ᠡᠵᠡᠨ ᠬᠤᠷᠤᠭ᠎ᠠ ᠬᠤᠰᠢᠭᠤ ᠪᠣᠯᠤᠨ ᠰᠠᠨᠰᠠᠷ ᠤᠨ ᠠᠶᠠᠯᠠᠯ ᠤᠨ ᠺᠠᠶ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠠᠭᠤᠳᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2021/4/21
        ᠡᠵᠡᠨ ᠬᠤᠷᠤᠭ᠎ᠠ ᠬᠤᠰᠢᠭᠤ ᠪᠣᠯᠤᠨ ᠰᠠᠨᠰᠠᠷ ᠤᠨ ᠠᠶᠠᠯᠠᠯ ᠤᠨ ᠺᠠᠶ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠰᠠᠭᠤᠳᠠᠯ ᠤᠨ ᠬᠤᠷᠠᠯ ᠬᠢᠪᠠ
        ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ ᠬᠤᠨᠠᠨ ᠤ ᠰᠠᠨᠰᠠᠷ ᠤᠨ ᠠᠶᠠᠯᠠᠯ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠢᠶᠤᠤ ᠵᠢᠶ ᠭᠧ᠂ ᠬᠤᠨᠠᠨ ᠤ ᠰᠠᠨᠰᠠᠷ ᠤᠨ ᠠᠶᠠᠯᠠᠯ ᠤᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠺᠠᠶ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠷᠡᠭ ᠮᠡᠳᠡᠭᠴᠢᠳ ᠤᠨ ᠳᠠᠷᠤᠭ᠎ᠠ ᠰᠥᠩ ᠸᠧᠶ ᠡᠤ᠂ ᠠᠦ᠋ᠰᠳ᠋ᠷᠠᠯᠢᠶ᠎ᠠ ᠶᠢᠨ ᠵᠢᠶᠠᠩᠰᠦ ᠶᠢᠨ ᠦᠶ᠋ᠯᠡᠳᠪᠦᠷᠢ ᠬᠤᠳᠠᠯᠳᠤᠭᠠᠨ ᠤ ᠬᠤᠯᠪᠣᠭᠠᠲᠤ ᠶᠡᠷᠦᠩᠬᠡᠶ ᠡᠪᠯᠡᠯ ᠤᠨ ᠳᠠᠷᠤᠭ᠎ᠠ᠂ ᠤᠣ ᠰᠢᠨ ︵ᠱᠠᠩᠬᠠᠶ︶ ᠲᠡᠯᠡᠶ ᠲᠠᠩᠭᠢᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ  ᠤᠨ ᠳᠠᠷᠤᠭ᠎ᠠ ᠴᠧᠨ ᠶᠢᠨ ᠰᠢᠨ᠂ ᠰᠠᠨᠰᠠᠷ ᠤᠨ ᠠᠶᠠᠯᠠᠯ ᠤᠨ ᠺᠠᠶ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠶ ᠵᠠᠬᠢᠷᠤᠯ ᠵᠧᠦ ᠪᠥᠸᠧ ᠫᠢᠩ᠂ ᠰᠠᠨᠰᠠᠷ ᠤᠨ ᠠᠶᠠᠯᠠᠯ ᠤᠨ ᠺᠠᠶ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠪᠥᠭᠡᠳ ᠪᠡᠭᠡᠵᠢᠩ ᠤᠨ ᠲᠥᠯᠥᠪᠵᠢᠭᠦᠯᠭᠡ ᠶᠢᠨ ᠬᠦᠷᠢᠶᠡᠯᠡᠩ ᠤᠨ ᠳᠠᠷᠤᠭ᠎ᠠ ᠸᠠᠩ ᠾᠧ ᠯᠢ ᠵᠢᠴᠢ ᠬᠤᠰᠢᠭᠤᠨ ᠤ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠵᠢᠶᠠᠨ ᠭᠠᠩ ᠬᠤᠷᠠᠯ ᠡᠷᠭᠢᠯᠡᠪᠡ᠃         ᠬᠤᠷᠠᠯ ᠳᠡᠭᠡᠷ᠎ᠡ᠂ ᠵᠧᠦ ᠪᠥᠸᠧ ᠫᠢᠩ ᠰᠠᠨᠠᠭ᠎ᠠ ᠪᠠᠨ ᠢᠯᠡᠳᠬᠡᠵᠦ᠂ ᠸᠠᠩ ᠾᠧ ᠯᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃
        ᠵᠢᠶᠤᠤ ᠵᠢᠢ ᠭᠧ᠂ ᠰᠦᠩ ᠸᠧᠢ ᠡᠤ ᠢᠯᠡᠷᠬᠡᠶᠢᠯᠡᠬᠦ ᠳᠡᠭᠡᠨ ᠬᠤᠶᠠᠷ ᠲᠠᠯ᠎ᠠ ᠪᠠᠷ ᠢᠶᠠᠨ ᠭᠦᠨᠵᠡᠭᠡᠢ ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠲᠥᠯᠥᠪᠯᠡᠭᠡ ᠶᠣᠰᠣᠭᠠᠷ᠂ ᠪᠣᠳᠠᠲᠠᠢ ᠠᠭᠤᠯᠭ᠎ᠠ ᠪᠠᠨ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠡᠵᠡᠨ ᠬᠤᠷᠤᠭ᠎ᠠ ᠬᠤᠰᠢᠭᠤᠨ ᠤ ᠪᠣᠬᠢᠷᠲᠤᠯ ᠦᠭᠡᠢ ᠠᠭᠤᠷᠬᠠᠢ ᠶᠢ ᠰᠡᠷᠭᠦᠭᠡᠨ ᠵᠠᠰᠠᠬᠤ᠂ ᠨᠡᠭᠦᠷᠡᠰᠦᠨ ᠴᠢᠯᠠᠭᠤ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠤᠯᠠᠭᠠᠨᠨᠠᠭᠤᠷ ᠤᠰᠤᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠪᠠ ᠨᠡᠭᠡᠭᠡᠨ ᠬᠥᠭᠵᠢᠭᠦᠯᠬᠦ ᠵᠡᠷᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃        
                ᠬᠤᠸᠠ ᠷᠦᠢ ᠹᠧᠩ ᠶᠠᠷᠢᠶᠠᠨ ᠳᠠᠭᠠᠨ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ︾ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠱᠠᠭᠠᠷᠳᠠᠯᠭ᠎ᠠ ᠪᠣᠯᠤᠨ᠎ᠠ᠃ ᠡᠵᠡᠨ ᠬᠤᠷᠤᠭ᠎ᠠ ᠬᠤᠰᠢᠭᠤ ᠤᠯᠤᠰ ᠤᠨ ᠴᠢᠬᠤᠯᠠ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠪᠠ ᠠᠮᠢ ᠠᠬᠤᠶ  ᠶᠢᠨ ᠠᠮᠤᠷ ᠲᠦᠪᠰᠢᠨ ᠤ ᠬᠠᠯᠬᠠᠪᠴᠢ ᠪᠣᠯᠤᠭᠰᠠᠨ ᠤ ᠬᠤᠪᠢ ᠳᠤ᠂ ᠣᠳᠣᠬᠠᠨ ᠳᠤ ᠶᠠᠭ ᠶᠡᠷᠦᠩᠬᠡᠶ ᠱᠦᠵᠢ ᠶᠢᠨ ᠵᠢᠭᠠᠪᠤᠷᠢ ᠶᠢᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠶ ᠣᠷᠴᠢᠨ ᠲᠣᠭᠤᠷᠢᠨ ᠢ ᠢᠳᠡᠪᠬᠢᠲᠡᠶ ᠰᠡᠷᠭᠦᠭᠡᠨ ᠵᠠᠰᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠪᠠᠶᠢᠨ᠎ᠠ᠃ ᠪᠦᠬᠦ ᠪᠥᠮᠪᠥᠷᠴᠡᠭ ᠤᠨ 500 ᠬᠦᠴᠦᠷᠬᠡᠭ ᠠᠵᠤ ᠠᠬᠤᠶᠢᠯᠠᠯ ᠪᠣᠯᠬᠤ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠠᠷᠢᠶᠠᠨ ᠳᠠᠬᠢ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ 20 ᠭᠠᠷᠤᠢ ᠵᠢᠯ ᠤᠨ ᠬᠥᠭᠵᠢᠯᠲᠡ ᠪᠠᠷ ᠳᠠᠮᠵᠢᠨ ᠨᠢᠭᠡᠨᠲᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠲᠦᠷᠦᠯ ᠳᠤ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠳᠠᠭᠠᠭᠤᠯᠤᠭᠴᠢ ᠠᠵᠤ ᠠᠬᠤᠶᠢᠯᠠᠯ ᠪᠤᠯᠪᠠ᠃ ᠰᠠᠨᠰᠠᠷ ᠤᠨ ᠠᠶᠠᠯᠠᠯ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠮᠡᠷᠭᠡᠵᠢᠯ᠂ ᠡᠬᠢ ᠪᠠᠶᠠᠯᠢᠭ ᠪᠠ ᠡᠵᠡᠩᠨᠡᠯᠲᠡ ᠵᠡᠷᠭᠡ ᠲᠠᠯ᠎ᠠ ᠶᠢᠨ ᠳᠠᠪᠠᠭᠤᠯᠢᠭ ᠢ ᠠᠰᠢᠭᠯᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢᠨ ᠵᠠᠰᠠᠯᠲᠠ ᠶᠢ ᠠᠬᠢᠭᠤᠯᠬᠤ ᠨᠢ ᠪᠢᠳᠡᠨ ᠤ ︽ᠬᠦᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠰᠠᠶᠢᠲᠤᠷ ᠵᠠᠮᠨᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠬᠡᠵᠦ ᠵᠢᠭᠠᠨ ᠭᠠᠷᠭᠠᠪᠠ᠃         ᠬᠤᠸᠠ ᠷᠦᠢ ᠹᠧᠩ ᠢᠯᠡᠷᠬᠡᠶᠢᠯᠡᠬᠦ ᠳᠡᠭᠡᠨ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠶᠠᠷᠢᠯᠴᠠᠭ᠎ᠠ ᠰᠣᠯᠢᠯᠴᠠᠭ᠎ᠠ ᠪᠠᠷ ᠰᠠᠭᠤᠷᠢ ᠪᠣᠯᠭᠠᠵᠤ᠂ ᠠᠵᠢᠯ ᠤᠨ ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠨᠢᠮᠪᠠᠢ ᠲᠥᠯᠥᠪᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ᠃ ᠨᠢᠭᠡᠨᠲᠡ ᠪᠠᠶᠢᠭᠤᠯᠤᠭᠳᠠᠭᠰᠠᠨ ᠠᠮᠢ ᠠᠬᠤᠶ ᠣᠷᠴᠢᠨ ᠲᠣᠭᠤᠷᠢᠨ ᠤ ᠠᠵᠤ ᠦᠶ᠋ᠯᠡᠰ ᠤᠨ ᠬᠠᠮᠲᠤᠷᠠᠯᠴᠠᠭᠠᠨ ᠤ ᠠᠵᠢᠯ ᠤᠨ ᠳᠤᠭᠤᠶᠢᠯᠠᠩ ᠳᠤ ᠲᠦᠰᠢᠭᠯᠡᠨ᠂ ︽ᠪᠠᠯᠠ ᠨᠡᠶᠢᠯᠡᠭᠦᠯᠦᠭᠰᠡᠨ ᠺᠣᠮᠫᠠᠨᠢ ᠪᠠᠶᠢᠭᠤᠯᠬᠤ᠂ ᠠᠵᠤ ᠦᠶ᠋ᠯᠡᠰ ᠤᠨ ᠰᠠᠭᠤᠷᠢ ᠮᠥᠩᠭᠦ ᠶᠢ ᠣᠷᠣᠭᠤᠯᠬᠤ᠂ ᠪᠠᠯᠠ ᠨᠡᠶᠢᠯᠡᠭᠦᠯᠬᠦ ᠲᠠᠪᠴᠠᠩ ᠪᠠᠶᠢᠭᠤᠯᠬᠤ︾ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠨᠡᠪᠲᠡᠷᠡᠯᠴᠡᠭᠡ ᠵᠣᠯᠭᠠᠯᠴᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠠᠮᠲᠤ ᠪᠠᠷ ᠡᠯ᠎ᠡ ᠵᠦᠶ᠋ᠯ ᠤᠨ ᠠᠵᠢᠯ ᠢᠶᠠᠨ ᠤᠷᠤᠭᠰᠢ ᠠᠬᠢᠭᠤᠯᠵᠤ ᠪᠣᠳᠠᠲᠠᠶ ᠬᠢᠬᠦ ᠬᠡᠷᠡᠭᠲᠡᠶ᠃ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠤᠰᠬᠠᠶ ᠲᠥᠯᠥᠪᠵᠢᠭᠦᠯᠭᠡ ᠲᠠᠢ ᠤᠶᠠᠯᠳᠤᠭᠤᠯᠤᠨ᠂ ᠡᠵᠡᠨ ᠬᠤᠷᠤᠭ᠎ᠠ ᠬᠤᠰᠢᠭᠤᠨ ᠤ ᠠᠮᠢ ᠠᠬᠤᠶ ᠶᠢ ᠰᠡᠷᠭᠦᠭᠡᠬᠦ ᠶᠡᠷᠦᠩᠬᠡᠶ ᠲᠥᠯᠥᠪᠵᠢᠭᠦᠯᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠪᠥᠬᠦ ᠣᠷᠣᠨ ᠪᠦᠰᠡ ᠳᠤ ᠠᠬᠢᠭᠤᠯᠬᠤ ᠳᠤ ᠪᠠᠲᠤ ᠪᠠᠬᠢ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠶ᠃ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠲᠥᠷᠥᠯ ᠵᠦᠶ᠋ᠯ ᠤᠨ ᠲᠥᠷᠥᠯ ᠵᠦᠶ᠋ᠯ ᠪᠠᠶᠢᠭᠤᠯᠬᠤ ᠶᠢ ᠲᠦᠷᠭᠡᠳᠬᠡᠨ᠂ ᠴᠠᠭ ᠤᠨ ᠬᠦᠰᠦᠨᠦᠭᠲᠦ ᠪᠠ ᠪᠠᠷᠢᠯᠭ᠎ᠠ ᠶᠢᠨ ᠵᠢᠷᠤᠭ ᠢ ᠪᠦᠷᠢᠯᠳᠦᠭᠦᠯᠵᠦ᠂ ᠭᠠᠷ ᠬᠦᠢᠴᠡᠳᠬᠡᠯ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠥᠷᠥᠯ ᠵᠦᠶ᠋ᠯ ᠢ ᠳᠠᠷᠤᠶ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠬᠡᠷᠡᠭᠲᠡᠶ ᠬᠡᠪᠡ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ