| ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ ︖ ᠥᠨᠥᠳᠦᠷ ᠤᠨ ᠰᠤᠷᠪᠤᠯᠵᠢᠯᠠᠭ᠎ᠠ ᠪᠠᠷ ᠪᠢᠳᠡ ᠬᠢᠶ᠎ᠠ ᠪᠠᠭᠰᠢ | ᠲᠣᠭᠤᠷᠢᠭ ᠤᠨ ᠤᠯᠤᠰ ᠤᠨ ᠦᠮᠴᠢᠯᠡᠯᠲᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠷᠧᠨ ᠫᠧᠩ ᠢ ᠤᠷᠢᠵᠤ᠂ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠣᠯᠠᠨ ᠳᠤ ᠲᠠᠶᠢᠯᠤᠮᠵᠢ ᠬᠢᠯᠭᠡᠶ᠎ᠡ᠃ ᠷᠧᠨ | ᠡᠷᠬᠢᠯᠡᠭᠴᠢ ᠡ᠂ ᠰᠠᠶᠢᠨ ᠤᠤ︕ | ᠷᠧᠨ ᠫᠧᠩ᠄ ᠬᠥᠲᠥᠯᠥᠭᠴᠢ ᠰᠠᠶᠢᠨ ᠤᠤ ᠂ ᠰᠦᠯᠵᠢᠶᠡᠨ ᠤ ᠠᠨᠳᠠ ᠨᠠᠷ ᠰᠠᠶᠢᠨ ᠤᠤ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ | ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ | ᠬᠥᠲᠥᠯᠥᠭᠴᠢ᠄ ︽ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ ᠤᠷᠳᠤᠰ ᠬᠢᠶ᠎ᠠ ᠪᠠᠭᠰᠢ ᠵᠠᠰᠠᠭ ᠲᠠᠷᠬᠠᠭᠠᠭᠰᠠᠨ ︹ 2019 ︺ 37 ᠳ᠋ᠤᠭᠠᠷ ᠲᠣᠭᠠᠲᠤ︶ ︵ᠳᠤᠤᠷ᠎ᠠ ︽ | ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠵᠤ ᠨᠡᠶᠢᠲᠡᠯᠡᠭᠰᠡᠨ ᠤ ᠵᠣᠷᠢᠯᠭ᠎ᠠ ᠪᠠ ᠦᠨᠳᠦᠰᠦᠯᠡᠯ ᠨᠢ ᠶᠠᠭᠤ ᠪᠣᠶ︖ | ᠷᠧᠨ ᠫᠧᠩ᠄ ᠮᠠᠨ ᠤ ᠲᠤᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ | ᠬᠠᠮᠠᠭᠠᠯᠠᠵᠤ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠵᠦᠶ ᠵᠣᠬᠢᠰᠲᠠᠶ ᠳᠣᠭᠢᠷᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ | ᠶᠢᠨ ᠠᠰᠢᠭᠯᠠᠮᠵᠢ ᠳᠡᠭᠡᠭᠰᠢᠯᠡᠭᠦᠯᠬᠦ ᠶᠢᠨ ᠲᠤᠰᠠᠳᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 181 ᠳ᠋ᠦ᠋ᠭᠡᠷ ᠲᠣᠭᠠᠲᠤ︶ ᠪᠣᠯᠤᠨ ︽ᠣᠷᠳᠣᠰ ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠣᠷᠳᠣᠰ ᠵᠠᠰᠠᠭ ᠲᠠᠷᠬᠠᠭᠠᠭᠰᠠᠨ ︹ 2016 ︺ 9 ᠳ᠋ᠦ᠋ᠭᠡᠷ ᠲᠣᠭᠠᠲᠤ︶ ᠶᠢᠨ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠥᠲᠥᠯᠥᠭᠴᠢ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠭᠡᠭᠴᠢ ᠶᠠᠭᠤ ᠪᠤᠢ︖ | ᠪᠣᠳᠠᠲᠠᠶ ᠪᠠᠷ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ︖ | ᠷᠧᠨ ᠫᠧᠩ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠠᠴᠠ ᠡᠵᠡᠮᠰᠢᠵᠦ᠂ ᠬᠡᠷᠡᠭᠯᠡᠵᠦ ᠪᠠᠶᠢᠬᠤ᠂ ᠬᠠᠤᠯᠢ ᠶᠣᠰᠣᠭᠠᠷ ᠤᠯᠤᠰ ᠤᠨ | ᠦᠮᠴᠢᠯᠠᠯᠲᠦ ᠵᠣᠭᠤᠰ ᠢᠶᠠᠷ ᠬᠡᠮᠵᠢᠵᠦ ᠪᠣᠯᠬᠤ ᠡᠯ᠎ᠡ ᠵᠤᠶᠢᠯ ᠤᠨ ᠠᠵᠤ ᠠᠬᠤᠶ ᠶᠢᠨ ᠡᠬᠢ ᠪᠠᠶᠠᠯᠢᠭ ᠤᠨ ᠶᠡᠷᠦᠩᠬᠡᠶ ᠨᠡᠷᠡᠶᠢᠳᠦᠯ ᠪᠣᠯᠤᠨ᠎ᠠ᠃ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠳᠤ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠢ ᠶᠢᠨ ᠤᠯᠤᠰ ᠤᠨ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠠᠰᠢᠭᠯᠠᠨ ᠪᠦᠷᠢᠯᠳᠦᠭᠰᠡᠨ ᠡᠳ᠋ ᠬᠦᠷᠦᠩᠭᠡ᠂ ᠤᠯᠤᠰ ᠠᠴᠠ ᠰᠢᠯᠵᠢᠭᠦᠯᠦᠨ ᠥᠭᠭᠦᠭᠰᠡᠨ | ᠡᠳ᠋ ᠬᠦᠷᠦᠩᠭᠡ᠂ ᠤᠯᠤᠰ ᠤᠨ ᠲᠣᠭᠲᠠᠭᠠᠯ ᠶᠣᠰᠣᠭᠠᠷ ᠣᠷᠣᠯᠭ᠎ᠠ ᠶᠢ ᠵᠣᠬᠢᠶᠠᠨ ᠪᠠᠶᠢᠭᠤᠯᠵᠤ ᠪᠠᠶᠢᠭᠠᠳ ᠪᠦᠷᠢᠯᠳᠦᠭᠰᠡᠨ ᠡᠳ᠋ ᠬᠦᠷᠦᠩᠭᠡ ᠵᠢᠴᠢ ᠪᠡᠯᠡᠭᠯᠡᠨ | ᠬᠦᠷᠭᠡᠯᠲᠡ ᠶᠢ ᠬᠦᠯᠢᠶᠡᠨ ᠠᠪᠤᠭᠰᠠᠨ ᠪᠠ ᠪᠤᠰᠤᠳ ᠬᠠᠤᠯᠢ ᠶᠣᠰᠣᠭᠠᠷ ᠤᠯᠤᠰ ᠤᠨ ᠦᠮᠴᠢᠯᠡᠯ ᠭᠡᠵᠦ ᠨᠤᠲᠠᠯᠠᠭᠰᠠᠨ ᠡᠳ᠋ ᠬᠦᠷᠦᠩᠭᠡ ᠪᠠᠭᠲᠠᠨ᠎ᠠ᠃ ᠲᠣᠭᠲᠠᠮᠠᠯ | ᠬᠥᠷᠥᠩᠭᠡ᠂ ᠡᠷᠭᠢᠯᠳᠡᠲᠤ ᠡᠳ᠋ ᠬᠥᠷᠥᠩᠭᠡ᠂ ᠭᠠᠳᠠᠭᠠᠳᠤ ᠳᠤ ᠪᠡᠯᠡ ᠣᠷᠣᠭᠤᠯᠬᠤ ᠪᠠ ᠳᠠᠯᠳᠠ ᠬᠥᠷᠥᠩᠭᠡ ᠵᠡᠷᠭᠡ ᠬᠡᠯᠪᠡᠷᠢ ᠪᠠᠷ ᠢᠯᠡᠷᠡᠳᠡᠭ ᠃ | ᠬᠥᠲᠥᠯᠥᠭᠴᠢ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠵᠠᠷᠴᠢᠮ ᠨᠢ ᠶᠠᠭᠤ ᠪᠣᠶ︖ | ᠷᠧᠨ ᠫᠧᠩ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠦᠮᠴᠢᠯᠡᠯᠲᠤ ᠡᠳ᠋ ᠬᠥᠷᠥᠩᠭᠡ ᠶᠢᠨ ᠬᠠᠮᠢᠶᠠᠷᠤᠯᠲᠠ ᠳᠤ ᠡᠳ᠋ | ᠬᠥᠷᠥᠩᠭᠡ ᠶᠢᠨ ᠬᠠᠮᠢᠶᠠᠷᠤᠯᠲᠠ ᠬᠢᠭᠡᠳ ᠲᠥᠰᠦᠪ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ᠂ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠡᠳ᠋ ᠤᠨ | ᠶᠠᠪᠤᠳᠠᠯ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠵᠢᠴᠢ ᠪᠣᠳᠠᠲᠤ ᠪᠣᠳᠠᠰ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ | ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠶ᠃ | ᠬᠥᠲᠥᠯᠥᠭᠴᠢ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠬᠡᠪᠴᠢᠶ᠎ᠡ︖ | | ᠷᠧᠨ ᠫᠧᠩ᠄ ︵ᠨᠢᠭᠡ︶ ᠰᠤᠯᠠ ᠪᠠᠶᠢᠭ᠎ᠠ ᠡᠳ᠋ ᠬᠥᠷᠥᠩᠭᠡ︔ | ︵ᠬᠤᠶᠠᠷ︶ ᠮᠡᠷᠭᠡᠵᠢᠯ ᠤᠨ ᠰᠢᠯᠲᠠᠭᠠᠨ ᠠᠴᠠ ᠪᠣᠯᠤᠭᠰᠠᠨ ᠪᠥᠭᠡᠳ ᠰᠢᠨᠵᠢᠯᠡᠬᠦ ᠤᠬᠠᠭᠠᠨᠴᠢ ᠨᠤᠲᠠᠯᠠᠯᠲᠠ ᠪᠠᠷ ᠳᠠᠮᠵᠢᠨ ᠦᠨᠡᠬᠡᠷ ᠬᠡᠷᠡᠭᠴᠡᠭᠡ ᠠᠴᠠ | ᠭᠠᠷᠭᠠᠬᠤ᠂ ᠵᠠᠭᠠᠵᠠᠯᠠᠬᠤ ᠴᠢᠬᠤᠯᠠᠲᠠᠶ ᠡᠳ᠋ ᠬᠦᠷᠦᠩᠭᠡ︔ | ︵ᠭᠤᠷᠪᠠ︶ ᠨᠢᠭᠡᠴᠢ ᠨᠢ ᠰᠠᠯᠭᠠᠬᠤ᠂ ᠬᠠᠰᠤᠬᠤ ᠂ ᠨᠡᠶᠢᠯᠡᠭᠦᠯᠬᠦ ᠂ ᠪᠠᠶᠢᠭᠤᠯᠤᠯ ᠢ ᠦᠭᠡᠷᠡᠴᠢᠯᠡᠬᠦ ᠂ ᠬᠠᠷᠢᠶᠠᠯᠠᠭᠳᠠᠬᠤ ᠬᠠᠷᠢᠴᠠᠭ᠎ᠠ ᠨᠢ | ᠬᠤᠪᠢᠷᠬᠠᠰᠠᠨ ᠵᠡᠷᠭᠡ ᠰᠢᠯᠲᠠᠭᠠᠨ ᠠᠴᠠ ᠪᠤᠯᠵᠤ ᠥᠮᠴᠢᠯᠡᠯ ᠤᠨ ᠡᠷᠬᠡ ᠪᠤᠶᠤ ᠬᠡᠷᠡᠭᠯᠡᠬᠦ ᠡᠷᠬᠡ ᠨᠢ ᠰᠢᠯᠵᠢᠭᠰᠡᠨ ᠡᠳ᠋ ᠬᠦᠷᠦᠩᠭᠡ︔ | ︵ᠲᠦᠷᠪᠡ︶ ᠪᠦᠷᠢᠳᠬᠡᠯ ᠤᠨ ᠠᠯᠳᠠᠪᠤᠷᠢ ᠂ ᠨᠠᠶᠢᠳᠠᠪᠤᠷᠢ ᠦᠭᠡᠢ ᠠᠪᠴᠠᠭ᠎ᠠ ᠵᠢᠴᠢ ᠬᠡᠪ ᠤᠨ ᠪᠤᠰᠤ ᠬᠤᠬᠢᠷᠠᠯ ᠤᠨ ᠡᠳ᠋ ᠬᠦᠷᠦᠩᠭᠡ︔ | ︵ᠲᠠᠪᠤ︶ ᠬᠡᠷᠡᠭᠯᠡᠬᠦ ᠵᠢᠯ ᠬᠤᠭᠤᠴᠠᠭ᠎ᠠ ᠠᠴᠠ ᠭᠡᠲᠦᠷᠡᠭᠰᠡᠨ ᠬᠡᠷᠡᠭᠯᠡᠬᠦ ᠶᠢᠨ ᠠᠷᠭ᠎ᠠ ᠦᠭᠡᠢ ᠪᠣᠯᠤᠭᠰᠠᠨ ᠡᠳ᠋ ᠬᠦᠷᠦᠩᠭᠡ︔ | ︵ᠵᠢᠷᠭᠤᠭ᠎ᠠ︶ ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠶᠢ ᠨᠢᠭᠡᠨᠲᠡ ᠬᠠᠩᠭᠠᠵᠤ ᠳᠡᠶᠢᠯᠬᠦ ᠦᠭᠡᠢ ᠪᠣᠯᠤᠭᠰᠠᠨ ᠡᠳ᠋ | ᠬᠦᠷᠦᠩᠭᠡ︔ | ︵ᠲᠤᠯᠤᠭ᠎ᠠ︶ ᠡᠳ᠋ ᠬᠦᠷᠦᠩᠭᠡ ᠶᠢ ᠰᠢᠢᠳᠪᠤᠷᠢᠯᠡᠬᠦ ᠴᠢᠬᠤᠯᠠᠲᠠᠶ ᠪᠤᠰᠤᠳ ᠪᠠᠶᠢᠳᠠᠯ᠃ | ᠬᠥᠲᠥᠯᠥᠭᠴᠢ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠶᠢ | ᠳᠤᠷ᠎ᠠ ᠪᠠᠷ ᠢᠶᠠᠨ ᠲᠣᠭᠲᠠᠭᠠᠵᠤ ᠪᠣᠯᠤᠨ᠎ᠠ ᠤᠤ︖ | ᠷᠧᠨ ᠫᠧᠩ᠄ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠦᠮᠴᠢᠯᠡᠯᠲᠤ ᠡᠳ᠋ ᠬᠥᠷᠥᠩᠭᠡ ᠶᠢ ᠦᠨ᠎ᠡ ᠲᠥᠯᠥᠪᠦᠷᠢ | ᠥᠬᠡᠶ ᠪᠠᠷ ᠰᠢᠯᠵᠢᠭᠦᠯᠦᠨ ᠥᠭᠬᠦ᠂ ᠭᠠᠳᠠᠭᠠᠳᠤ ᠳᠤ ᠪᠡᠯᠡᠭᠯᠡᠨ ᠬᠦᠷᠭᠡᠬᠦ᠂ ᠬᠤᠳᠠᠯᠳᠤᠬᠤ᠂ ᠰᠢᠯᠵᠢᠭᠦᠯᠦᠨ ᠥᠭᠬᠦ᠂ ᠰᠣᠯᠢᠬᠤ᠂ ᠬᠤᠬᠢᠷᠠᠯ ᠢ ᠮᠡᠳᠡᠭᠦᠯᠬᠦ᠂ | ᠬᠡᠷᠡᠭᠯᠡᠭᠡᠨ ᠠᠴᠠ ᠭᠠᠷᠭᠠᠬᠤ ᠵᠢᠴᠢ ᠵᠣᠭᠤᠰᠣᠨ ᠤ ᠴᠢᠨᠠᠷᠲᠠᠶ ᠡᠳ᠋ ᠬᠥᠷᠥᠩᠭᠡ ᠶᠢᠨ ᠬᠤᠬᠢᠷᠠᠯ ᠢ ᠲᠠᠩᠰᠠᠨ ᠠᠴᠠ ᠬᠢᠨᠠᠵᠤ ᠭᠠᠷᠭᠠᠬᠤ ᠵᠡᠷᠭᠡ ᠰᠢᠢᠳᠪᠦᠷᠢᠯᠡᠬᠦ ᠦᠢᠯᠡ | ᠠᠵᠢᠯᠯᠠᠭ᠎ᠠ ᠶᠢ ᠳᠤᠷ᠎ᠠ ᠪᠠᠷ ᠢᠶᠠᠨ ᠲᠣᠭᠲᠠᠭᠠᠵᠤ ᠪᠣᠯᠬᠤ ᠥᠬᠡᠶ᠂ ᠤᠯᠤᠰ ᠤᠨ ᠦᠮᠴᠢᠯᠡᠯᠲᠤ ᠡᠳ᠋ ᠬᠥᠷᠥᠩᠭᠡ ᠶᠢ ᠰᠢᠢᠳᠪᠦᠷᠢᠯᠡᠬᠦ ᠵᠦᠢᠯᠡᠰ ᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠤᠯᠤᠰ ᠤᠨ ᠦᠮᠴᠢᠯᠡᠯᠲᠤ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠰᠢᠢᠳᠪᠦᠷᠢᠯᠡᠨ᠎ᠡ ᠃ ᠡᠳ᠋ ᠬᠥᠷᠥᠩᠭᠡ ᠶᠢᠨ ᠰᠢᠢᠳᠪᠦᠷᠢᠯᠡᠯᠲᠡ ᠶᠢᠨ | ᠦᠨ᠎ᠡ ᠬᠤᠪᠢᠷᠠᠭᠤᠯᠤᠭᠰᠠᠨ ᠣᠷᠣᠯᠭ᠎ᠠ ᠪᠠ ᠦᠯᠡᠳᠡᠭᠳᠡᠯ ᠥᠷᠲᠡᠭ ᠤᠨ ᠣᠷᠣᠯᠭ᠎ᠠ ᠨᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠳᠤ ᠬᠠᠷᠢᠶᠠᠯᠠᠭᠳᠠᠨ᠎ᠠ | ᠂ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠦᠨ᠎ᠡ ᠃ | |