| | | ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ᠂ ᠥᠨᠥᠳᠦᠷ ᠪᠢᠳᠡ ᠬᠢᠶ᠎ᠠ ᠪᠠᠭᠰᠢ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠨᠠᠮ ᠤᠨ | ᠡᠭᠦᠷ ᠤᠨ ᠱᠦᠵᠢ᠂ ᠲᠣᠪᠴᠢᠶᠠᠨ ᠳᠠᠷᠤᠭ᠎ᠠ ᠾᠧ ᠶᠦᠩ ᠭᠠᠩ ᠢ ᠤᠷᠢᠵᠤ ᠬᠤᠲᠠ ᠶᠢᠨ ᠬᠠᠮᠢᠶᠠᠷᠤᠯᠲᠠ ᠶᠢᠨ | ᠲᠠᠯ᠎ᠠ ᠪᠠᠷ ᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠾᠧ | ᠲᠣᠪᠴᠢᠶᠠᠨ ᠳᠠᠷᠤᠭ᠎ᠠ᠂ ᠰᠠᠶᠢᠨ ᠤᠤ︕ | ᠾᠧ ᠶᠦᠩ ᠭᠠᠩ᠄ ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ | ᠦᠦ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ | ᠰᠠᠭᠠᠲᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ | ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠣᠳᠣ ᠶᠠᠮᠠᠷ ᠶᠠᠮᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠬᠠᠷᠢᠭᠤᠴᠠᠵᠦ ᠪᠠᠶᠢᠨ᠎ᠠ ᠪᠣᠢ︖ | ᠾᠧ ᠶᠦᠩ ᠭᠠᠩ᠄ ᠣᠳᠣᠬᠠᠨ ᠳᠤ᠂ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠭᠤᠤᠯᠳᠠᠭᠤ ᠬᠤᠳᠠ ᠶᠢᠨ ᠪᠠᠶᠢᠭᠤᠯᠤᠭᠰᠠᠨ ᠲᠣᠭᠤᠷᠢᠭ ᠤᠨ ︽ | ᠲᠦᠷ ᠴᠠᠭ ᠡᠳ᠋ ᠮᠠᠲ᠋ᠧᠷᠢᠶᠠᠯ ᠣᠪᠣᠭᠠᠯᠠᠬᠤ᠂ ᠡᠭᠦᠷᠢᠳᠡ ᠶᠢᠨ ᠪᠤᠰᠤ ᠴᠢᠨᠠᠷᠲᠠᠶ ᠪᠠᠷᠢᠯᠭ᠎ᠠ ᠪᠤᠶᠤ ᠪᠤᠰᠤᠳ | ᠳᠥᠬᠦᠭᠡᠷᠡᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ︔ ᠣᠨᠴᠠᠭᠠᠢ ᠲᠡᠷᠭᠡ ᠬᠤᠲᠠ ᠶᠢᠨ ᠵᠠᠮ ᠢᠶᠠᠷ ᠶᠠᠪᠣᠬᠤ ︵ | ᠬᠥᠭᠦᠷᠭᠡ ᠪᠠᠷ ᠦᠩᠭᠡᠷᠡᠬᠦ︶ ᠶᠢ ᠬᠢᠨᠠᠨ ᠵᠥᠪᠰᠢᠶᠡᠷᠡᠬᠦ︔ ᠭᠡᠷ ᠤᠨ ᠭᠠᠳᠠᠨᠠᠬᠢ ᠵᠠᠷ ᠤᠨ ᠫᠠᠶᠢᠰᠠ᠂ ᠳᠡᠯᠭᠡᠭᠦᠷ ᠤᠨ | ᠫᠠᠶᠢᠰᠠ᠂ ᠬᠤᠲᠠ ᠶᠢᠨ ᠡᠯᠭᠦᠮᠡᠯ ᠡᠳ᠋ ᠢ ᠳᠣᠭᠢᠷᠠᠭᠤᠯᠵᠤ ᠬᠢᠨᠠᠨ ᠵᠥᠪᠰᠢᠶᠡᠷᠡᠬᠦ︔ ᠬᠤᠲᠠ ᠶᠢᠨ ᠪᠠᠷᠢᠯᠭ᠎ᠠ ᠶᠢᠨ ᠬᠤᠭ | ᠨᠣᠪᠰᠢ ᠰᠢᠢᠳᠪᠦᠷᠢᠯᠡᠭᠦ ᠶᠢ ᠬᠢᠨᠠᠨ ᠵᠥᠪᠰᠢᠶᠡᠷᠡᠬᠦ︔ ᠡᠵᠡᠩᠨᠡᠯᠲᠡ ᠶᠢᠨ ᠴᠢᠨᠠᠷᠲᠠᠶ ᠪᠠᠷ ᠠᠮᠢᠳᠤᠷᠠᠯ ᠤᠨ ᠬᠤᠭ ᠨᠣᠪᠰᠢ | ᠶᠢ ᠱᠦᠭᠦᠷᠳᠡᠨ ᠴᠡᠪᠡᠷᠯᠡᠬᠦ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠦᠢᠯᠡᠴᠢᠯᠡᠭᠡ ᠶᠢ ᠬᠢᠨᠠᠨ | ᠵᠥᠪᠰᠢᠶᠡᠷᠡᠬᠦ︔ ᠬᠤᠲᠠ ᠪᠠᠯᠭᠠᠰᠤᠨ ᠤ ᠪᠣᠬᠢᠷ ᠤᠰᠤ ᠶᠢ ᠣᠰᠣ ᠭᠠᠷᠭᠠᠬᠤ ᠬᠤᠭᠤᠯᠠᠢ ᠳᠤ ᠭᠠᠳᠠᠭᠰᠢᠯᠠᠭᠤᠯᠬᠤ ᠶᠢ | ᠬᠢᠨᠠᠨ ᠵᠥᠪᠰᠢᠶᠡᠷᠡᠬᠦ︔ ᠬᠤᠲᠠ ᠶᠢᠨ ᠮᠣᠳᠣ | ᠴᠠᠪᠴᠠᠬᠤ ᠶᠢ ᠬᠢᠨᠠᠨ ᠵᠥᠪᠰᠢᠶᠡᠷᠡᠬᠦ︔ ᠲᠦᠷ ᠴᠠᠭ ᠬᠤᠲᠠ ᠶᠢᠨ ᠣᠶᠢᠵᠢᠭᠤᠯᠤᠭᠰᠠᠨ ᠣᠷᠣᠨ ᠪᠥᠰᠡ ᠶᠢ ᠡᠵᠡᠯᠡᠨ | ᠬᠡᠷᠡᠭᠯᠡᠬᠦ ᠶᠢ ᠬᠢᠨᠠᠨ ᠵᠥᠪᠰᠢᠶᠡᠷᠡᠬᠦ︔ ᠡᠷᠲᠡᠨ ᠤ ᠮᠣᠳᠣ ᠨᠠᠷᠠᠲᠤ ᠮᠣᠳᠣ ᠶᠢ ᠨᠡᠭᠦᠯᠭᠡᠬᠦ ᠶᠢ ᠬᠢᠨᠠᠨ ᠵᠥᠪᠰᠢᠶᠡᠷᠡᠬᠦ︔ | ᠬᠤᠲᠠ ᠶᠢᠨ ᠵᠠᠮ ᠢ ᠲᠦᠷ ᠴᠠᠭ ᠡᠵᠡᠯᠡᠨ ᠬᠡᠷᠡᠭᠯᠡᠵᠦ ᠮᠠᠯᠲᠠᠬᠤ ᠶᠢ ᠬᠢᠨᠠᠨ ᠵᠥᠪᠰᠢᠶᠡᠷᠡᠬᠦ︾ ᠵᠡᠷᠭᠡ ᠠᠷᠪᠠᠨ ᠬᠢᠨᠠᠨ | ᠵᠥᠪᠰᠢᠶᠡᠷᠡᠬᠦ ᠵᠦᠢᠯᠡᠰ ᠢ ᠬᠠᠷᠢᠭᠤᠴᠠᠵᠦ ᠪᠠᠶᠢᠨ᠎ᠠ᠃ | ᠬᠥᠲᠥᠯᠥᠭᠴᠢ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠭᠡᠷ ᠤᠨ ᠭᠠᠳᠠᠨᠠᠬᠢ ᠵᠠᠷ ᠤᠨ ᠫᠠᠶᠢᠰᠠ᠂ ᠳᠡᠯᠭᠡᠭᠦᠷ ᠤᠨ ᠫᠠᠶᠢᠰᠠ ᠶᠢ ᠬᠢᠨᠠᠨ ᠵᠥᠪᠰᠢᠶᠡᠷᠡᠬᠦ ᠲᠠᠯ᠎ᠠ ᠪᠠᠷ | ᠶᠠᠮᠠᠷ ᠶᠠᠮᠠᠷ ᠠᠵᠢᠯ ᠬᠢᠭᠰᠡᠨ ᠪᠣᠶ︖ | ᠾᠧ ᠶᠦᠩ ᠭᠠᠩ᠄ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠠᠬᠢᠭᠤᠯᠬᠤ ᠶᠢᠨ ᠲᠤᠰᠠᠳᠠ᠂ ᠮᠠᠨ ᠤ ᠲᠣᠪᠴᠢᠶ᠎ᠠ ︽ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠬᠤ᠂ | ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠬᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠬᠤ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠶᠢ ᠡᠭᠦᠳᠬᠦ︾ ᠵᠡᠷᠭᠡ ᠠᠷᠭ᠎ᠠ ᠬᠡᠮᠵᠢᠶ᠎ᠡ ᠪᠠᠷ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠠᠬᠢᠭᠤᠯᠵᠤ᠂ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ︽ᠬᠠᠮᠤᠭ ᠤᠨ ᠰᠠᠶᠢᠨ ᠦᠢᠯᠡᠴᠢᠯᠡᠭᠡ ᠲᠠᠢ᠂ | ᠬᠠᠮᠤᠭ ᠤᠨ ᠲᠦᠷᠭᠡᠨ ᠪᠥᠳᠥᠮᠵᠢ ᠲᠠᠢ︾ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠣᠷᠴᠢᠨ | ᠲᠣᠭᠤᠷᠢᠨ ᠢ ᠪᠣᠶ ᠪᠣᠯᠭᠠᠬᠤ ᠪᠠᠷ ᠴᠢᠷᠮᠠᠶᠢᠵᠦ ᠪᠠᠶᠢᠨ᠎ᠠ᠃ | ᠬᠥᠲᠥᠯᠥᠭᠴᠢ᠄ ᠶᠠᠮᠠᠷ ᠪᠣᠳᠠᠲᠠᠢ ᠠᠷᠭ᠎ᠠ ᠬᠡᠮᠵᠢᠶ᠎ᠠ ᠠᠪᠴᠦ ᠠᠷᠠᠳ ᠲᠤ ᠳᠦᠭᠦᠮ ᠦᠵᠡᠭᠦᠯᠬᠦ | ᠦᠢᠯᠡᠴᠢᠯᠡᠭᠡ ᠬᠠᠩᠭᠠᠭᠰᠠᠨ ᠪᠤᠢ︖ | ᠾᠧ ᠶᠦᠩ ᠭᠠᠩ᠄ ᠨᠢᠭᠡ᠂ ᠰᠦᠯᠵᠢᠶᠡᠨ ᠳᠡᠭᠡᠷ᠎ᠡ ᠤᠷᠢᠳᠴᠢᠯᠠᠨ ᠵᠢᠷᠤᠭ ᠰᠢᠭᠦᠬᠦ᠃ ᠮᠠᠨ ᠤ | ᠲᠣᠪᠴᠢᠶ᠎ᠠ ᠣᠯᠠᠨ ᠲᠦᠮᠡᠨ ᠤ ᠲᠤᠰᠬᠠᠭᠰᠠᠨ ᠲᠦᠪᠡᠭᠲᠡᠶ ᠠᠰᠠᠭᠤᠳᠠᠯ ᠠᠴᠠ ᠭᠠᠷᠳᠠᠵᠤ᠂ QQ ᠪᠦᠯᠦᠭᠯᠡᠯ ᠳᠤ | ᠤᠷᠢᠳᠴᠢᠯᠠᠨ ᠬᠢᠨᠠᠬᠤ ᠲᠤᠬᠠᠶᠢᠯᠠᠭᠰᠠᠨ ᠠᠵᠢᠯ ᠢ ᠨᠡᠪᠲᠡᠷᠡᠭᠦᠯᠪᠡ᠃ ᠭᠤᠶᠤᠴᠢᠯᠠᠭᠴᠢ ᠪᠤᠳᠤᠭᠲᠤ ᠢᠯᠡ ᠲᠣᠳᠣ | ᠦᠷ᠎ᠡ ᠪᠦᠲᠦᠮᠵᠢ ᠶᠢᠨ ᠵᠢᠷᠤᠭ᠂ ᠭᠡᠷ ᠤᠨ ᠭᠠᠳᠠᠨᠠᠬᠢ ᠵᠠᠷ ᠤᠨ ᠫᠠᠶᠢᠰᠠ ᠶᠢᠨ ᠪᠠᠶᠢᠷᠢᠯᠠᠯ ᠵᠢᠴᠢ ᠡᠵᠡᠩᠨᠡᠯᠲᠡ ᠶᠢᠨ | ᠦᠨᠡᠮᠯᠡᠯ ᠤᠨ ᠢᠯᠡ ᠲᠣᠳᠣ ᠰᠡᠭᠦᠳᠡᠷ ᠵᠡᠷᠭᠡ ᠶᠢ QQ ᠪᠦᠯᠦᠭᠯᠡᠯ ᠳᠤ ᠳᠠᠮᠵᠢᠭᠤᠯᠬᠤ ᠬᠡᠷᠡᠭᠲᠡᠶ᠃ ᠬᠡᠷᠪᠡ ᠨᠠᠷᠠᠲᠤ | ᠲᠡᠮᠳᠡᠭᠲᠦ ᠶᠢᠨ ᠬᠤᠯᠪᠣᠭᠠᠨ ᠳᠤ ᠣᠷᠣᠯᠴᠠᠭᠰᠠᠨ ᠳᠡᠯᠭᠡᠭᠦᠷ ᠪᠠᠶᠢᠪᠠᠯ ᠪᠠᠰᠠ ︽ᠲᠠᠸᠠᠷ ᠤᠨ ᠲᠡᠮᠳᠡᠭ ᠤᠨ | ᠳᠠᠩᠰᠠᠯᠠᠭᠤᠯᠤᠭᠰᠠᠨ ᠦᠨᠡᠮᠯᠡᠯ ᠵᠢᠴᠢ ᠲᠠᠸᠠᠷ ᠤᠨ ᠲᠡᠮᠳᠡᠭ ᠢ ᠬᠡᠷᠡᠭᠯᠡᠬᠦ ᠡᠷᠬᠡ ᠣᠯᠭᠤᠭᠰᠠᠨ ᠪᠢᠴᠢᠭ︾ ᠢ | ᠬᠠᠮᠲᠤ ᠳᠤᠨᠢ ᠳᠠᠮᠵᠢᠭᠤᠯᠣᠨ᠎ᠠ᠃ ᠤᠷᠢᠳᠴᠢᠯᠠᠨ ᠰᠢᠭᠦᠯᠲᠡ ᠶᠢ ᠪᠠᠲᠤᠯᠠᠭᠰᠠᠨ ᠤ ᠳᠠᠷᠠᠭ᠎ᠠ ᠪᠠᠰᠠ QQ | ᠪᠦᠯᠦᠭᠯᠡᠯ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠪᠣᠯᠤᠨ᠎ᠠ᠃ ᠤᠷᠢᠳᠴᠢᠯᠠᠨ ᠰᠢᠭᠦᠬᠦ ᠲᠤᠬᠠᠶᠢᠯᠠᠭᠰᠠᠨ | ᠠᠵᠢᠯ ᠢ ᠡᠬᠢᠯᠡᠭᠦᠯᠦᠭᠰᠡᠨ ᠨᠢ ᠦᠷ᠎ᠡ ᠪᠦᠲᠦᠮᠵᠢ ᠶᠢᠨ ᠵᠢᠷᠤᠭ ᠤᠨ ᠠᠯᠳᠠᠭ᠎ᠠ ᠪᠤᠶᠤ ᠬᠤᠯᠪᠣᠭᠠᠨ ᠳᠤ ᠣᠷᠣᠬᠤ | ᠮᠠᠲ᠋ᠧᠷᠢᠶᠠᠯ ᠤᠨ ᠪᠡᠯᠡᠳᠬᠡᠯ ᠪᠦᠷᠢᠨ ᠪᠤᠰᠤ ᠠᠴᠠ ᠪᠣᠯᠵᠤ ︽ᠢᠯᠡᠭᠦᠦ ᠭᠦᠶᠦᠬᠦ︾ ᠪᠠᠶᠢᠳᠠᠯ ᠭᠠᠷᠬᠤ ᠠᠴᠠ | ᠪᠦᠲᠦᠮᠵᠢᠲᠡᠶ ᠵᠠᠶᠢᠯᠠᠰᠬᠢᠵᠦ ᠂ ᠭᠡᠷ ᠤᠨ ᠭᠠᠳᠠᠨᠠᠬᠢ ᠵᠠᠷ ᠤᠨ ᠫᠠᠶᠢᠰᠠ ᠶᠢᠨ ᠦᠷ᠎ᠡ ᠪᠦᠲᠦᠮᠵᠢ ᠶᠢᠨ ᠵᠢᠷᠤᠭ ᠤᠨ ︽ | ᠨᠢᠭᠡ ᠴᠦ ᠠᠭᠤᠯᠵᠠᠬᠤ ᠥᠬᠡᠶ︾ ᠪᠠᠶᠢᠬᠤ ᠤᠷᠢᠳᠴᠢᠯᠠᠨ ᠬᠢᠨᠠᠬᠤ ᠦᠢᠯᠡᠴᠢᠯᠡᠭᠡ ᠶᠢ ᠪᠥᠬᠦ ᠲᠠᠯ᠎ᠠ ᠪᠠᠷ | ᠪᠡᠶᠡᠯᠡᠭᠦᠯᠦᠭᠰᠡᠨ ᠪᠠᠶᠢᠨ᠎ᠠ᠃ | ᠬᠤᠶᠠᠷ ᠲᠤ᠂ ︽ᠳᠤᠲᠠᠭᠳᠠᠯ ᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ︾᠃ ᠦᠨᠳᠦᠰᠦᠨ | ᠨᠥᠬᠦᠴᠡᠯ ᠪᠦᠷᠢᠯᠳᠦᠭᠰᠡᠨ᠂ ᠭᠤᠤᠯ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠮᠥᠷᠲᠡᠭᠡᠨ ᠬᠠᠤᠯᠢ ᠳᠤ | ᠲᠣᠭᠲᠠᠭᠠᠭᠰᠠᠨ ᠬᠡᠯᠪᠡᠷᠢ ᠳᠤ ᠨᠡᠶᠢᠴᠡᠬᠦ ᠪᠣᠯᠪᠠᠴᠤ ᠭᠤᠤᠯ ᠪᠤᠰᠤ ᠭᠤᠶᠤᠴᠢᠯᠠᠬᠤ ᠮᠠᠲ᠋ᠧᠷᠢᠶᠠᠯ ᠨᠢ ᠳᠤᠲᠠᠭᠳᠠᠵᠤ | ᠪᠠᠶᠢᠪᠠᠯ ᠂ ᠬᠢᠨᠠᠨ ᠵᠥᠪᠰᠢᠶᠡᠷᠡᠬᠦ ᠴᠣᠩᠬᠤᠪᠴᠢ ᠠᠴᠠ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ | ᠂ ᠲᠡᠭᠦᠨ ᠳᠤ ᠵᠥᠪᠰᠢᠶᠡᠷᠡᠯ ᠤᠨ ᠦᠨᠡᠮᠯᠡᠯ ᠠᠪᠬᠤ ᠦᠶ᠎ᠡ ᠳᠤ ᠳᠤᠲᠠᠭᠳᠠᠵᠤ ᠪᠠᠶᠢᠭ᠎ᠠ ᠮᠠᠲ᠋ᠧᠷᠢᠶᠠᠯ ᠢᠶᠠᠨ ᠨᠥᠬᠦᠨ | ᠲᠤᠰᠢᠶᠠᠬᠤ ᠴᠢᠬᠤᠯᠠᠲᠠᠶ ᠪᠠᠶᠢᠬᠤ ᠶᠢ ᠲᠡᠷᠡ ᠳᠤᠤᠷ᠎ᠠ ᠨᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠃ ︽ | ᠳᠤᠲᠠᠭᠳᠠᠯ ᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ︾ ᠪᠣᠯ ︽ᠲᠦᠷ ᠴᠠᠭ ᠳᠤᠲᠠᠭᠳᠠᠵᠤ ᠪᠠᠶᠢᠬᠤ︾ ᠶᠢ | ᠵᠥᠪᠰᠢᠶᠡᠷᠡᠬᠦ ᠠᠴᠠ ᠪᠢᠰᠢ ᠬᠠᠷᠢᠨ ᠦᠨᠡᠨ ᠳᠤᠲᠠᠭᠳᠠᠵᠤ ᠪᠠᠶᠢᠬᠤ ᠶᠠᠪᠤᠳᠠᠯ ᠪᠢᠰᠢ᠂ ᠲᠣᠰ ᠦᠢᠯᠡᠴᠢᠯᠡᠭᠡ | ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠪᠦᠷᠢᠨ ᠪᠤᠰᠤ ᠠᠴᠠ ᠪᠣᠯᠤᠭᠰᠠᠨ ︽ᠣᠯᠠᠨ ᠤᠳᠠᠭ᠎ᠠ ᠭᠦᠶᠦᠬᠦ | ︾ ᠦᠵᠡᠭᠳᠡᠯ ᠢ ᠪᠦᠲᠦᠮᠵᠢᠲᠡᠶ ᠪᠠᠭᠠᠰᠬᠠᠭᠰᠠᠨ ᠪᠠᠶᠢᠨ᠎ᠠ᠃ | ᠭᠤᠷᠪᠠ ᠳᠤ᠂ ᠰᠢᠦᠳᠠᠨ ᠢᠶᠠᠷ ᠬᠦᠷᠭᠡᠬᠦ᠃ ᠭᠤᠶᠤᠴᠢᠯᠠᠭᠴᠢ ᠳᠤ ᠨᠠᠩ ᠰᠠᠶᠢᠨ ᠦᠢᠯᠡᠴᠢᠯᠡᠬᠦ ᠶᠢᠨ | ᠲᠥᠯᠥᠭᠡ᠂ ᠮᠠᠨ ᠤ ᠲᠣᠪᠴᠢᠶ᠎ᠠ ᠰᠦᠢᠳᠭᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ | ᠬᠡᠷᠡᠭᠵᠢᠭᠦᠯᠪᠠ᠃ ᠭᠤᠶᠤᠴᠢᠯᠠᠭᠴᠢ ᠬᠡᠷ ᠤᠨ ᠭᠠᠳᠠᠨᠠᠬᠢ ᠵᠠᠷ ᠤᠨ ᠫᠠᠶᠢᠰᠠ ᠶᠢ ᠳᠣᠭᠢᠷᠠᠭᠤᠯᠤᠭᠰᠠᠨ ᠴᠣᠬᠤᠯᠠᠪᠤᠷᠢ ᠶᠢᠨ | ᠰᠠᠨᠠᠯ ᠤᠨ ᠪᠢᠴᠢᠭ ᠢ ᠰᠢᠤᠳᠠᠨ ᠢᠶᠠᠷ ᠭᠦᠯᠢᠶᠡᠨ ᠠᠪᠣᠶ᠎ᠠ ᠬᠡᠪᠡᠯ᠂ ᠴᠣᠩᠬᠤᠪᠴᠢ ᠶᠢᠨ ᠠᠵᠢᠯᠲᠠᠨ ᠭᠤᠷᠪᠠᠨ | ᠠᠵᠢᠯᠯᠠᠬᠤ ᠡᠳᠦᠷ ᠤᠨ ᠳᠣᠲᠣᠷ᠎ᠠ ᠰᠢᠤᠳᠠᠨ ᠤ ᠲᠤᠰᠬᠠᠶ ᠬᠦᠷᠭᠡᠬᠦ ᠠᠵᠢᠯᠲᠠᠨ ᠢᠶᠠᠷ ᠢᠯᠡᠭᠡᠵᠦ᠂ ᠲᠣᠬᠠᠢ ᠶᠢᠨ ᠡᠳᠣᠷ | ᠤᠨ ᠦᠳᠡ ᠶᠢᠨ ᠬᠤᠶᠢᠨᠠᠬᠢ 4 ᠴᠠᠭ ᠠᠴᠠ ᠡᠮᠦᠨ᠎ᠡ ᠢᠯᠡᠭᠡᠪᠡᠯ᠂ ᠳᠠᠷᠠᠭ᠎ᠠ ᠡᠳᠦᠷ ᠤᠨ ᠦᠳᠡ ᠶᠢᠨ ᠡᠮᠦᠨ᠎ᠡ | ᠭᠤᠶᠤᠴᠢᠯᠠᠭᠴᠢ ᠳᠤ ᠬᠦᠷᠭᠡᠵᠦ ᠥᠭᠭᠦᠨ᠎ᠡ᠃ ᠰᠢᠤᠳᠠᠨ ᠢᠶᠠᠷ ᠬᠦᠷᠭᠡᠬᠦ ᠦᠢᠯᠡᠴᠢᠯᠡᠭᠡ ᠶᠢ ᠥᠷᠨᠢᠭᠦᠯᠦᠭᠰᠡᠨ ᠨᠢ | ᠲᠤᠬᠠᠶ ᠶᠢᠨ ᠲᠠᠯᠠᠪᠤᠷ ᠲᠤ ᠦᠨᠡᠮᠯᠡᠯ ᠠᠪᠬᠤ ᠭᠤᠭᠴᠤᠭ᠎ᠠ ᠶᠢ ᠪᠠᠭᠠᠰᠬᠠᠵᠤ᠂ ᠭᠤᠶᠤᠴᠢᠯᠠᠭᠴᠢ ᠶᠢᠨ ︽ | ᠪᠠᠶᠢᠭᠤᠯᠣᠯᠭ᠎ᠠ ᠳᠤ ᠣᠴᠢᠵᠦ ᠠᠪᠬᠤ︾ ᠪᠠᠶᠢᠭᠰᠠᠨ ᠠᠴᠠ ︽ᠬᠡᠷ ᠲᠤᠨᠢ ᠬᠦᠷᠭᠡᠵᠦ ᠥᠭᠬᠦ︾ ᠪᠣᠯᠭᠠᠨ | ᠬᠤᠪᠢᠷᠠᠭᠤᠯᠪᠠ᠃ | ᠳᠥᠷᠪᠡ ᠳᠤ᠂ ᠤᠷᠢᠳᠴᠢᠯᠠᠨ ᠪᠣᠯᠵᠣᠬᠤ ᠦᠢᠯᠡᠴᠢᠯᠡᠭᠡ᠃ ᠬᠢᠨᠠᠨ ᠵᠥᠪᠰᠢᠶᠡᠷᠡᠬᠦ ᠦᠢᠯᠡᠴᠢᠯᠡᠭᠡ ᠶᠢ | ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠣᠯᠭᠠᠬᠤ ᠶᠢᠨ ᠲᠤᠰᠠᠳᠠ᠂ ᠮᠠᠨ ᠤ ᠲᠣᠪᠴᠢᠶ᠎ᠠ ᠦᠢᠯᠡᠴᠢᠯᠡᠭᠡᠨ ᠤ | ᠠᠷᠭ᠎ᠠ ᠮᠠᠶ᠋ᠢᠭ ᠢᠶᠠᠨ ᠳᠠᠬᠢᠨᠲᠠ ᠲᠠᠰ ᠳᠡᠪᠰᠢᠭᠦᠯᠦᠨ᠂ ᠸᠢᠴᠠᠲ ᠶᠢᠨ ᠣᠯᠠᠨ ᠨᠡᠶᠢᠲᠡ ᠶᠢᠨ ᠳᠠᠪᠴᠠᠩ ᠢᠶᠠᠷ | ᠭᠠᠷᠠᠭ ᠤᠨ ᠵᠢᠷᠭᠤᠭᠠᠨ ᠤ ᠦᠢᠯᠡᠴᠢᠯᠡᠭᠡ ᠶᠢ ᠪᠣᠯᠵᠣᠬᠤ ᠦᠢᠯᠡᠴᠢᠯᠡᠭᠡ ᠨᠡᠪᠲᠡᠷᠡᠭᠦᠯᠪᠡ ᠃ ᠭᠤᠶᠤᠴᠢᠯᠠᠭᠴᠢ | ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠸᠢᠴᠠᠲ ᠶᠢᠨ ᠣᠯᠠᠨ ᠨᠡᠶᠢᠲᠡ ᠶᠢᠨ | ᠳᠠᠪᠴᠠᠩ ᠢᠶᠠᠷ ᠭᠠᠷᠠᠭ ᠤᠨ ᠲᠠᠪᠤᠨ ᠤ ᠦᠳᠡ ᠶᠢᠨ ᠡᠮᠦᠨ᠎ᠡ ᠶᠢᠨ 12᠄ 00 ᠴᠠᠭ ᠠᠴᠠ ᠡᠮᠦᠨ᠎ᠡ ᠪᠣᠯᠵᠣᠭᠰᠠᠨ | ᠦᠢᠯᠡᠴᠢᠯᠡᠭᠡᠨ ᠤ ᠭᠤᠶᠤᠴᠢᠯᠠᠯ ᠢᠶᠠᠨ ᠳᠣᠰᠢᠶᠠᠵᠦ᠂ ᠪᠣᠯᠵᠣᠭᠰᠠᠨ ᠴᠠᠭ ᠬᠤᠭᠤᠴᠠᠭ᠎ᠠ ᠶᠣᠰᠣᠭᠠᠷ ᠬᠢᠨᠠᠨ | ᠵᠥᠪᠰᠢᠶᠡᠷᠡᠬᠦ ᠮᠠᠲ᠋ᠧᠷᠢᠶᠠᠯ ᠢᠶᠠᠨ ᠠᠪᠴᠤ᠂ ᠴᠣᠩᠬᠤᠪᠴᠢ ᠳᠤ ᠬᠦᠷᠴᠦ ᠬᠢᠨᠠᠨ ᠵᠥᠪᠰᠢᠶᠡᠷᠡᠬᠦ ᠵᠦᠢᠯᠡᠰ ᠢᠶᠠᠨ | ᠬᠦᠢᠴᠡᠳᠭᠡᠵᠦ ᠪᠣᠯᠤᠨ᠎ᠠ᠃ ︽ᠤᠷᠢᠳᠴᠢᠯᠠᠨ ᠪᠣᠯᠵᠣᠬᠤ ᠦᠢᠯᠡᠴᠢᠯᠡᠭᠡ︾ ᠶᠢ ᠬᠡᠷᠡᠭᠵᠢᠭᠦᠯᠦᠭᠰᠡᠨ ᠨᠢ ᠬᠢᠨᠠᠨ | ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠦᠬᠦᠮ ᠦᠵᠡᠭᠦᠯᠬᠦ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠤᠨ ᠠᠮᠢᠳᠤᠯᠢᠭ ᠴᠢᠨᠠᠷ ᠪᠠ ᠥᠨᠳᠥᠷ ᠪᠦᠲᠦᠮᠵᠢᠲᠡᠢ ᠴᠢᠨᠠᠷ ᠢ ᠳᠡᠭᠡᠭᠰᠢᠯᠡᠭᠦᠯᠪᠡ᠃ | ᠬᠥᠲᠥᠯᠥᠭᠴᠢ᠄ ᠬᠤᠶᠢᠰᠢᠳᠠ ᠶᠢᠨ ᠠᠵᠢᠯ ᠤᠨ ᠬᠠᠷᠠᠯᠲᠠ ᠨᠢ ᠶᠠᠭᠤ ᠪᠣᠶ︖ | ᠾᠧ ᠶᠦᠩ ᠭᠠᠩ᠄ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠤᠲᠠ ᠶᠢᠨ ᠬᠥᠭᠵᠢᠯᠲᠡ | ᠪᠠ ᠠᠷᠠᠳ ᠲᠥᠮᠡᠨ ᠤ ᠬᠡᠷᠡᠭᠴᠡᠭᠡᠨ ᠤ ᠡᠭᠦᠳᠡᠨ ᠠᠴᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠳᠠᠬᠢᠨᠲᠠ ᠰᠢᠯᠢᠳᠡᠭᠵᠢᠭᠦᠯᠦᠨ᠎ᠡ᠃ ᠨᠢᠭᠡ ᠳᠤ ︽ᠠᠷᠠᠳ ᠲᠤ ᠲᠥᠬᠦᠮ ᠦᠵᠡᠭᠦᠯᠬᠦ | ᠬᠤᠳᠠᠯᠳᠤᠭᠠᠨ ᠤ ᠵᠡᠭᠡᠯᠢ︾ ᠶᠢ ᠲᠦᠰᠦᠪᠯᠡᠨ᠎ᠡ᠃ ᠮᠠᠨ ᠤ ᠲᠣᠪᠴᠢᠶ᠎ᠠ ᠡᠯ᠎ᠡ ᠬᠤᠳᠠᠯᠳᠤᠭᠠᠨ ᠤ ᠵᠡᠭᠡᠯᠢ ᠶᠢᠨ ᠠᠰᠠᠷ | ᠪᠦᠷᠢ ᠶᠢᠨ ᠥᠨᠳᠥᠷ ᠤᠨ ᠬᠡᠮᠵᠢᠶ᠎ᠡ᠂ ᠵᠤᠵᠠᠭᠠᠨ ᠤ ᠬᠡᠮᠵᠢᠶ᠎ᠠ᠂ ᠬᠤᠭᠤᠷᠣᠨᠳᠣᠬᠢ ᠵᠠᠶ ᠂ ᠪᠠᠶᠢᠷᠢᠯᠡᠯ ᠵᠡᠷᠭᠡ ᠳᠤ | ᠪᠦᠬᠦᠯᠢ ᠴᠣᠭᠴᠠ ᠶᠢᠨ ᠲᠥᠯᠥᠪᠵᠢᠭᠦᠯᠪᠡ ᠬᠢᠨ᠎ᠡ᠃ ᠲᠥᠯᠥᠪᠵᠢᠭᠦᠯᠦᠭᠰᠡᠨ ᠤ ᠳᠠᠷᠠᠭ᠎ᠠ᠂ ᠭᠤᠶᠤᠴᠢᠯᠠᠭᠴᠢ | ᠵᠥᠪᠬᠡᠨ ᠥᠪᠡᠷ ᠤᠨ ᠫᠠᠶᠢᠰᠠ ᠢᠯᠡᠷᠬᠡᠶᠢᠯᠡᠯ ᠤᠨ ᠪᠣᠳᠠᠲᠠᠶ ᠪᠠᠶᠢᠷᠢᠯᠠᠯ ᠶᠣᠰᠣᠭᠠᠷ ᠵᠢᠷᠤᠵᠤ ᠲᠥᠯᠥᠪᠯᠡᠨ᠂ | ᠭᠤᠶᠤᠴᠢᠯᠠᠭᠴᠢ ᠶᠢᠨ ᠬᠡᠮᠵᠢᠯᠲᠡ ᠨᠢ ᠣᠨᠣᠪᠴᠢ ᠥᠬᠡᠶ᠂ ᠵᠤᠵᠠᠭᠠᠨ ᠨᠢ ᠲᠣᠳᠣᠷᠬᠠᠶ ᠥᠬᠡᠶ ᠵᠡᠷᠭᠡ ᠬᠠᠮᠢᠶ᠎ᠠ ᠪᠥᠬᠦᠶ | ᠠᠰᠠᠭᠤᠳᠠᠯ ᠠᠴᠠ ᠪᠣᠯᠵᠣ ᠣᠯᠠᠨ ᠤᠳᠠᠭ᠎ᠠ ᠭᠦᠶᠦᠬᠦ ᠠᠴᠠ ᠵᠠᠶᠢᠯᠠᠰᠬᠢᠵᠦ᠂ ᠡᠴᠦᠰ ᠲᠡᠭᠡᠨ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠬᠤᠶᠠᠷ ᠲᠤ ︽ᠠᠷᠠᠳ ᠲᠤ ᠲᠥᠬᠦᠮ | ᠦᠵᠡᠭᠦᠯᠬᠦ ᠬᠡᠪ ᠵᠢᠷᠤᠭ︾ ᠢ ᠵᠢᠷᠤᠵᠤ ᠲᠥᠯᠥᠪᠯᠡᠨ᠎ᠡ᠃ ᠭᠤᠶᠤᠴᠢᠯᠠᠭᠴᠢ ᠶᠢᠨ ᠬᠡᠷᠡᠭᠴᠡᠭᠡ ᠶᠢ ᠦᠨᠳᠦᠰᠦᠯᠡᠨ᠂ | ᠦᠯᠡᠳᠡᠭᠰᠡᠨ ᠶᠢᠰᠦᠨ ᠵᠦᠢᠯ ᠤᠨ ᠬᠢᠨᠠᠨ ᠵᠥᠪᠰᠢᠶᠡᠷᠡᠭᠦᠯᠬᠦ ᠵᠦᠢᠯᠡᠰ ᠤᠨ ᠭᠤᠶᠤᠴᠢᠯᠠᠯ ᠤᠨ ᠮᠠᠲ᠋ᠧᠷᠢᠶᠠᠯ ᠤᠨ ᠬᠡᠪ | ᠵᠠᠭᠪᠤᠷ ᠢ ᠦᠷᠭᠦᠯᠵᠢᠯᠡᠨ ᠦᠢᠯᠡᠳᠴᠦ᠂ ᠭᠤᠶᠤᠴᠢᠯᠠᠭᠴᠢ ᠶᠢᠨ ᠲᠤᠰᠢᠶᠠᠭᠰᠠᠨ ᠬᠢᠨᠠᠨ ᠵᠥᠪᠰᠢᠶᠡᠷᠡᠭᠦᠯᠬᠦ | ᠮᠠᠲ᠋ᠧᠷᠢᠶᠠᠯ ᠨᠢ ᠪᠦᠷᠢᠨ ᠪᠤᠰᠤ᠂ ᠵᠢᠷᠤᠮᠵᠢᠯ ᠥᠬᠡᠶ ᠠᠴᠠ ᠪᠣᠯᠤᠭᠰᠠᠨ ︽ᠳᠠᠬᠢᠨ ᠨᠢᠭᠡ ᠤᠳᠠᠭ᠎ᠠ ᠭᠦᠶᠦᠬᠦ︾ ᠠᠴᠠ | ᠵᠠᠶᠢᠯᠠᠰᠬᠢᠵᠦ᠂ ᠡᠴᠦᠰ ᠲᠡᠭᠡᠨ ︽ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠦᠨ᠎ᠡ᠃ | | | | | | |