤ ᠪᠣᠯᠤᠨ᠎ᠠ ᠤᠤ︖          ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠵᠥᠪᠯᠡᠯ ᠤᠨ  ᠡᠪᠡᠳᠴᠢᠨ  ᠡᠮᠭᠡᠭ ᠢ  ᠰᠡᠷᠭᠡᠶᠢᠯᠡᠨ  ᠡᠵᠡᠮᠳᠡᠬᠦ‌‍ᠲ᠋ᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠾᠧ ᠴᠢᠩ ᠬᠤᠸᠠ᠂ ᠠᠳᠠᠯᠢ ᠪᠤᠰᠤ  ᠠᠵᠤ  ᠠᠬᠤᠶᠢᠯᠠᠯ ‍ᠤᠨ‌ᠦᠢᠯᠡᠳᠪᠦᠷᠢᠯᠡᠭᠰᠡᠨ ᠸᠠᠺᠼᠢᠨ ᠢ ᠳᠠᠪᠬᠤᠴᠠᠭᠤᠯᠬᠤ ᠪᠤᠶᠤ ᠣᠷᠣᠯᠠᠨ ᠳᠠᠷᠢᠭᠤᠯᠵᠤ ᠪᠣᠯᠬᠤ ᠡᠰᠡᠬᠦ ᠠᠰᠠᠭᠤᠳᠠᠯ ᠤᠨ ᠲᠤᠬᠠᠶ ᠮᠥᠨ‌‍ᠬᠦ ᠨᠠᠩ ᠣᠯᠠᠨ ᠰᠤᠳᠤᠯᠭᠠᠨ ᠬᠢᠬᠦ ᠴᠢᠬᠤᠯᠠᠲᠠᠶ ᠪᠠᠶᠢᠨ᠎ᠠ᠃ ᠲᠡᠭᠡᠬᠦ ᠮᠥᠷᠲᠡᠭᠡᠨ ᠰᠤᠳᠤᠯᠭᠠᠨ ᠤ ᠦᠷ᠎ᠡ  ᠳ᠋ᠦᠩ  ᠭᠠᠷᠤᠭᠰᠠᠨ ‍ᠤ‌‍ᠲ᠋ᠠᠷᠠᠭ᠎ᠠ᠂ ᠰᠤᠳᠤᠯᠭᠠᠨ ᠤ ᠦᠷ᠎ᠡ ᠳ᠋ᠦᠩ ᠢ ᠦᠨᠳᠦᠰᠦᠯᠡᠨ ᠲᠣᠳᠣᠷᠬᠠᠶ ᠲᠥᠷᠥ ᠶᠢᠨ ᠪᠣᠳᠣᠯᠭ᠎ᠠ  ᠠᠷᠭ᠎ᠠ  ᠬᠡᠮᠵᠢᠶ᠎ᠡ  ᠳᠤᠷᠠᠳᠬᠤ‌‍ᠭᠡᠷᠡᠭᠲᠡᠢ ᠭᠡᠵᠦ ᠢᠯᠡᠳᠭᠡᠪᠡ᠃          60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠳᠠᠷᠢᠭᠤᠯᠵᠤ ᠪᠣᠯᠤᠨ᠎ᠠ ᠤᠤ︖              ︽ᠬᠡᠰᠡᠭ ᠭᠠᠵᠠᠷ ᠣᠷᠣᠨ ᠭᠦᠢᠴᠡᠳ ᠦᠨᠡᠯᠡᠨ ᠵᠢᠱᠢᠭᠰᠡᠨ ᠤ ᠳᠠᠷᠠᠭ᠎ᠠ᠂ ᠨᠢᠭᠡᠨᠲᠡ 60  ᠨᠠᠰᠤᠨ ᠠᠴᠠ  ᠳᠡᠭᠡᠭᠰᠢᠬᠢ‌‍ᠪᠡᠶ᠎ᠡ ᠮᠠᠬᠠᠪᠣᠳ ᠤᠨ ᠨᠥᠬᠦᠴᠡᠯ ᠢᠶᠠᠷ ᠨᠡᠯᠢᠶᠡᠳ ᠰᠠᠶᠢᠨ ᠨᠠᠰᠤᠲᠠᠶᠢᠴᠤᠳ ᠲᠤ ᠰᠢᠨ᠎ᠡ ᠲᠢᠲᠢᠮᠯᠢᠭ ᠠᠭᠤᠰᠬᠢᠨ  ᠦᠷᠪᠢᠰᠦᠯ ‍ᠤᠨ‌‍ᠸᠠᠺᠼᠢᠨ ᠤ ᠲᠠᠷᠢᠯᠭ᠎ᠠ ᠬᠢᠵᠦ ᠡᠬᠢᠯᠡᠪᠡ︾᠃ ᠾᠧ ᠴᠢᠩ ᠬᠤᠸᠠ ᠬᠠᠷᠢᠭᠤᠯᠬᠤ ᠳᠠᠭᠠᠨ᠂ ᠣᠳᠣᠬᠠᠨ ᠳᠤ᠂ ᠸᠠᠺᠼᠢᠨ ᠰᠤᠳᠤᠯᠤᠨ‌ᠨᠡᠭᠡᠭᠡᠬᠦ ᠨᠢᠭᠡᠴᠢ ᠴᠦ ᠰᠤᠳᠤᠯᠤᠨ ᠨᠡᠭᠡᠭᠡᠬᠦ ᠠᠵᠢᠯ ᠢᠶᠠᠨ ᠲᠦᠷᠭᠡᠳᠬᠡᠨ ᠠᠬᠢᠭᠤᠯᠵᠤ᠂ ᠡᠮᠴᠢᠯᠡᠭᠡᠨ ᠤ  ᠲᠤᠷᠰᠢᠯᠲᠠ  ᠳᠤᠮᠳᠠ ᠪᠠᠨ‌‍ᠭᠦ᠋ᠶ᠋ᠴᠡᠳ ᠠᠮᠤᠷ  ᠲᠦᠪᠰᠢᠨ  ᠴᠢᠨᠠᠷᠲᠠᠶ᠂  ᠪᠦᠲᠦᠮᠵᠢᠲᠡᠶ  ᠴᠢᠨᠠᠷᠲᠠᠶ  ᠲᠤᠭ᠎ᠠ  ᠪᠠᠷᠢᠮᠲᠠ  ᠣᠯᠤᠭᠰᠠᠨ ᠤ  ᠳᠠᠷᠠᠭ᠎ᠠ᠂  60ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠶᠡᠭᠡ ᠬᠡᠪᠴᠢᠶ᠎ᠡ ᠪᠠᠷ ᠥᠷᠨᠢᠭᠦᠯᠬᠦ ᠪᠣᠯᠤᠨ᠎ᠠ ᠭᠡᠪᠡ᠃              ᠶᠠᠮᠠᠷ ᠬᠥᠮᠦᠰ ᠸᠠᠺᠼᠢᠨ ᠳᠠᠷᠢᠵᠤ ᠪᠣᠯᠬᠤ ᠥᠬᠡᠶ ᠪᠣᠶ︖            ᠾᠧ ᠴᠢᠩ ᠬᠤᠸᠠ᠂ ᠣᠳᠣᠬᠠᠨ ᠳᠤ ᠨᠥᠬᠦᠴᠡᠯ ᠳᠠᠭᠠᠯᠳᠤᠭᠤᠯᠤᠨ ᠵᠠᠬ᠎ᠠ ᠳᠡᠯᠭᠡᠭᠦᠷ ᠲᠤ ᠭᠠᠷᠭᠠᠭᠰᠠᠨ 4 ᠵᠦᠢᠯ ‍ᠤᠨ‌‍ᠸᠠᠺᠼᠢᠨ ᠢ ᠲᠣᠳᠣᠷᠬᠠᠶᠢᠯᠠᠯᠲᠠ ᠶᠢᠨ ᠪᠢᠴᠢᠭ ᠲᠤ  ᠲᠠᠷᠢᠯᠭ᠎ᠠ  ᠬᠢᠬᠦ ᠳᠤ  ᠴᠡᠭᠡᠷᠯᠡᠬᠦ  ᠵᠦᠢᠯ ᠤᠨ  ᠲᠤᠬᠠᠢ  ᠲᠣᠳᠣᠷᠬᠠᠢ  ᠵᠠᠭᠠᠭ‌‍ᠲ᠋ᠣᠭᠲᠠᠭᠠᠵᠤ᠂ ᠸᠠᠺᠼᠢᠨ ᠳᠤ ᠠᠭᠤᠯᠤᠭᠳᠠᠬᠤ ᠪᠦᠷᠢᠯᠳᠦᠬᠦᠨ ᠳᠤ ᠬᠠᠷᠰᠢᠬᠤ᠂  ᠴᠢᠰᠤᠨ  ᠰᠤᠳᠠᠯ ᠤᠨ  ᠮᠡᠳᠡᠷᠡᠯ ᠤᠨ  ᠴᠢᠨᠠᠷᠲᠠᠢ‌ᠤᠰᠤᠨ  ᠬᠠᠪᠤᠩ᠂  ᠠᠮᠢᠰᠬᠤᠯ  ᠬᠦᠴᠢᠷᠳᠡᠬᠦ᠂  ᠤᠨᠠᠳᠠᠭ  ᠡᠪᠡᠳᠴᠢᠨ  ᠪᠤᠶᠤ   ᠪᠤᠰᠤᠳ   ᠮᠡᠳᠡᠷᠡᠯ ᠤᠨ   ᠰᠢᠰᠲ᠋ᠧᠮ ‍ᠤᠨ‌ᠡᠪᠡᠳᠴᠢᠨ ᠲᠠᠢ᠂ ᠭᠧᠯᠢᠨᠪᠠᠷᠢ ᠶᠢᠨ ᠶᠡᠷᠦᠩᠬᠡᠶᠢᠯᠡᠭᠰᠡᠨ ᠡᠪᠡᠳᠴᠢᠨ ᠤ ᠲᠡᠦᠬᠡ ᠲᠠᠢ ᠬᠥᠮᠦᠰ ᠲᠤ ᠰᠢᠨ᠎ᠡ  ᠲᠢᠲᠢᠮᠯᠢᠭ  ᠠᠭᠤᠰᠬᠢᠨ‌ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠬᠤ ᠦᠭᠡᠢ ᠭᠡᠵᠦ ᠲᠠᠨᠢᠯᠴᠠᠭᠤᠯᠪᠠ᠃            ᠲᠡᠷᠡ᠂ ᠵᠢᠷᠮᠦᠰᠦᠨ ᠬᠤᠭᠤᠴᠠᠭ᠎ᠠ ᠪᠠ ᠬᠥᠬᠦᠭᠦᠯ  ᠬᠤᠭᠤᠴᠠᠭᠠᠨ ᠤ  ᠡᠮᠡᠭᠲᠡᠶᠢᠴᠦᠳ ᠲᠤ  ᠴᠦ  ᠰᠢᠨ᠎ᠡ  ᠲᠢᠲᠢᠮᠯᠢᠭ‌ᠠᠭᠤᠰᠬᠢᠨ ᠦᠷᠪᠢᠰᠦᠯ ᠤᠨ ᠸᠠᠺᠼᠢᠨ ᠳᠠᠷᠢᠵᠤ ᠪᠣᠯᠬᠤ ᠥᠬᠡᠶ ᠭᠡᠵᠦ ᠰᠠᠨᠠᠭᠤᠯᠪᠠ᠃              ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠠᠮᠠᠪᠴᠢ ᠵᠡᠬᠦᠬᠦ ᠦᠭᠡᠢ ᠪᠠᠶᠢᠵᠦ ᠪᠤᠯᠤᠨ᠎ᠠ ᠤᠤ︖            ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ ᠹᠧᠩ ᠽᠢ ᠵᠢᠶᠠᠨ᠂ᠣᠳᠣᠬᠠᠨ ᠳᠤ  ᠪᠦᠬᠦ  ᠳᠡᠯᠡᠬᠡᠢ ᠳᠤ  ᠰᠢᠨ᠎ᠡ  ᠲᠢᠲᠢᠮᠯᠢᠭ  ᠠᠭᠤᠰᠬᠢᠨ  ᠦᠷᠪᠢᠰᠦᠯ ᠤᠨ  ᠬᠢᠵᠢᠭ ᠤᠨ  ᠪᠠᠶᠢᠳᠠᠯ  ᠮᠥᠨ  ᠬᠦ‌ᠦᠷᠭᠦᠯᠵᠢᠯᠡᠨ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠸᠠᠺᠼᠢᠨ ᠤ ᠲᠠᠷᠢᠬᠰᠠᠨ ᠨᠤᠷᠮ᠎ᠠ ᠨᠡᠯᠢᠶᠡᠳ ᠳᠣᠣᠷ᠎ᠠ᠂ᠶᠡᠭᠡ ᠪᠠᠷ ᠳᠡᠯᠭᠡᠷᠡᠭᠰᠡᠨ ᠭᠠᠵᠠᠷ ᠣᠷᠣᠨ ᠤ ᠬᠥᠮᠦᠨ ᠬᠠᠷ᠎ᠠ ᠪᠤᠶᠤ ᠡᠳ᠋ ᠪᠣᠳᠠᠰ ᠬᠢᠯᠢ ᠪᠠᠷ ᠣᠷᠣᠵᠤ ᠢᠷᠡᠭᠰᠡᠨ ᠠᠴᠠ  ᠮᠥᠨ  ᠬᠦ‌‍ᠬᠢᠯᠢ ᠶᠢᠨ ᠳᠣᠲᠣᠷ᠎ᠠ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠣᠷᠣᠰᠢᠵᠤ ᠪᠠᠶᠢᠨ᠎ᠠ ᠭᠡᠵᠦ ᠢᠯᠡᠳᠬᠡᠪᠡ᠃            ᠲᠡᠷᠡ᠂  ᠮᠠᠨ ᠤ  ᠤᠯᠤᠰ ᠤᠨ  ᠬᠥᠮᠦᠰ ᠤᠨ  ᠸᠠᠺᠼᠢᠨ ᠤ  ᠲᠠᠷᠢᠯᠭ᠎ᠠ ᠨᠢ  ᠨᠡᠯᠢᠶᠡᠳ  ᠥᠨᠳᠥᠷ  ᠡᠭᠡᠯᠢᠯᠡᠭᠡ ᠵᠢᠨ‌‍ᠲ᠋ᠦ᠋ᠪᠰᠢᠨ ᠳᠤ ᠬᠥᠷᠬᠦ ᠠᠴᠠ ᠡᠮᠦᠨ᠎ᠡ᠂ ᠸᠠᠺᠼᠢᠨ ᠤ ᠲᠠᠷᠢᠯᠭ᠎ᠠ ᠬᠢᠭᠰᠡᠨ  ᠡᠰᠡᠬᠦ  ᠴᠦ  ᠲᠡᠷᠡ᠂  ᠬᠥᠮᠦᠰ  ᠴᠤᠭᠯᠠᠷᠠᠭᠰᠠᠨ  ᠬᠡᠷ‌‍ᠲ᠋ᠣᠲᠣᠷ᠎ᠠ ᠪᠤᠶᠤ ᠪᠢᠲᠡᠭᠦᠮᠵᠢᠯᠡᠭᠰᠡᠨ ᠲᠠᠯᠠᠪᠤᠷ ᠭᠠᠵᠠᠷ ᠲᠤ ᠴᠤ ᠲᠡᠷᠡ᠂ ᠣᠯᠠᠨ ᠲᠦᠮᠡᠨ  ᠮᠥᠨ  ᠬᠦ  ᠦᠷᠭᠦᠯᠵᠢᠯᠡᠨ  ᠠᠮᠠᠪᠴᠢ‌ᠵᠡᠭᠦᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠳᠠᠳᠬᠠᠯ ᠲᠠᠢ ᠪᠤᠯᠬᠤ ᠶᠢᠨ ᠬᠠᠮᠲᠤ ᠡᠯ᠎ᠡ ᠭᠠᠵᠠᠷ ᠤᠨ ᠪᠣᠳᠠᠲᠠᠶ ᠰᠡᠷᠭᠡᠶᠢᠯᠡᠨ‌ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ ᠭᠡᠵᠦ ᠰᠠᠨᠠᠭᠤᠯᠪᠠ᠃            ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠪᠠᠰᠠ ᠬᠠᠯᠳᠠᠪᠤᠷᠢᠯᠠᠬᠳᠠᠨ᠎ᠠ ᠤᠤ︖              ︽ᠶᠡᠷᠦᠩᠬᠡᠶ ᠳᠤᠨᠢ ᠠᠪᠴᠤ ᠬᠡᠯᠡᠪᠡᠯ᠂ ᠸᠠᠺᠼᠢᠨ ᠤ ᠦᠢᠯᠡᠳᠦᠯ ᠨᠢ ᠣᠯᠠᠩᠬᠢ ᠬᠥᠮᠦᠰ ᠢ ᠬᠠᠮᠠᠭᠠᠯᠠᠬᠤ ᠴᠢᠳᠠᠪᠤᠷᠢ ᠲᠠᠢ‌‍ᠪᠣᠯᠭᠠᠵᠤ᠂ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠵᠤ᠂ ᠬᠦᠨᠳᠦ  ᠡᠪᠡᠳᠴᠢᠨ ᠢ  ᠰᠡᠷᠭᠡᠶᠢᠯᠡᠬᠦ  ᠦᠷ᠎ᠡ  ᠪᠦᠲᠦᠮᠵᠢ ᠨᠢ  ᠨᠠᠩ‌ᠢᠯᠡᠷᠬᠡᠶ ᠪᠠᠶᠢᠳᠠᠭ︾᠃ ᠳᠤᠮᠳᠠᠳᠤ ᠤᠯᠤᠰ ᠤᠨ  ᠡᠪᠡᠳᠴᠢᠨ  ᠡᠮᠭᠡᠭ ᠢ  ᠰᠡᠷᠭᠡᠶᠢᠯᠡᠨ  ᠡᠵᠡᠮᠳᠡᠬᠦ  ᠲᠥᠪ ᠤᠨ  ᠡᠭᠡᠯᠢᠯᠡᠭᠡ ᠵᠢᠨ‌‍ᠲ᠋ᠥ᠋ᠯᠥᠪᠵᠢᠭᠦᠯᠭᠡ ᠶᠢᠨ ᠲᠡᠷᠢᠬᠦᠨ ᠲᠤᠰᠬᠠᠶ ᠮᠡᠷᠭᠡᠵᠢᠯᠲᠡᠨ ᠸᠠᠩ  ᠬᠤᠸᠠ  ᠴᠢᠩ᠂  ᠭᠠᠳᠠᠭᠠᠳᠤ ᠶᠢᠨ  ᠣᠳᠣᠬᠠᠨ ᠳᠤ  ᠨᠢᠭᠡᠨᠲᠡ‌‍ᠬᠡᠷᠡᠭᠯᠡᠭᠰᠡᠨ ᠸᠠᠺᠼᠢᠨ ᠢ ᠵᠠᠬ᠎ᠠ ᠳᠡᠯᠭᠡᠭᠦᠷ ᠲᠤ ᠭᠠᠷᠭᠠᠭᠰᠠᠨ ᠦᠨᠡᠯᠡᠯᠬᠡ ᠶᠢᠨ  ᠦᠷ᠎ᠡ  ᠳ᠋ᠦᠩ ᠠᠴᠠ  ᠦᠵᠡᠪᠡᠯ᠂  ᠸᠠᠺᠼᠢᠨ ‍ᠤ‌‍ᠲ᠋ᠠᠷᠢᠯᠭ᠎ᠠ ᠬᠢᠵᠦ ᠪᠠᠷᠠᠭᠰᠠᠨ ᠤ ᠳᠠᠷᠠᠭ᠎ᠠ᠂ ᠴᠥᠭᠡᠨ ᠲᠣᠭᠠᠨ ᠤ  ᠬᠥᠮᠦᠰ  ᠦᠨᠡᠬᠡᠷ  ᠬᠠᠮᠠᠭᠠᠯᠠᠬᠤ  ᠴᠢᠳᠠᠪᠦᠷᠢ ᠪᠠᠨ  ᠠᠯᠳᠠᠭᠰᠠᠨ‌‍ᠪᠠᠶᠢᠨ᠎ᠠ ᠭᠡᠵᠡᠶ᠃ ᠲᠡᠷᠡ᠂ ᠢᠯᠠᠭᠳᠠᠭᠰᠠᠨ ᠣᠨᠴᠠ ᠵᠠᠷᠢᠮ ᠬᠡᠷᠡᠭ ᠤᠨ ᠵᠢᠱᠢᠶ᠎ᠡ ᠳᠤ  ᠰᠤᠳᠤᠯᠤᠯᠲᠠ  ᠪᠠ  ᠪᠠᠶᠢᠴᠠᠭᠠᠯᠲᠠ  ᠬᠢᠨ᠎ᠠ‌‍ᠭᠡᠵᠦ ᠢᠯᠡᠳᠭᠡᠪᠡ᠃            ᠸᠠᠺᠼᠢᠨ ᠤ ᠦᠢᠯᠡᠳᠪᠦᠷᠢᠯᠡᠯ ᠤᠨ ᠪᠠᠲᠤᠯᠠᠭ᠎ᠠ  ᠶᠢᠨ ᠪᠠᠶᠢᠳᠠᠯ ᠶᠠᠮᠠᠷ ᠵᠡᠷᠭᠡ ᠪᠣᠶ︖            ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠡᠷᠡᠭᠯᠡᠭᠡᠨ ᠤ ᠵᠦᠢᠯ ᠤᠨ  ᠠᠵᠤ  ᠦᠢᠯᠡᠳᠪᠦᠷᠢ ᠵᠢᠨ‌ᠵᠤᠷᠭᠠᠨ ᠤ ᠳᠡᠳ᠋ ᠳᠠᠷᠤᠭ᠎ᠠ ᠮᠤᠤ ᠵᠢᠶᠦ᠋ᠨ ᠹᠧᠩ᠂ ᠣᠳᠣᠬᠠᠨ ᠳᠤ 5  ᠵᠦᠢᠯ ᠤᠨ  ᠸᠠᠺᠼᠢᠨ ᠢ  ᠨᠥᠬᠦᠴᠡᠯ  ᠳᠠᠭᠠᠯᠳᠤᠭᠤᠯᠤᠨ‌ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ  ᠪᠤᠶᠤ  3  ᠵᠦᠢᠯ   ᠤᠨ  ᠢᠳᠡᠪᠬᠢ  ᠥᠬᠡᠶᠢᠳᠡᠭᠦᠯᠬᠦ  ᠸᠠᠺᠼᠢᠨ᠂  1ᠵᠦᠢᠯ ᠤᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ ᠶᠢᠨ ᠸᠠᠺᠼᠢᠨ᠂ ᠪᠠᠰᠠ 1 ᠵᠦᠢᠯ ᠤᠨ ᠳᠠᠬᠢᠨ  ᠵᠣᠬᠢᠶᠠᠨ  ᠪᠠᠶᠢᠭᠤᠯᠬᠤ‌ᠤᠭᠤᠷᠠᠭ ᠤᠨ ᠸᠠᠺᠼᠢᠨ ᠢ ᠪᠠᠭᠲᠠᠭᠠᠭᠰᠠᠨ ᠸᠠᠺᠼᠢᠨ ᠢ ᠪᠠᠴᠢᠮ ᠬᠡᠷᠡᠭᠯᠡᠬᠦ ᠶᠢ ᠵᠥᠪᠰᠢᠶᠡᠷᠡᠵᠠᠢ ᠭᠡᠵᠦ ᠲᠠᠨᠢᠯᠴᠠᠭᠤᠯᠪᠠ᠃          ᠲᠡᠷᠡ᠂  ᠣᠲᠣ ᠶᠢᠨ  ᠦᠢᠯᠡᠳᠪᠦᠷᠢᠯᠡᠯ ᠤᠨ  ᠲᠣᠬᠢᠷᠠᠭᠤᠯᠤᠯᠲᠠ ᠪᠠᠷ  ᠦᠵᠡᠪᠡᠯ᠂  ᠪᠥᠬᠦ  ᠵᠢᠯ ᠤᠨ   ᠸᠠᠺᠼᠢᠨ ‍ᠤ‌ᠦᠢᠯᠡᠳᠪᠤᠷᠢᠯᠡᠯ ᠤᠨ ᠭᠡᠮᠵᠢᠶ᠎ᠠ ᠨᠢ ᠪᠥᠬᠦ  ᠤᠯᠤᠰ ᠤᠨ  ᠠᠷᠠᠳ  ᠲᠦᠮᠡᠨ ᠤ  ᠲᠠᠷᠢᠯᠭ᠎ᠠ  ᠬᠢᠬᠦ  ᠬᠡᠷᠡᠭᠴᠡᠭᠡ ᠶᠢ  ᠪᠦᠷᠢᠮᠦᠰᠦᠨ‌ᠬᠠᠩᠭᠠᠵᠤ ᠴᠢᠳᠠᠨ᠎ᠠ ᠭᠡᠵᠦ ᠢᠯᠡᠳᠭᠡᠪᠡ᠃            ᠣᠳᠣᠬᠢ ᠱᠠᠲᠤᠨ ᠤ ᠶᠠᠪᠤᠵᠤ ᠰᠠᠭᠤᠬᠤ ᠳᠤ ᠶᠠᠮᠠᠷ ᠲᠦᠷᠦ ᠶᠢᠨ ᠪᠤᠳᠤᠯᠭ᠎ᠠ ᠠᠪᠴᠦ ᠪᠠᠶᠢᠭ᠎ᠠ ᠪᠤᠢ︖            ︽2021 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠨᠢᠭᠡᠨᠲᠡ ᠠᠮᠤᠷ  ᠲᠦᠪᠰᠢᠨ  ᠳᠠᠭᠤᠰᠪᠠ︾᠃  ᠮᠢ  ᠹᠧᠩ᠂ᠣᠳᠣᠬᠠᠨ ᠳᠤ᠂ ᠤᠯᠤᠰ ᠤᠨ ᠳᠣᠲᠣᠭᠠᠳᠤ ᠶᠢᠨ ᠠᠶᠤᠯ  ᠲᠦᠭᠰᠢᠭᠦᠷᠢ  ᠪᠠᠭᠠᠲᠠᠶ  ᠭᠠᠵᠠᠷ  ᠣᠷᠣᠨ ᠳᠤ  ᠡᠷᠡᠭᠦᠯ  ᠮᠡᠨᠳᠦ ᠵᠢᠨ‌ᠨᠡᠪᠲᠡᠷᠡᠬᠦ  ︽ᠨᠣᠭᠤᠭᠠᠨ  ᠺᠣᠳ᠋︾ ᠲᠠᠢ  ᠪᠠᠶᠢᠵᠤ᠂  ᠪᠡᠶ᠎ᠡ ᠶᠢᠨ  ᠬᠠᠯᠠᠭᠤᠨ ᠨᠢ  ᠬᠡᠪ ᠤᠨ  ᠪᠥᠭᠡᠳ   ᠬᠤᠪᠢ   ᠬᠥᠮᠦᠨ ‍ᠤ‌ᠬᠠᠮᠠᠭᠠᠯᠠᠯᠲᠠ ᠶᠢ  ᠰᠠᠶᠢᠲᠤᠷ  ᠬᠢᠭᠰᠡᠨ  ᠤᠷᠢᠲᠠᠯ  ᠳᠤᠤᠷ᠎ᠠ  ᠡᠮᠬᠢ  ᠵᠢᠷᠤᠮ ᠲᠠᠢ ᠪᠠᠷ  ᠶᠠᠪᠤᠵᠤ  ᠰᠠᠭᠤᠵᠤ  ᠪᠣᠯᠤᠨ᠎ᠠ᠂  ᠡᠯ᠎ᠡ‌ᠭᠠᠵᠠᠷ ᠤᠨ ᠬᠢᠨ ᠳᠤᠷ᠎ᠠ ᠪᠠᠷ ᠢᠶᠠᠨ ᠨᠦᠬᠦᠴᠡᠯ ᠨᠡᠮᠡᠵᠦ ᠪᠣᠯᠬᠤ ᠥᠬᠡᠶ ᠭᠡᠪᠡ᠃            ᠲᠡᠷᠡ᠂ 31 ᠡᠳᠦᠷ ᠳᠠᠷᠠᠭᠠᠯᠠᠨ ᠲᠤᠬᠠᠶ ᠶᠢᠨ  ᠭᠠᠵᠠᠷ ᠤᠨ  ᠣᠨᠣᠰᠢᠯᠠᠭᠳᠠᠭᠰᠠᠨ  ᠡᠪᠡᠳᠴᠢᠲᠡᠨ  ᠨᠡᠮᠡᠭᠳᠡᠬᠦ  ᠥᠬᠡᠶ‌‍ᠪᠣᠯᠤᠭᠰᠠᠨ ᠤ ᠳᠠᠷᠠᠭ᠎ᠠ᠂ 3 ᠰᠠᠷ᠎ᠠ ᠶᠢᠨ 18 ᠤ ᠡᠳᠦᠷ  ᠱᠠᠨᠰᠢ  ᠮᠤᠵᠢ ᠶᠢᠨ  ᠮᠡᠳᠡᠭᠦᠯᠦᠯᠲᠡ ᠳᠤ  ᠲᠤᠬᠠᠶ ᠶᠢᠨ  ᠭᠠᠵᠠᠷ ‍ᠤᠨ‌ᠣᠨᠣᠰᠢᠯᠠᠭᠳᠠᠭᠰᠠᠨ ᠡᠪᠡᠳᠴᠢᠲᠡᠨ ᠰᠢᠨ᠎ᠡ ᠪᠠᠷ 1 ᠨᠡᠮᠡᠭᠳᠡᠵᠡᠶ᠃  ᠡᠨᠡ ᠨᠢ  ᠮᠥᠨ  ᠬᠦ  ᠬᠢᠵᠢᠭ ᠤᠨ  ᠪᠠᠶᠢᠳᠠᠯ ᠢ  ᠰᠡᠷᠭᠡᠶᠢᠯᠡᠨ‌ᠡᠵᠡᠮᠳᠡᠬᠦ ᠡᠨᠡ ᠬᠦ ᠰᠢᠵᠢᠮ ᠢ ᠢᠮᠠᠭᠲᠠ ᠴᠢᠩᠭᠠᠯᠠᠬᠤ ᠴᠢᠬᠤᠯᠠᠳᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠰᠢᠨ᠎ᠡ ᠪᠠᠷ ᠨᠡᠮᠡᠭᠳᠡᠭᠰᠡᠨ‌‍ᠲ᠋ᠠᠷᠠᠬᠠᠶ ᠪᠤᠲᠠᠷᠬᠠᠶ ᠡᠪᠡᠳᠴᠢᠨ ᠤ ᠵᠢᠱᠢᠶ᠎ᠡ ᠶᠢ ᠨᠢᠭᠡ ᠶᠢ ᠣᠯᠵᠤ ᠮᠡᠳᠡᠪᠡᠯ ᠨᠢᠭᠡ ᠶᠢ ᠵᠠᠰᠠᠵᠦ᠂ ᠬᠡᠪᠴᠢᠶᠡᠲᠦ ᠴᠢᠨᠠᠷᠲᠠᠶ ᠪᠠᠷ ᠳᠠᠬᠢᠨ‌ᠢᠯᠡᠷᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠢᠯᠡᠳᠭᠡᠪᠡ᠃ ︵ᠰᠢᠨᠬᠤᠸᠠ ᠬᠤᠷᠢᠶᠠᠨ ᠤ ᠪᠡᠭᠡᠵᠢᠩ ᠤᠨ 3ᠰᠠᠷ᠎ᠠ ᠶᠢᠨ 21 ᠤ ᠴᠠᠬᠢᠯᠭᠠᠨ ᠮᠡᠳᠡᠭᠡ ᠠᠴᠠ︶        
ᠢᠷᠡᠯᠲᠡ᠄ ᠠᠷᠠᠳ ᠤᠨ ᠰᠦᠯᠵᠢᠶ᠎ᠡ