ᠦᠣᠰᠢᠨ ᠬᠤᠰᠢᠭᠤᠨ ᠤ ᠬᠦᠴᠢᠷᠳᠡᠯ ᠲᠠᠢ ᠡᠬᠡᠴᠤᠤᠯ ᠬᠦᠦ ᠮᠦᠩᠭᠦ ᠦᠭᠡᠢ ᠵᠢᠭᠡᠯᠡᠯᠭᠡ ᠶᠢᠨ ᠲᠤᠰᠠᠯᠠᠮᠵᠢ ᠬᠦᠷᠳᠡᠵᠤ ᠪᠠᠶᠢᠨ᠎ᠠ
ᠨᠡᠶᠢᠲᠡᠯᠡᠭᠰᠡᠨ ᠴᠠᠭ᠄
2021/4/21
        ᠦᠣᠰᠢᠨ  ᠬᠤᠰᠢᠭᠤ ︽ᠶᠠᠳᠠᠭᠤ ᠭᠦᠴᠢᠷᠳᠡᠯᠳᠡᠢ ᠡᠬᠡᠴᠣᠣᠯ ᠢ ᠲᠣᠰᠠᠯᠠᠨ ᠳᠠᠮᠵᠢᠵᠤ ᠵᠣᠯ ᠵᠢᠷᠭᠠᠯ ᠭᠦᠷᠲᠡᠭᠡᠬᠦ ᠠᠵᠢᠯᠯᠠᠭ᠎ᠠ︾ ᠶᠢᠨ ᠲᠦᠷᠣᠯ ᠵᠦᠢᠯ ᠤᠨ ᠪᠡᠯᠡ ᠮᠦᠩᠬᠦ ᠶᠢ ᠢᠳᠡᠪᠬᠢᠲᠠᠢ ᠲᠠᠷᠬᠠᠭᠠᠵᠣ ᠶᠠᠳᠠᠭᠤ ᠬᠤᠴᠣᠷᠠᠩᠭᠤᠢ ᠭᠠᠵᠠᠷ ᠣᠷᠣᠨ ᠤ ᠭᠦᠴᠢᠷᠳᠡᠯᠳᠡᠢ ᠡᠬᠡᠴᠣᠣᠯ ᠤᠨ ᠣᠶᠢᠯᠡᠰ ᠪᠦᠳᠣᠭᠡᠵᠣ ᠣᠷᠣᠯᠭ᠎ᠠ ᠪᠠᠨ ᠨᠡᠮᠡᠭᠳᠡᠭᠦᠯᠭᠦ ᠳᠤ ᠲᠣᠰᠠᠯᠠᠵᠣ ᠪᠠᠶᠢᠨ᠎ᠠ᠃         ᠣᠶᠢᠷ᠎ᠠ ᠶᠢᠨ ᠡᠳᠣᠷ᠂ ᠦᠣᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠣ ᠶᠢᠨ ᠵᠦᠪᠯᠡᠯ ᠨᠢ ᠦᠣᠰᠢᠨᠵᠣᠣ ᠪᠠᠯᠭᠠᠰᠣᠨ ᠤ ᠨᠠᠶᠢᠬᠡᠮ ᠤᠨ ᠶᠠᠪᠣᠳᠠᠯ ᠤᠨ ᠠᠯᠪᠠᠨ ᠭᠡᠷ ᠲᠠᠢ ᠬᠠᠮᠳᠣᠷᠠᠨ ᠦᠣᠰᠢᠨᠵᠣᠣ ᠪᠠᠯᠭᠠᠰᠣᠨ ᠤ ᠪᠠᠶᠠᠨᠲᠣᠯᠣᠭᠠᠢ ᠭᠠᠴᠠᠭ᠎ᠠ᠂ ᠴᠠᠭᠠᠨᠰᠦ᠋ᠮ᠎ᠡ ᠭᠠᠴᠠᠭᠠᠨ ᠤ ᠰᠦ ᠰᠠᠭᠠᠯᠢ ᠴᠠᠭᠠᠨ ᠢᠳᠡᠭᠡᠨ ᠬᠢᠵᠣ ᠴᠢᠨᠡᠭᠡᠯᠢᠭᠵᠢᠵᠦ ᠪᠠᠶᠢᠭ᠎ᠠ ᠬᠤᠶᠠᠷ ᠶᠠᠳᠠᠭᠤ ᠬᠦᠴᠢᠷᠳᠡᠯᠲᠠᠢ ᠲᠦᠯᠦᠪᠯᠡᠭᠡᠲᠤ ᠦᠷᠡᠵᠢᠯ ᠤᠨ ᠡᠷᠣᠭᠡ ᠳᠤ ᠳᠣᠰᠪᠣᠷᠢ 5 ᠳᠦᠮᠡᠨ ᠳᠦᠬᠦᠷᠢᠭ ᠤᠨ ᠳᠣᠰᠠᠯᠠᠮᠵᠢ ᠶᠢᠨ ᠮᠦᠩᠬᠦ ᠶᠢ ᠭᠤᠷᠪᠡᠨ ᠵᠢᠯ ᠤᠨ ᠬᠤᠭᠤᠴᠠᠭ᠎ᠠ ᠲᠠᠢ ᠬᠦᠤ ᠮᠦᠡᠭᠬᠦ ᠦᠬᠡᠢ ᠵᠢᠭᠡᠯᠡᠭᠦᠯᠣᠨ ᠦᠭᠬᠦᠭᠰᠡᠨ ᠪᠠᠶᠢᠨ᠎ᠠ᠃ ᠪᠠᠶᠠᠨᠲᠣᠯᠣᠭᠠᠢ ᠭᠠᠴᠠᠭᠠᠨ ᠤ ᠣᠳᠣᠨᠴᠡᠴᠡᠭ ᠤᠨ ᠬᠢᠨ 14 ᠰᠠᠭᠠᠯᠢ ᠶᠢᠨ ᠦᠨᠢᠶ᠎ᠡ ᠮᠠᠯᠵᠢᠵᠣ ᠣᠷᠣᠨ ᠨᠣᠳᠤᠭ ᠤᠨ ᠣᠨᠴᠠᠯᠢᠭᠲᠣ ᠢᠳᠡᠭᠡᠨ ᠪᠣᠯᠬᠤ ᠴᠠᠭᠠᠨ ᠢᠳᠡᠭᠡᠨ᠂ ᠬᠠᠳᠠᠭᠠᠭᠰᠠᠨ ᠪᠣᠷᠴᠠ ᠣᠶᠢᠯᠡᠳᠪᠣᠷᠢᠡᠯᠨ ᠪᠣᠷᠣᠯᠠᠭᠤᠯᠬᠤ ᠶᠢᠨ ᠬᠠᠮᠲᠣ ᠵᠣᠴᠢᠯᠠᠭ᠎ᠠ ᠶᠢᠨ ᠭᠠᠵᠠᠷ ᠡᠷᠬᠢᠯᠡᠭᠡᠳ ᠵᠢᠯ ᠳᠤ ᠪᠠᠨ 30 ᠭᠠᠷᠣᠢ ᠳᠦᠮᠡᠨ ᠳᠦᠭᠦᠷᠢᠭ ᠤᠨ ᠣᠷᠣᠯᠭ᠎ᠠ ᠣᠯᠵᠣ ᠡᠨ᠋ᠨ ᠤᠳᠠᠭᠠᠨ ᠤ 5 ᠳᠦᠮᠡᠨ ᠳᠦᠭᠦᠷᠢᠭ ᠤᠨ ᠲᠣᠰᠠᠯᠠᠮᠵᠢ ᠶᠢᠨ ᠮᠦᠩᠬᠦ ᠲᠡᠬᠦᠨ ᠳᠤ ᠨᠡᠯᠢᠶᠡᠳ ᠶᠡᠭᠡ ᠭᠦᠴᠢᠷᠳᠡᠯ ᠢ ᠰᠶᠢᠳᠪᠣᠷᠢᠯᠡᠭᠰᠡᠨ ᠪᠠᠶᠢᠨ᠎ᠠ᠃         ᠤᠳᠤᠨᠴᠡᠴᠡᠭ᠄ ︽ᠰᠠᠭᠠᠯᠢ ᠶᠢᠨ ᠦᠨᠢᠶ᠎ᠡ ᠪᠠᠨ ᠠᠷᠪᠢᠳᠬᠠᠬᠤ᠂ ᠮᠠᠰᠢᠨ ᠲᠦᠬᠦᠭᠡᠷᠦᠮᠵᠢ ᠤᠷᠤᠭᠤᠯᠬᠤ ᠲᠦᠯᠦᠪᠯᠡᠭᠡ ᠲᠠᠢ ᠪᠠᠶᠢᠭᠰᠠᠨ ᠨᠠᠳᠠ ᠳᠤ ᠡᠨᠡ ᠲᠤᠰᠠᠯᠠᠮᠵᠢ ᠶᠢᠨ ᠮᠦᠩᠬᠦ ᠨᠢ ᠲᠤᠩ ᠶᠡᠭᠡ ᠬᠠᠪᠰᠤᠷᠤᠯᠭ᠎ᠠ ᠪᠤᠯᠤᠯ᠎ᠠ︾ ᠬᠡᠪᠡ᠃         ︽ᠭᠦᠴᠢᠷᠳᠡᠯᠳᠡᠢ ᠡᠬᠡᠴᠣᠣᠯ ᠢ ᠲᠣᠰᠠᠯᠠᠨ ᠳᠠᠮᠵᠢᠵᠤ ᠵᠣᠯ ᠵᠢᠷᠭᠠᠯ ᠭᠦᠷᠲᠡᠭᠡᠬᠦ ᠠᠵᠢᠯᠯᠠᠭ᠎ᠠ︾ ᠶᠢᠨ ᠲᠦᠷᠣᠯ ᠵᠦᠢᠯ ᠨᠢ ᠳᠣᠮᠳᠠᠳᠣ ᠣᠯᠣᠰ ᠤᠨ ᠲᠦᠯᠦᠪᠯᠡᠭᠡᠲᠤ ᠦᠷᠡᠵᠢᠯ ᠤᠨ ᠨᠡᠶᠢᠬᠡᠮᠯᠢᠭ ᠪᠣᠯᠣᠨ ᠳᠣᠮᠳᠠᠳᠣ ᠣᠯᠣᠰ ᠤᠨ ᠬᠦᠮᠣᠨ ᠠᠮᠠ ᠶᠢᠨ ᠰᠣᠨᠢᠨ ᠠᠴᠠ 1995 ᠣᠨ ᠳᠤ ᠬᠠᠮᠲᠣᠷᠠᠨ ᠬᠡᠷᠡᠭᠵᠢᠭᠦᠯᠵᠥ ᠪᠠᠶᠢᠭ᠎ᠠ ᠶᠠᠳᠠᠭᠤ ᠭᠦᠴᠢᠷᠳᠡᠯᠳᠡᠢ ᠭᠠᠵᠠᠷ ᠣᠷᠣᠨ ᠤ ᠡᠮᠡᠭᠳᠡᠶᠢᠴᠥᠥᠨ ᠪᠣᠯᠣᠨ ᠭᠡᠷ ᠪᠦᠯᠢ ᠳᠤ ᠪᠠᠭ᠎ᠠ ᠬᠡᠮᠵᠢᠶᠠᠨ ᠤ ᠡᠬᠡᠯᠵᠢᠯᠡᠭᠦᠯᠣᠨ ᠬᠡᠷᠡᠭᠯᠡᠭᠦᠯᠬᠦ ᠲᠦᠷᠣᠯ ᠵᠦᠢᠯ ᠤᠨ ᠪᠡᠯᠡ ᠮᠦᠩᠬᠦ ᠬᠠᠩᠭᠠᠵᠣ ᠭᠠᠵᠠᠷ ᠣᠷᠣᠨ ᠤ ᠪᠣᠳᠠᠳᠣ ᠪᠠᠶᠢᠳᠠᠯ ᠢᠶᠠᠨ ᠦᠨᠳᠣᠰᠣᠯᠡᠨ ᠠᠵᠢᠯ ᠣᠶᠢᠯᠡᠰ ᠡᠷᠬᠢᠯᠡᠨ ᠣᠷᠣᠯᠭ᠎ᠠ ᠪᠠᠨ ᠨᠡᠮᠡᠭᠳᠡᠭᠦᠯᠭᠦ ᠨᠠᠶᠢᠳᠠ ᠶᠢᠨ ᠠᠰᠠᠷᠠᠮᠵᠢ ᠶᠢᠨ ᠲᠦᠷᠣᠯ ᠵᠦᠢᠯ ᠪᠣᠯᠣᠨ᠎ᠠ᠃ ᠦᠣᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠲᠣ ᠶᠢᠨ ᠵᠦᠪᠯᠡᠯ ᠤᠨ ᠲᠦᠯᠦᠪᠯᠡᠭᠡᠲᠤ ᠦᠷᠡᠵᠢᠯ ᠤᠨ ᠨᠡᠶᠢᠬᠡᠮᠯᠢᠭ ᠤᠨ ᠬᠢᠨ 2011 ᠣᠨ ᠠᠴᠠ ᠡᠬᠢᠯᠡᠨ ︽ᠭᠦᠴᠢᠷᠳᠡᠯᠳᠡᠢ ᠡᠬᠡᠴᠣᠣᠯ ᠢ ᠲᠣᠰᠠᠯᠠᠨ ᠳᠠᠮᠵᠢᠵᠤ ᠵᠣᠯ ᠵᠢᠷᠭᠠᠯ ᠭᠦᠷᠲᠡᠭᠡᠬᠦ ᠠᠵᠢᠯᠯᠠᠭ᠎ᠠ︾ ᠶᠢᠨ ᠲᠦᠷᠣᠯ ᠵᠦᠢᠯ ᠢ ᠬᠡᠷᠡᠭᠵᠢᠭᠦᠯᠵᠥ ᠣᠳᠣᠬᠠᠨ ᠪᠣᠯᠳᠠᠯ᠎ᠠ ᠪᠦᠬᠦ ᠬᠤᠰᠢᠭᠤᠨ ᠤ 6 ᠰᠣᠮᠣ ᠪᠠᠯᠭᠠᠰᠣᠨ ᠤ 52 ᠡᠷᠣᠬᠡ ᠳᠤ ᠤᠷᠢᠳ ᠬᠤᠵᠢᠳ ᠨᠡᠶᠢᠲᠡ 130 ᠲᠦᠮᠡᠨ ᠲᠦᠭᠦᠷᠢᠭ ᠢ ᠭᠤᠷᠪᠡᠨ ᠵᠢᠯ ᠤᠨ ᠬᠤᠭᠤᠴᠠᠭ᠎ᠠ ᠲᠠᠢ ᠬᠦᠤ ᠮᠦᠩᠬᠦ ᠦᠬᠡᠢ ᠪᠠᠷ ᠵᠢᠭᠡᠯᠡᠭᠦᠯᠣᠨ ᠬᠡᠷᠡᠭᠯᠡᠭᠦᠯᠵᠥ ᠮᠠᠯ ᠲᠠᠷᠢᠶᠡᠯᠡᠩ ᠤᠨ ᠰᠠᠭᠤᠷᠢ ᠲᠦᠭᠦᠭᠡᠷᠦᠮᠵᠢ᠂ ᠲᠠᠷᠢᠵᠣ ᠲᠠᠵᠢᠬᠡᠬᠦ ᠣᠶᠢᠯᠡᠰ᠂ ᠰᠦ ᠰᠠᠭᠠᠯᠢ ᠴᠠᠭᠠᠨ ᠢᠳᠡᠭᠡᠨ ᠤ ᠣᠶᠢᠯᠡᠰ ᠵᠡᠷᠭᠡ ᠶᠢ ᠡᠷᠬᠢᠯᠡᠵᠤ ᠣᠷᠣᠯᠭ᠎ᠠ ᠪᠠᠨ ᠨᠡᠮᠡᠭᠳᠡᠭᠦᠯᠬᠦ ᠳᠤ ᠲᠣᠰᠠᠯᠠᠭᠰᠠᠨ ᠪᠠᠶᠢᠨ᠎ᠠ᠃         ᠦᠣᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠲᠣ ᠶᠢᠨ ᠵᠦᠪᠯᠡᠯ ᠤᠨ ᠳᠡᠳ᠋ ᠡᠷᠬᠢᠯᠡᠭᠴᠢ ᠪᠠᠳᠣᠳᠠᠯᠠᠢ᠄ ︽ᠮᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠲᠥᠯᠥᠪᠯᠡᠭᠡᠲᠦ ᠦᠷᠡᠵᠢᠯ ᠤᠨ ᠨᠡᠶᠢᠬᠡᠮᠯᠢᠭ ᠨᠢ 2011 ᠣᠨ ᠠᠴᠠ ᠡᠬᠢᠯᠡᠵᠤ ᠠᠷᠪᠠᠨ ᠲᠦᠮᠡᠨ ᠲᠦᠭᠦᠷᠢᠭ ᠤᠨ ᠰᠠᠭᠤᠷᠢ ᠮᠦᠩᠭᠦ ᠭᠠᠷᠭᠠᠵᠤ ᠬᠦᠴᠢᠷᠳᠡᠯ ᠲᠠᠢ ᠡᠬᠡᠴᠦᠳ ᠢ ᠳᠤᠰᠠᠯᠠᠨ ᠳᠠᠮᠵᠢᠵᠣ ᠵᠣᠯ ᠵᠢᠷᠭᠠᠯ ᠭᠦᠷᠲᠡᠭᠡᠬᠦ ᠲᠦᠷᠣᠯ ᠵᠦᠢᠯ ᠢ ᠶᠠᠪᠤᠭᠳᠠᠭᠤᠯᠵᠤ ᠲᠥᠯᠥᠪᠯᠡᠭᠡᠲᠦ ᠦᠷᠡᠵᠢᠯ ᠤᠨ ᠡᠷᠦᠬᠡ ᠳᠤ ᠬᠦᠦ ᠮᠦᠩᠬᠦ ᠦᠭᠡᠢ ᠵᠢᠭᠡᠯᠡᠯᠭᠡ ᠦᠭᠴᠦ ᠲᠡᠳᠡᠨ ᠤ ᠠᠵᠤ ᠦᠢᠯᠡᠰ ᠪᠤᠰᠬᠠᠬᠤ ᠳᠤ ᠪᠡᠯᠡ ᠮᠦᠩᠬᠦ ᠳᠤᠲᠠᠭᠤ ᠪᠠᠶᠢᠭ᠎ᠠ ᠬᠦᠴᠢᠷᠳᠠᠯ ᠢ ᠰᠢᠢᠳᠪᠣᠷᠢᠯᠠᠵᠣ ᠡᠳᠡᠭᠡᠷ ᠡᠷᠦᠬᠡ ᠶᠢᠨ ᠣᠷᠣᠯᠭ᠎ᠠ ᠶᠢ ᠨᠡᠮᠡᠭᠳᠡᠭᠦᠯᠵᠦ ᠠᠮᠢᠳᠤᠷᠠᠯ ᠶᠢ ᠳᠡᠭᠡᠭᠰᠢᠯᠡᠭᠦᠯᠦᠭᠰᠡᠨ ᠪᠠᠶᠢᠨ᠎ᠠ︾ ᠭᠡᠪᠡ᠃
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ