ᠬᠢᠶ᠎ᠠ ᠪᠠᠭᠰᠢ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ  ᠳᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/22
        4 ᠰᠠᠷ᠎ᠠ ᠶᠢᠨ 16 ᠤ ᠡᠳᠦᠷ᠂ ᠬᠢᠶ᠎ᠠ ᠪᠠᠭᠰᠢ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃
                ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠱᠧᠩ ᠬᠤᠸᠠ ᠬᠤᠷᠠᠯ ᠢ ᠡᠷᠭᠢᠯᠡᠪᠡ᠃ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠱᠧᠩ ᠴᠢᠩ᠂ ᠾᠧ ᠶᠦᠩ ᠳ᠋ᠦᠩ᠂ ᠳ᠋ᠠᠨ ᠫᠧᠩ ᠹᠸᠢ ᠬᠤᠷᠠᠯ ᠳᠤ ᠣᠷᠣᠯᠴᠠᠪᠠ᠃         ᠯᠢ ᠳ᠋ᠦᠩ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠡᠬᠢᠯᠡᠭᠰᠡᠨ ᠠᠴᠠ ᠨᠠᠰᠢ᠂ ᠬᠢᠶ᠎ᠠ ᠪᠠᠭᠰᠢ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠣᠭᠤᠰᠢᠯᠠᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠨ᠂ ︽ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤ ᠴᠣᠭᠴᠠᠯᠠᠬᠤ︾ ᠨᠢᠭᠡᠳᠦᠭᠡᠷ ᠡᠭᠦᠷᠭᠡ ᠪᠠ ︽ᠰᠤᠷᠤᠯᠴᠠᠯᠭ᠎ᠠ ᠬᠥᠮᠦᠵᠢᠯ︾ ᠤᠨ ᠨᠢᠭᠡᠳᠦᠭᠡᠷ ᠭᠤᠭᠴᠤᠭ᠎ᠠ ᠶᠢᠨ ᠲᠣᠭᠤᠷᠢᠨ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠶ  ᠲᠥᠯᠥᠪᠯᠡᠵᠦ᠂ ᠤᠯᠤᠰ ᠲᠥᠷᠥ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭᠠᠲᠤᠷ ᠵᠢᠱᠢᠶᠡᠴᠢ ᠶᠢᠨ ᠬᠥᠮᠦᠵᠢᠯ ᠢ ᠣᠷᠭᠠᠨᠢᠭ ᠢᠶᠠᠷ ᠤᠶᠠᠯᠳᠣᠭᠤᠯᠬᠤ ᠶᠢ ᠭᠦᠨᠵᠡᠭᠡᠶᠢᠷᠡᠭᠦᠯᠦᠨ᠂  ᠪᠠᠷᠢᠮᠵᠢᠶ᠎ᠠ ᠪᠤᠯᠤᠨ ᠱᠠᠭᠠᠷᠳᠠᠯᠭ᠎ᠠ ᠯᠤᠭ᠎ᠠ ᠬᠠᠷᠢᠴᠠᠭᠤᠯᠬᠤ ᠪᠠ ᠰᠤᠷᠤᠯᠴᠠᠨ ᠦᠢᠯᠡᠳᠦᠯᠭᠡᠵᠢᠭᠦᠯᠭᠦ ᠳᠤᠮᠳᠠ ᠰᠤᠷᠭᠠᠨ ᠬᠥᠮᠦᠵᠢᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠲᠤᠷᠰᠢᠯᠭ᠎ᠠ ᠪᠠᠨ ᠳ᠋ᠦᠩᠨᠡᠨ᠂ ᠬᠦᠷᠦᠯᠴᠡᠬᠦ ᠦᠭᠡᠢ ᠲᠠᠯ᠎ᠠ ᠪᠠᠨ ᠵᠥᠪ ᠢᠶᠠᠷ ᠲᠠᠨᠢᠵᠤ᠂ ᠬᠥᠮᠦᠵᠢᠯ ᠴᠡᠭᠴᠡᠯᠡᠯᠲᠡ ᠶᠢᠨ ᠡᠭᠦᠷᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠡᠷᠡᠰ ᠴᠡᠭᠴᠡᠯᠡᠨ ᠰᠠᠶᠢᠵᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ  ᠵᠢᠭᠠᠨ ᠭᠠᠷᠭᠠᠪᠠ᠃         ᠯᠢ ᠳ᠋ᠦᠩ᠂ ᠭᠤᠤᠯᠳᠠᠯᠭ᠎ᠠ ᠶᠢ ᠳᠣᠪᠤᠶᠢᠯᠭᠠᠨ᠂ ᠣᠨᠣᠪᠴᠢᠳᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠲᠣᠪᠤᠶᠢᠮ᠎ᠠ ᠪᠠᠶᠢᠷᠢᠨ ᠳᠤ ᠳᠠᠯᠪᠢᠨ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠣᠨᠣᠪᠴᠢᠳᠠᠢ ᠥᠷᠨᠢᠭᠦᠯᠵᠦ᠂ ᠠᠰᠠᠭᠤᠳᠠᠯ ᠢ ᠴᠡᠭᠴᠡᠯᠡᠨ ᠵᠠᠰᠠᠬᠤ ᠪᠠ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠨ᠂ ᠬᠥᠮᠦᠵᠢᠯ ᠴᠡᠭᠴᠡᠯᠡᠯᠲᠡ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ᠂ ᠬᠢᠨᠠᠨ ᠵᠢᠯᠣᠭᠤᠳᠬᠤ ᠲᠠᠢ ᠬᠠᠮᠵᠢᠯᠴᠠᠨ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠬᠥᠮᠦᠵᠢᠯ ᠴᠡᠭᠴᠡᠯᠡᠯᠲᠡ ᠶᠢᠨ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠶ᠃ ᠦᠵᠡᠯ ᠰᠠᠨᠠᠭᠠᠨ ᠤ ᠳᠠᠷᠤᠭᠠᠰᠤ ᠪᠠᠨ ᠲᠠᠶᠠᠭᠳᠠᠵᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠲᠥᠪ ᠬᠤᠷᠢᠶᠠᠨ  ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠡᠩᠨᠡᠭᠡᠨ ᠤ ᠪᠠᠶᠢᠭᠤᠯᠤᠯᠲᠠ ᠪᠠᠷ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠵᠤ᠂ ᠨᠠᠩ  ᠦᠨᠳᠦᠷ ᠳᠡᠰ ᠤᠨ ᠠᠮᠤᠷ ᠲᠦᠪᠰᠢᠨ ᠬᠢᠶ᠎ᠠ ᠪᠠᠭᠰᠢ᠂ ᠬᠠᠤᠯᠢᠵᠢᠯ ᠬᠢᠶ᠎ᠠ ᠪᠠᠭᠰᠢ ᠶᠢ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃         ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠵᠢᠴᠢ  ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ  ᠤᠷᠤᠯᠴᠠᠪᠠ᠃
ᠢᠷᠡᠯᠲᠡ᠄ ᠲᠤᠰ ᠰᠦᠯᠵᠢᠶ᠎ᠡ