ᠬᠤᠲᠠ ᠶᠢᠨ ᠬᠠᠮᠢᠶᠠᠷᠤᠯᠲᠠ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/4/23
2021-04-23-5157c950d6-b4eb-4cec-b13b-0b582f07b7ec.png
         ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ᠂ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠨᠠᠮ ᠤᠨ ᠡᠭᠦᠷ ᠤᠨ ᠱᠦᠵᠢ᠂ ᠲᠣᠪᠴᠢᠶᠠᠨ ᠳᠠᠷᠤᠭ᠎ᠠ ᠾᠧ ᠶᠦᠩ ᠭᠠᠩ ᠢ ᠤᠷᠢᠵᠤ ᠬᠤᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠾᠧ ᠲᠣᠪᠴᠢᠶᠠᠨ ᠳᠠᠷᠤᠭ᠎ᠠ᠂ ᠰᠠᠶᠢᠨ ᠤᠤ︕          ᠾᠧ ᠶᠦᠩ ᠭᠠᠩ᠄ ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃          ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠳᠣ ᠶᠠᠮᠠᠷ ᠶᠠᠮᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ  ᠬᠠᠷᠢᠭᠤᠴᠠᠵᠦ ᠪᠠᠶᠢᠨ᠎ᠠ ᠪᠣᠢ︖          ᠾᠧ ᠶᠦᠩ ᠭᠠᠩ᠄ ᠣᠳᠣᠬᠠᠨ ᠳᠤ᠂ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠭᠤᠤᠯᠳᠠᠭᠤ ᠬᠤᠳᠠ ᠶᠢᠨ ᠪᠠᠶᠢᠭᠤᠯᠤᠭᠰᠠᠨ ᠲᠣᠭᠤᠷᠢᠭ ᠤᠨ ︽ᠲᠦᠷ ᠴᠠᠭ ᠡᠳ᠋ ᠮᠠᠲ᠋ᠧᠷᠢᠶᠠᠯ ᠣᠪᠣᠭᠠᠯᠠᠬᠤ᠂ ᠡᠭᠦᠷᠢᠳᠡ ᠶᠢᠨ ᠪᠤᠰᠤ ᠴᠢᠨᠠᠷᠲᠠᠶ ᠪᠠᠷᠢᠯᠭ᠎ᠠ ᠪᠤᠶᠤ ᠪᠤᠰᠤᠳ ᠳᠥᠬᠦᠭᠡᠷᠡᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ︔ ᠣᠨᠴᠠᠭᠠᠢ ᠲᠡᠷᠭᠡ  ᠬᠤᠲᠠ ᠶᠢᠨ ᠵᠠᠮ ᠢᠶᠠᠷ ᠶᠠᠪᠣᠬᠤ ︵ᠬᠥᠭᠦᠷᠭᠡ ᠪᠠᠷ ᠦᠩᠭᠡᠷᠡᠬᠦ︶ ᠶᠢ ᠬᠢᠨᠠᠨ ᠵᠥᠪᠰᠢᠶᠡᠷᠡᠬᠦ︔ ᠭᠡᠷ ᠤᠨ ᠭᠠᠳᠠᠨᠠᠬᠢ ᠵᠠᠷ ᠤᠨ ᠫᠠᠶᠢᠰᠠ᠂ ᠳᠡᠯᠭᠡᠭᠦᠷ ᠤᠨ ᠫᠠᠶᠢᠰᠠ᠂ ᠬᠤᠲᠠ ᠶᠢᠨ ᠡᠯᠭᠦᠮᠡᠯ ᠡᠳ᠋ ᠢ ᠳᠣᠭᠢᠷᠠᠭᠤᠯᠵᠤ ᠬᠢᠨᠠᠨ ᠵᠥᠪᠰᠢᠶᠡᠷᠡᠬᠦ︔ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠭᠦ ᠶᠢ ᠬᠢᠨᠠᠨ ᠵᠥᠪᠰᠢᠶᠡᠷᠡᠬᠦ︔ ᠡᠵᠡᠩᠨᠡᠯᠲᠡ ᠶᠢᠨ ᠴᠢᠨᠠᠷᠲᠠᠶ ᠪᠠᠷ ᠠᠮᠢᠳᠤᠷᠠᠯ ᠤᠨ ᠬᠤᠭ ᠨᠣᠪᠰᠢ ᠶᠢ ᠱᠦᠭᠦᠷᠳᠡᠨ ᠴᠡᠪᠡᠷᠯᠡᠬᠦ᠂ ᠴᠤᠭᠯᠠᠭᠤᠯᠬᠤ᠂ ᠲᠡᠭᠡᠭᠡᠪᠦᠷᠢᠯᠡᠬᠦ᠂  ᠰᠢᠢᠳᠪᠦᠷᠢᠯᠡᠬᠦ ᠦᠢᠯᠡᠴᠢᠯᠡᠭᠡ ᠶᠢ ᠬᠢᠨᠠᠨ ᠵᠥᠪᠰᠢᠶᠡᠷᠡᠬᠦ︔ ᠬᠤᠲᠠ ᠪᠠᠯᠭᠠᠰᠤᠨ ᠤ ᠪᠣᠬᠢᠷ ᠤᠰᠤ ᠶᠢ ᠣᠰᠣ ᠭᠠᠷᠭᠠᠬᠤ ᠬᠤᠭᠤᠯᠠᠢ ᠳᠤ ᠭᠠᠳᠠᠭᠰᠢᠯᠠᠭᠤᠯᠬᠤ ᠶᠢ ᠬᠢᠨᠠᠨ ᠵᠥᠪᠰᠢᠶᠡᠷᠡᠬᠦ︔ ᠬᠤᠲᠠ ᠶᠢᠨ ᠮᠣᠳᠣ  ᠴᠠᠪᠴᠠᠬᠤ ᠶᠢ ᠬᠢᠨᠠᠨ ᠵᠥᠪᠰᠢᠶᠡᠷᠡᠬᠦ︔ ᠲᠦᠷ ᠴᠠᠭ ᠬᠤᠲᠠ ᠶᠢᠨ ᠣᠶᠢᠵᠢᠭᠤᠯᠤᠭᠰᠠᠨ ᠣᠷᠣᠨ ᠪᠥᠰᠡ ᠶᠢ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ︔ ᠡᠷᠲᠡᠨ ᠤ ᠮᠣᠳᠣ ᠨᠠᠷᠠᠲᠤ ᠮᠣᠳᠣ ᠶᠢ ᠨᠡᠭᠦᠯᠭᠡᠬᠦ ᠶᠢ ᠬᠢᠨᠠᠨ ᠵᠥᠪᠰᠢᠶᠡᠷᠡᠬᠦ︔ ᠬᠤᠲᠠ ᠶᠢᠨ ᠵᠠᠮ ᠢ ᠲᠦᠷ ᠴᠠᠭ ᠡᠵᠡᠯᠡᠨ ᠬᠡᠷᠡᠭᠯᠡᠵᠦ ᠮᠠᠯᠲᠠᠬᠤ ᠶᠢ ᠬᠢᠨᠠᠨ ᠵᠥᠪᠰᠢᠶᠡᠷᠡᠬᠦ︾  ᠵᠡᠷᠭᠡ ᠠᠷᠪᠠᠨ ᠬᠢᠨᠠᠨ ᠵᠥᠪᠰᠢᠶᠡᠷᠡᠬᠦ ᠵᠦᠢᠯᠡᠰ ᠢ ᠬᠠᠷᠢᠭᠤᠴᠠᠵᠦ ᠪᠠᠶᠢᠨ᠎ᠠ᠃          ᠬᠥᠲᠥᠯᠥᠭᠴᠢ᠄  ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠭᠡᠷ ᠤᠨ ᠭᠠᠳᠠᠨᠠᠬᠢ ᠵᠠᠷ ᠤᠨ ᠫᠠᠶᠢᠰᠠ᠂ ᠳᠡᠯᠭᠡᠭᠦᠷ ᠤᠨ ᠫᠠᠶᠢᠰᠠ ᠶᠢ ᠬᠢᠨᠠᠨ ᠵᠥᠪᠰᠢᠶᠡᠷᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖          ᠾᠧ ᠶᠦᠩ ᠭᠠᠩ᠄  ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠮᠠᠨ  ᠤ ᠲᠣᠪᠴᠢᠶ᠎ᠠ ︽ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠬᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠬᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠬᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠶᠢ ᠡᠭᠦᠳᠬᠦ︾ ᠵᠡᠷᠭᠡ ᠠᠷᠭ᠎ᠠ ᠬᠡᠮᠵᠢᠶ᠎ᠡ ᠪᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠠᠬᠢᠭᠤᠯᠵᠤ᠂ ᠬᠢᠨᠠᠨ ᠵᠥᠪᠰᠢᠶᠡᠷᠡᠬᠦ  ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ︽ᠬᠠᠮᠤᠭ ᠤᠨ ᠰᠠᠶᠢᠨ  ᠦᠢᠯᠡᠴᠢᠯᠡᠭᠡ ᠲᠠᠢ᠂  ᠬᠠᠮᠤᠭ ᠤᠨ ᠲᠦᠷᠭᠡᠨ  ᠪᠥᠳᠥᠮᠵᠢ ᠲᠠᠢ︾ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠪᠠᠷ ᠴᠢᠷᠮᠠᠶᠢᠵᠦ ᠪᠠᠶᠢᠨ᠎ᠠ᠃          ᠬᠥᠲᠥᠯᠥᠭᠴᠢ᠄ ᠶᠠᠮᠠᠷ ᠪᠣᠳᠠᠲᠠᠢ ᠠᠷᠭ᠎ᠠ ᠬᠡᠮᠵᠢᠶ᠎ᠠ ᠠᠪᠴᠦ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠬᠠᠩᠭᠠᠭᠰᠠᠨ ᠪᠤᠢ︖          ᠾᠧ ᠶᠦᠩ ᠭᠠᠩ᠄ ᠨᠢᠭᠡ᠂ ᠰᠦᠯᠵᠢᠶᠡᠨ ᠳᠡᠭᠡᠷ᠎ᠡ ᠤᠷᠢᠳᠴᠢᠯᠠᠨ ᠵᠢᠷᠤᠭ ᠰᠢᠭᠦᠬᠦ᠃ ᠮᠠᠨ ᠤ ᠲᠣᠪᠴᠢᠶ᠎ᠠ ᠣᠯᠠᠨ ᠲᠦᠮᠡᠨ ᠤ ᠲᠤᠰᠬᠠᠭᠰᠠᠨ ᠲᠦᠪᠡᠭᠲᠡᠶ ᠠᠰᠠᠭᠤᠳᠠᠯ ᠠᠴᠠ ᠭᠠᠷᠳᠠᠵᠤ᠂ QQ   ᠪᠦᠯᠦᠭᠯᠡᠯ ᠳᠤ ᠤᠷᠢᠳᠴᠢᠯᠠᠨ ᠬᠢᠨᠠᠬᠤ ᠲᠤᠬᠠᠶᠢᠯᠠᠭᠰᠠᠨ ᠠᠵᠢᠯ ᠢ ᠨᠡᠪᠲᠡᠷᠡᠭᠦᠯᠪᠡ᠃ ᠭᠤᠶᠤᠴᠢᠯᠠᠭᠴᠢ ᠪᠤᠳᠤᠭᠲᠤ ᠢᠯᠡ ᠲᠣᠳᠣ ᠦᠷ᠎ᠡ ᠪᠦᠲᠦᠮᠵᠢ ᠶᠢᠨ ᠵᠢᠷᠤᠭ᠂ ᠭᠡᠷ ᠤᠨ ᠭᠠᠳᠠᠨᠠᠬᠢ ᠵᠠᠷ ᠤᠨ ᠫᠠᠶᠢᠰᠠ ᠶᠢᠨ ᠪᠠᠶᠢᠷᠢᠯᠠᠯ ᠵᠢᠴᠢ ᠡᠵᠡᠩᠨᠡᠯᠲᠡ ᠶᠢᠨ ᠦᠨᠡᠮᠯᠡᠯ ᠤᠨ ᠢᠯᠡ ᠲᠣᠳᠣ ᠰᠡᠭᠦᠳᠡᠷ ᠵᠡᠷᠭᠡ   ᠶᠢ QQ ᠪᠦᠯᠦᠭᠯᠡᠯ ᠳᠤ ᠳᠠᠮᠵᠢᠭᠤᠯᠬᠤ ᠬᠡᠷᠡᠭᠲᠡᠶ᠃ ᠬᠡᠷᠪᠡ ᠨᠠᠷᠠᠲᠤ ᠲᠡᠮᠳᠡᠭᠲᠦ ᠶᠢᠨ ᠬᠤᠯᠪᠣᠭᠠᠨ ᠳᠤ ᠣᠷᠣᠯᠴᠠᠭᠰᠠᠨ ᠳᠡᠯᠭᠡᠭᠦᠷ ᠪᠠᠶᠢᠪᠠᠯ  ᠪᠠᠰᠠ ︽ᠲᠠᠸᠠᠷ ᠤᠨ ᠲᠡᠮᠳᠡᠭ ᠤᠨ ᠳᠠᠩᠰᠠᠯᠠᠭᠤᠯᠤᠭᠰᠠᠨ ᠦᠨᠡᠮᠯᠡᠯ ᠵᠢᠴᠢ ᠲᠠᠸᠠᠷ ᠤᠨ ᠲᠡᠮᠳᠡᠭ ᠢ ᠬᠡᠷᠡᠭᠯᠡᠬᠦ ᠡᠷᠬᠡ ᠣᠯᠭᠤᠭᠰᠠᠨ ᠪᠢᠴᠢᠭ︾ ᠢ ᠬᠠᠮᠲᠤ ᠳᠤᠨᠢ ᠳᠠᠮᠵᠢᠭᠤᠯᠣᠨ᠎ᠠ᠃ ᠤᠷᠢᠳᠴᠢᠯᠠᠨ ᠰᠢᠭᠦᠯᠲᠡ ᠶᠢ ᠪᠠᠲᠤᠯᠠᠭᠰᠠᠨ ᠤ ᠳᠠᠷᠠᠭ᠎ᠠ ᠪᠠᠰᠠ QQ ᠪᠦᠯᠦᠭᠯᠡᠯ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠪᠣᠯᠤᠨ᠎ᠠ᠃ ᠤᠷᠢᠳᠴᠢᠯᠠᠨ ᠰᠢᠭᠦᠬᠦ ᠲᠤᠬᠠᠶᠢᠯᠠᠭᠰᠠᠨ ᠠᠵᠢᠯ ᠢ ᠡᠬᠢᠯᠡᠭᠦᠯᠦᠭᠰᠡᠨ ᠨᠢ ᠦᠷ᠎ᠡ ᠪᠦᠲᠦᠮᠵᠢ ᠶᠢᠨ ᠵᠢᠷᠤᠭ ᠤᠨ ᠠᠯᠳᠠᠭ᠎ᠠ ᠪᠤᠶᠤ ᠬᠤᠯᠪᠣᠭᠠᠨ ᠳᠤ ᠣᠷᠣᠬᠤ ᠮᠠᠲ᠋ᠧᠷᠢᠶᠠᠯ ᠤᠨ ᠪᠡᠯᠡᠳᠬᠡᠯ ᠪᠦᠷᠢᠨ ᠪᠤᠰᠤ ᠠᠴᠠ ᠪᠣᠯᠵᠤ ︽ᠢᠯᠡᠭᠦᠦ ᠭᠦᠶᠦᠬᠦ︾ ᠪᠠᠶᠢᠳᠠᠯ ᠭᠠᠷᠬᠤ ᠠᠴᠠ ᠪᠦᠲᠦᠮᠵᠢᠲᠡᠶ ᠵᠠᠶᠢᠯᠠᠰᠬᠢᠵᠦ  ᠂ ᠭᠡᠷ ᠤᠨ ᠭᠠᠳᠠᠨᠠᠬᠢ ᠵᠠᠷ  ᠤᠨ ᠫᠠᠶᠢᠰᠠ ᠶᠢᠨ ᠦᠷ᠎ᠡ ᠪᠦᠲᠦᠮᠵᠢ ᠶᠢᠨ ᠵᠢᠷᠤᠭ ᠤᠨ ︽ᠨᠢᠭᠡ ᠴᠦ ᠠᠭᠤᠯᠵᠠᠬᠤ ᠥᠬᠡᠶ︾  ᠪᠠᠶᠢᠬᠤ ᠤᠷᠢᠳᠴᠢᠯᠠᠨ ᠬᠢᠨᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠪᠠᠶᠢᠨ᠎ᠠ᠃          ᠬᠤᠶᠠᠷ ᠲᠤ᠂ ︽ᠳᠤᠲᠠᠭᠳᠠᠯ ᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ︾᠃ ᠦᠨᠳᠦᠰᠦᠨ ᠨᠥᠬᠦᠴᠡᠯ ᠪᠦᠷᠢᠯᠳᠦᠭᠰᠡᠨ᠂ ᠭᠤᠤᠯ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠮᠥᠷᠲᠡᠭᠡᠨ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠪᠣᠯᠪᠠᠴᠤ ᠭᠤᠤᠯ ᠪᠤᠰᠤ ᠭᠤᠶᠤᠴᠢᠯᠠᠬᠤ ᠮᠠᠲ᠋ᠧᠷᠢᠶᠠᠯ ᠨᠢ ᠳᠤᠲᠠᠭᠳᠠᠵᠤ ᠪᠠᠶᠢᠪᠠᠯ  ᠂ ᠬᠢᠨᠠᠨ ᠵᠥᠪᠰᠢᠶᠡᠷᠡᠬᠦ ᠴᠣᠩᠬᠤᠪᠴᠢ ᠠᠴᠠ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ᠂ ᠲᠡᠭᠦᠨ ᠳᠤ ᠵᠥᠪᠰᠢᠶᠡᠷᠡᠯ ᠤᠨ ᠦᠨᠡᠮᠯᠡᠯ ᠠᠪᠬᠤ ᠦᠶ᠎ᠡ ᠳᠤ ᠳᠤᠲᠠᠭᠳᠠᠵᠤ ᠪᠠᠶᠢᠭ᠎ᠠ ᠮᠠᠲ᠋ᠧᠷᠢᠶᠠᠯ ᠢᠶᠠᠨ ᠨᠥᠬᠦᠨ ᠲᠤᠰᠢᠶᠠᠬᠤ ᠴᠢᠬᠤᠯᠠᠲᠠᠶ ᠪᠠᠶᠢᠬᠤ ᠶᠢ ᠲᠡᠷᠡ ᠳᠤᠤᠷ᠎ᠠ ᠨᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠃ ︽ᠳᠤᠲᠠᠭᠳᠠᠯ ᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ︾ ᠪᠣᠯ ︽ᠲᠦᠷ ᠴᠠᠭ ᠳᠤᠲᠠᠭᠳᠠᠵᠤ ᠪᠠᠶᠢᠬᠤ︾ ᠶᠢ ᠵᠥᠪᠰᠢᠶᠡᠷᠡᠬᠦ ᠠᠴᠠ ᠪᠢᠰᠢ ᠬᠠᠷᠢᠨ ᠦᠨᠡᠨ ᠳᠤᠲᠠᠭᠳᠠᠵᠤ ᠪᠠᠶᠢᠬᠤ ᠶᠠᠪᠤᠳᠠᠯ ᠪᠢᠰᠢ᠂ ᠲᠣᠰ ᠦᠢᠯᠡᠴᠢᠯᠡᠭᠡ  ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠪᠦᠷᠢᠨ ᠪᠤᠰᠤ ᠠᠴᠠ ᠪᠣᠯᠤᠭᠰᠠᠨ ︽ᠣᠯᠠᠨ ᠤᠳᠠᠭ᠎ᠠ ᠭᠦᠶᠦᠬᠦ︾ ᠦᠵᠡᠭᠳᠡᠯ ᠢ ᠪᠦᠲᠦᠮᠵᠢᠲᠡᠶ ᠪᠠᠭᠠᠰᠬᠠᠭᠰᠠᠨ ᠪᠠᠶᠢᠨ᠎ᠠ᠃          ᠭᠤᠷᠪᠠ ᠳᠤ᠂ ᠰᠢᠦᠳᠠᠨ ᠢᠶᠠᠷ ᠬᠦᠷᠭᠡᠬᠦ᠃  ᠭᠤᠶᠤᠴᠢᠯᠠᠭᠴᠢ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂  ᠮᠠᠨ ᠤ ᠲᠣᠪᠴᠢᠶ᠎ᠠ ᠰᠦᠢᠳᠭᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ  ᠦᠢᠯᠡᠴᠢᠯᠡᠭᠡ ᠶᠢ ᠬᠡᠷᠡᠭᠵᠢᠭᠦᠯᠪᠠ᠃ ᠭᠤᠶᠤᠴᠢᠯᠠᠭᠴᠢ ᠬᠡᠷ ᠤᠨ ᠭᠠᠳᠠᠨᠠᠬᠢ ᠵᠠᠷ ᠤᠨ ᠫᠠᠶᠢᠰᠠ ᠶᠢ ᠳᠣᠭᠢᠷᠠᠭᠤᠯᠤᠭᠰᠠᠨ ᠴᠣᠬᠤᠯᠠᠪᠤᠷᠢ ᠶᠢᠨ ᠰᠠᠨᠠᠯ ᠤᠨ ᠪᠢᠴᠢᠭ ᠢ ᠰᠢᠤᠳᠠᠨ ᠢᠶᠠᠷ ᠭᠦᠯᠢᠶᠡᠨ ᠠᠪᠣᠶ᠎ᠠ ᠬᠡᠪᠡᠯ᠂ ᠴᠣᠩᠬᠤᠪᠴᠢ ᠶᠢᠨ ᠠᠵᠢᠯᠲᠠᠨ ᠭᠤᠷᠪᠠᠨ ᠠᠵᠢᠯᠯᠠᠬᠤ ᠡᠳᠦᠷ ᠤᠨ ᠳᠣᠲᠣᠷ᠎ᠠ ᠰᠢᠤᠳᠠᠨ ᠤ ᠲᠤᠰᠬᠠᠶ ᠬᠦᠷᠭᠡᠬᠦ ᠠᠵᠢᠯᠲᠠᠨ ᠢᠶᠠᠷ ᠢᠯᠡᠭᠡᠵᠦ᠂ ᠲᠣᠬᠠᠢ ᠶᠢᠨ ᠡᠳᠣᠷ ᠤᠨ ᠦᠳᠡ ᠶᠢᠨ ᠬᠤᠶᠢᠨᠠᠬᠢ 4 ᠴᠠᠭ ᠠᠴᠠ ᠡᠮᠦᠨ᠎ᠡ ᠢᠯᠡᠭᠡᠪᠡᠯ᠂ ᠳᠠᠷᠠᠭ᠎ᠠ ᠡᠳᠦᠷ ᠤᠨ ᠦᠳᠡ ᠶᠢᠨ ᠡᠮᠦᠨ᠎ᠡ ᠭᠤᠶᠤᠴᠢᠯᠠᠭᠴᠢ ᠳᠤ ᠬᠦᠷᠭᠡᠵᠦ ᠥᠭᠭᠦᠨ᠎ᠡ᠃ ᠰᠢᠤᠳᠠᠨ ᠢᠶᠠᠷ ᠬᠦᠷᠭᠡᠬᠦ ᠦᠢᠯᠡᠴᠢᠯᠡᠭᠡ ᠶᠢ ᠥᠷᠨᠢᠭᠦᠯᠦᠭᠰᠡᠨ ᠨᠢ ᠲᠤᠬᠠᠶ ᠶᠢᠨ ᠲᠠᠯᠠᠪᠤᠷ ᠲᠤ ᠦᠨᠡᠮᠯᠡᠯ ᠠᠪᠬᠤ ᠭᠤᠭᠴᠤᠭ᠎ᠠ ᠶᠢ ᠪᠠᠭᠠᠰᠬᠠᠵᠤ᠂ ᠭᠤᠶᠤᠴᠢᠯᠠᠭᠴᠢ ᠶᠢᠨ ︽ ᠪᠠᠶᠢᠭᠤᠯᠣᠯᠭ᠎ᠠ ᠳᠤ ᠣᠴᠢᠵᠦ ᠠᠪᠬᠤ︾ ᠪᠠᠶᠢᠭᠰᠠᠨ ᠠᠴᠠ ︽ᠬᠡᠷ ᠲᠤᠨᠢ ᠬᠦᠷᠭᠡᠵᠦ ᠥᠭᠬᠦ︾ ᠪᠣᠯᠭᠠᠨ ᠬᠤᠪᠢᠷᠠᠭᠤᠯᠪᠠ᠃          ᠳᠥᠷᠪᠡ ᠳᠤ᠂ ᠤᠷᠢᠳᠴᠢᠯᠠᠨ ᠪᠣᠯᠵᠣᠬᠤ ᠦᠢᠯᠡᠴᠢᠯᠡᠭᠡ᠃ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠣᠯᠭᠠᠬᠤ ᠶᠢᠨ ᠲᠤᠰᠠᠳᠠ᠂ ᠮᠠᠨ ᠤ ᠲᠣᠪᠴᠢᠶ᠎ᠠ   ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠳᠠᠬᠢᠨᠲᠠ ᠲᠠᠰ ᠳᠡᠪᠰᠢᠭᠦᠯᠦᠨ᠂ ᠸᠢᠴᠠᠲ ᠶᠢᠨ ᠣᠯᠠᠨ ᠨᠡᠶᠢᠲᠡ ᠶᠢᠨ  ᠳᠠᠪᠴᠠᠩ ᠢᠶᠠᠷ ᠭᠠᠷᠠᠭ ᠤᠨ ᠵᠢᠷᠭᠤᠭᠠᠨ ᠤ ᠦᠢᠯᠡᠴᠢᠯᠡᠭᠡ ᠶᠢ ᠪᠣᠯᠵᠣᠬᠤ ᠦᠢᠯᠡᠴᠢᠯᠡᠭᠡ ᠨᠡᠪᠲᠡᠷᠡᠭᠦᠯᠪᠡ  ᠃   ᠭᠤᠶᠤᠴᠢᠯᠠᠭᠴᠢ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠸᠢᠴᠠᠲ ᠶᠢᠨ ᠣᠯᠠᠨ ᠨᠡᠶᠢᠲᠡ ᠶᠢᠨ ᠳᠠᠪᠴᠠᠩ ᠢᠶᠠᠷ ᠭᠠᠷᠠᠭ ᠤᠨ ᠲᠠᠪᠤᠨ ᠤ ᠦᠳᠡ ᠶᠢᠨ ᠡᠮᠦᠨ᠎ᠡ ᠶᠢᠨ 12᠄ 00 ᠴᠠᠭ ᠠᠴᠠ ᠡᠮᠦᠨ᠎ᠡ ᠪᠣᠯᠵᠣᠭᠰᠠᠨ ᠦᠢᠯᠡᠴᠢᠯᠡᠭᠡᠨ ᠤ ᠭᠤᠶᠤᠴᠢᠯᠠᠯ ᠢᠶᠠᠨ ᠳᠣᠰᠢᠶᠠᠵᠦ᠂ ᠪᠣᠯᠵᠣᠭᠰᠠᠨ ᠴᠠᠭ ᠬᠤᠭᠤᠴᠠᠭ᠎ᠠ ᠶᠣᠰᠣᠭᠠᠷ ᠬᠢᠨᠠᠨ ᠵᠥᠪᠰᠢᠶᠡᠷᠡᠬᠦ ᠮᠠᠲ᠋ᠧᠷᠢᠶᠠᠯ ᠢᠶᠠᠨ ᠠᠪᠴᠤ᠂ ᠴᠣᠩᠬᠤᠪᠴᠢ ᠳᠤ ᠬᠦᠷᠴᠦ ᠬᠢᠨᠠᠨ ᠵᠥᠪᠰᠢᠶᠡᠷᠡᠬᠦ  ᠵᠦᠢᠯᠡᠰ ᠢᠶᠠᠨ ᠬᠦᠢᠴᠡᠳᠭᠡᠵᠦ ᠪᠣᠯᠤᠨ᠎ᠠ᠃ ︽ᠤᠷᠢᠳᠴᠢᠯᠠᠨ ᠪᠣᠯᠵᠣᠬᠤ ᠦᠢᠯᠡᠴᠢᠯᠡᠭᠡ︾ ᠶᠢ ᠬᠡᠷᠡᠭᠵᠢᠭᠦᠯᠦᠭᠰᠡᠨ  ᠨᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠦᠬᠦᠮ ᠦᠵᠡᠭᠦᠯᠬᠦ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠠᠮᠢᠳᠤᠯᠢᠭ ᠴᠢᠨᠠᠷ ᠪᠠ ᠥᠨᠳᠥᠷ ᠪᠦᠲᠦᠮᠵᠢᠲᠡᠢ ᠴᠢᠨᠠᠷ ᠢ ᠳᠡᠭᠡᠭᠰᠢᠯᠡᠭᠦᠯᠪᠡ᠃          ᠬᠥᠲᠥᠯᠥᠭᠴᠢ᠄ ᠬᠤᠶᠢᠰᠢᠳᠠ ᠶᠢᠨ ᠠᠵᠢᠯ ᠤᠨ ᠬᠠᠷᠠᠯᠲᠠ ᠨᠢ ᠶᠠᠭᠤ ᠪᠣᠶ︖          ᠾᠧ ᠶᠦᠩ ᠭᠠᠩ᠄ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠤᠲᠠ ᠶᠢᠨ ᠬᠥᠭᠵᠢᠯᠲᠡ ᠪᠠ ᠠᠷᠠᠳ ᠲᠥᠮᠡᠨ ᠤ ᠬᠡᠷᠡᠭᠴᠡᠭᠡᠨ ᠤ ᠡᠭᠦᠳᠡᠨ  ᠠᠴᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠳᠠᠬᠢᠨᠲᠠ ᠰᠢᠯᠢᠳᠡᠭᠵᠢᠭᠦᠯᠦᠨ᠎ᠡ᠃ ᠨᠢᠭᠡ ᠳᠤ ︽ᠠᠷᠠᠳ ᠲᠤ ᠲᠥᠬᠦᠮ ᠦᠵᠡᠭᠦᠯᠬᠦ ᠬᠤᠳᠠᠯᠳᠤᠭᠠᠨ ᠤ ᠵᠡᠭᠡᠯᠢ︾ ᠶᠢ ᠲᠦᠰᠦᠪᠯᠡᠨ᠎ᠡ᠃ ᠮᠠᠨ ᠤ ᠲᠣᠪᠴᠢᠶ᠎ᠠ ᠡᠯ᠎ᠡ ᠬᠤᠳᠠᠯᠳᠤᠭᠠᠨ ᠤ ᠵᠡᠭᠡᠯᠢ ᠶᠢᠨ ᠠᠰᠠᠷ ᠪᠦᠷᠢ ᠶᠢᠨ ᠥᠨᠳᠥᠷ ᠤᠨ ᠬᠡᠮᠵᠢᠶ᠎ᠡ᠂ ᠵᠤᠵᠠᠭᠠᠨ  ᠤ ᠬᠡᠮᠵᠢᠶ᠎ᠠ᠂ ᠬᠤᠭᠤᠷᠣᠨᠳᠣᠬᠢ ᠵᠠᠶ  ᠂ ᠪᠠᠶᠢᠷᠢᠯᠡᠯ ᠵᠡᠷᠭᠡ ᠳᠤ ᠪᠦᠬᠦᠯᠢ ᠴᠣᠭᠴᠠ ᠶᠢᠨ ᠲᠥᠯᠥᠪᠵᠢᠭᠦᠯᠪᠡ ᠬᠢᠨ᠎ᠡ᠃ ᠲᠥᠯᠥᠪᠵᠢᠭᠦᠯᠦᠭᠰᠡᠨ ᠤ ᠳᠠᠷᠠᠭ᠎ᠠ᠂ ᠭᠤᠶᠤᠴᠢᠯᠠᠭᠴᠢ  ᠵᠥᠪᠬᠡᠨ ᠥᠪᠡᠷ ᠤᠨ ᠫᠠᠶᠢᠰᠠ ᠢᠯᠡᠷᠬᠡᠶᠢᠯᠡᠯ ᠤᠨ ᠪᠣᠳᠠᠲᠠᠶ ᠪᠠᠶᠢᠷᠢᠯᠠᠯ ᠶᠣᠰᠣᠭᠠᠷ ᠵᠢᠷᠤᠵᠤ ᠲᠥᠯᠥᠪᠯᠡᠨ᠂ ᠭᠤᠶᠤᠴᠢᠯᠠᠭᠴᠢ  ᠶᠢᠨ ᠬᠡᠮᠵᠢᠯᠲᠡ ᠨᠢ ᠣᠨᠣᠪᠴᠢ ᠥᠬᠡᠶ᠂ ᠵᠤᠵᠠᠭᠠᠨ ᠨᠢ ᠲᠣᠳᠣᠷᠬᠠᠶ ᠥᠬᠡᠶ ᠵᠡᠷᠭᠡ ᠬᠠᠮᠢᠶ᠎ᠠ ᠪᠥᠬᠦᠶ ᠠᠰᠠᠭᠤᠳᠠᠯ ᠠᠴᠠ ᠪᠣᠯᠵᠣ ᠣᠯᠠᠨ ᠤᠳᠠᠭ᠎ᠠ ᠭᠦᠶᠦᠬᠦ ᠠᠴᠠ ᠵᠠᠶᠢᠯᠠᠰᠬᠢᠵᠦ᠂ ᠡᠴᠦᠰ ᠲᠡᠭᠡᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠬᠤᠶᠠᠷ ᠲᠤ ︽ᠠᠷᠠᠳ ᠲᠤ ᠲᠥᠬᠦᠮ ᠦᠵᠡᠭᠦᠯᠬᠦ ᠬᠡᠪ ᠵᠢᠷᠤᠭ︾ ᠢ ᠵᠢᠷᠤᠵᠤ ᠲᠥᠯᠥᠪᠯᠡᠨ᠎ᠡ᠃ ᠭᠤᠶᠤᠴᠢᠯᠠᠭᠴᠢ ᠶᠢᠨ ᠬᠡᠷᠡᠭᠴᠡᠭᠡ  ᠶᠢ ᠦᠨᠳᠦᠰᠦᠯᠡᠨ᠂ ᠦᠯᠡᠳᠡᠭᠰᠡᠨ  ᠶᠢᠰᠦᠨ ᠵᠦᠢᠯ ᠤᠨ ᠬᠢᠨᠠᠨ ᠵᠥᠪᠰᠢᠶᠡᠷᠡᠭᠦᠯᠬᠦ  ᠵᠦᠢᠯᠡᠰ ᠤᠨ ᠭᠤᠶᠤᠴᠢᠯᠠᠯ ᠤᠨ ᠮᠠᠲ᠋ᠧᠷᠢᠶᠠᠯ ᠤᠨ ᠬᠡᠪ ᠵᠠᠭᠪᠤᠷ ᠢ ᠦᠷᠭᠦᠯᠵᠢᠯᠡᠨ  ᠦᠢᠯᠡᠳᠴᠦ᠂ ᠭᠤᠶᠤᠴᠢᠯᠠᠭᠴᠢ ᠶᠢᠨ ᠲᠤᠰᠢᠶᠠᠭᠰᠠᠨ ᠬᠢᠨᠠᠨ ᠵᠥᠪᠰᠢᠶᠡᠷᠡᠭᠦᠯᠬᠦ ᠮᠠᠲ᠋ᠧᠷᠢᠶᠠᠯ ᠨᠢ ᠪᠦᠷᠢᠨ ᠪᠤᠰᠤ᠂ ᠵᠢᠷᠤᠮᠵᠢᠯ ᠥᠬᠡᠶ ᠠᠴᠠ ᠪᠣᠯᠤᠭᠰᠠᠨ ︽ᠳᠠᠬᠢᠨ ᠨᠢᠭᠡ ᠤᠳᠠᠭ᠎ᠠ ᠭᠦᠶᠦᠬᠦ︾ ᠠᠴᠠ ᠵᠠᠶᠢᠯᠠᠰᠬᠢᠵᠦ᠂ ᠡᠴᠦᠰ ᠲᠡᠭᠡᠨ ︽ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠦᠨ᠎ᠡ᠃
ᠢᠷᠡᠯᠲᠡ᠄ ᠲᠤᠰ ᠰᠦᠯᠵᠢᠶ᠎ᠡ