ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ  ︵ᠦᠷᠬᠦᠯᠵᠢᠯᠡᠯ︶
ᠨᠡᠶᠢᠲᠡᠯᠡᠭᠰᠡᠨ ᠴᠠᠭ᠄
2021/4/26
      ᠭᠤᠷᠪᠠᠳᠤᠭᠠᠷ ᠬᠡᠰᠡᠭ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠬᠦᠴᠦᠨ       ᠵᠠᠭᠤ ᠳᠥᠴᠢᠨ ᠭᠤᠷᠪᠠᠳᠣᠭᠠᠷ ᠵᠦᠢᠯ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠳᠦᠭᠦᠯᠦᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠲᠠᠢ᠄       ︵ᠨᠢᠭᠡ︶ ᠦᠢᠯᠡ ᠠᠵᠢᠯᠯᠠᠭᠠᠲᠠᠨ ᠨᠢ ᠵᠣᠬᠢᠴᠠᠩᠭᠤᠶ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠲᠠᠢ︔      ︵ᠬᠤᠶᠠᠷ︶ ᠰᠠᠨᠠᠭᠠᠨ ᠤ ᠢᠯᠡᠳᠭᠡᠯᠳᠠ ᠨᠢ ᠦᠨᠠᠨ ᠪᠣᠳᠠᠳᠠᠢ︔       ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠠᠯᠪᠠᠳᠠᠯᠭ᠎ᠠ ᠶᠢᠨ ᠴᠢᠨᠠᠷᠳᠠᠢ ᠲᠣᠭᠲᠠᠭᠠᠯ ᠢ ᠥᠯᠥ ᠵᠥᠷᠢᠴᠡᠬᠦ᠂  ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠥᠯᠥ ᠵᠥᠷᠢᠴᠡᠬᠦ᠃       ᠵᠠᠭᠤ ᠳᠥᠴᠢᠨ ᠲᠦᠷᠪᠡᠳᠦᠭᠡᠷ ᠵᠦᠢᠯ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠬᠥᠮᠦᠨ ᠤ ᠬᠢᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠦᠭᠡᠢ᠃       ᠵᠠᠭᠤ ᠳᠥᠴᠢᠨ ᠲᠠᠪᠣᠳᠣᠭᠠᠷ ᠵᠦᠢᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠤ ᠬᠢᠭᠰᠡᠨ ᠴᠤᠯ ᠠᠰᠢᠭ ᠲᠤᠰᠠ ᠤᠯᠬᠤ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠪᠤᠶᠤ ᠨᠠᠰᠤ ᠵᠢᠯ᠂ ᠤᠶᠤᠨ ᠴᠢᠳᠠᠪᠤᠷᠢ᠂ ᠣᠶᠣᠨ ᠤ ᠡᠷᠡᠭᠦᠯ ᠮᠡᠨᠳᠦ ᠶᠢᠨ ᠪᠠᠶᠢᠳᠠᠯ ᠲᠠᠢ ᠨᠢ ᠵᠣᠬᠢᠴᠠᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠲᠠᠢ︔  ᠭᠢᠭᠰᠡᠨ ᠪᠤᠰᠤᠳ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠬᠠᠤᠯᠢ ᠪᠠᠷ ᠲᠣᠭᠲᠠᠭᠠᠭᠰᠠᠨ ᠣᠷᠣᠯᠠᠭᠴᠢ ᠪᠠᠷ ᠨᠢ ᠵᠥᠪᠰᠢᠶᠡᠷᠡᠭᠦᠯᠬᠦ ᠪᠤᠶᠤ ᠨᠡᠬᠡᠮᠵᠢᠯᠡᠨ ᠵᠥᠪᠰᠢᠶᠡᠷᠡᠭᠦᠯᠦᠭᠰᠡᠨ ᠤ ᠲᠡᠷᠠᠭ᠎ᠠ ᠬᠦᠴᠦᠨ ᠲᠠᠢ᠃       ᠬᠠᠷᠢᠴᠠᠩᠭᠤᠶ ᠬᠥᠮᠦᠨ ᠬᠠᠤᠯᠢ ᠪᠠᠷ ᠲᠣᠭᠲᠠᠭᠠᠭᠰᠠᠨ ᠣᠷᠣᠯᠠᠭᠴᠢ ᠳᠤ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠨᠡᠬᠡᠮᠵᠢᠯᠡᠨ ᠵᠥᠪᠰᠢᠶᠡᠷᠡᠭᠦᠯᠬᠦ ᠪᠠᠷ ᠰᠢᠪᠠᠳᠠᠨ ᠮᠡᠳᠡᠭᠳᠡᠵᠦ ᠪᠣᠯᠤᠨ᠎ᠠ᠃ ᠬᠠᠤᠯᠢ ᠪᠠᠷ ᠲᠣᠭᠲᠠᠭᠠᠭᠰᠠᠨ ᠣᠷᠣᠯᠠᠭᠴᠢ ᠰᠠᠨᠠᠭ᠎ᠠ ᠪᠠᠨ ᠢᠯᠡᠳᠬᠡᠭᠰᠡᠨ ᠤᠢᠭᠡᠢ ᠪᠠᠶᠢᠪᠠᠯ᠂ ᠨᠡᠬᠡᠮᠵᠢᠯᠡᠨ ᠵᠥᠪᠰᠢᠶᠡᠷᠡᠬᠦ ᠶᠢ ᠲᠡᠪᠴᠢᠭᠰᠡᠨ ᠢᠶᠠᠷ ᠦᠵᠡᠨ᠎ᠡ᠃ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠨᠡᠬᠡᠮᠵᠢᠯᠡᠨ ᠵᠥᠪᠰᠢᠶᠡᠷᠡᠬᠦ ᠠᠴᠠ ᠡᠮᠦᠨ᠎ᠡ᠂ ᠰᠡᠶᠢᠠ ᠰᠠᠨᠠᠭᠠᠳᠤ ᠬᠠᠷᠢᠴᠠᠩᠭᠤᠶ ᠬᠥᠮᠦᠨ ᠬᠦᠴᠦᠨ ᠤᠢᠭᠡᠢ ᠪᠣᠯᠭᠠᠬᠤ ᠡᠷᠬᠡ ᠲᠠᠢ᠃ ᠬᠦᠴᠦᠨ ᠤᠢᠭᠡᠢ ᠪᠣᠯᠭᠠᠬᠤ ᠶᠢ ᠮᠡᠳᠡᠭᠳᠡᠯ ᠤᠨ ᠠᠷᠭ᠎ᠠ ᠮᠠᠶ᠋ᠢᠭ ᠢᠶᠠᠷ ᠢᠯᠡᠳᠭᠡᠭᠦ ᠬᠡᠷᠡᠭᠲᠡᠢ᠃       ᠵᠠᠭᠤ ᠳᠥᠴᠢᠨ ᠵᠢᠷᠭᠤᠳᠣᠭᠠᠷ ᠵᠦᠢᠯ ᠦᠢᠯᠡ ᠠᠵᠢᠯᠯᠠᠭᠠᠲᠠᠨ ᠭᠢᠭᠡᠳ ᠬᠠᠷᠢᠴᠠᠩᠭᠤᠶ ᠬᠥᠮᠦᠨ ᠤ ᠬᠤᠳᠠᠯ ᠬᠠᠭᠤᠷᠮᠠᠭ ᠰᠠᠨᠠᠭᠠᠨ ᠤ ᠢᠯᠡᠳᠬᠡᠯᠲᠡ ᠪᠠᠷ ᠭᠢᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠦᠭᠡᠢ᠃       ᠬᠤᠳᠠᠯ ᠬᠠᠭᠤᠷᠮᠠᠭ ᠰᠠᠨᠠᠭᠠᠨ ᠤ ᠢᠯᠡᠳᠬᠡᠯᠳᠡ ᠪᠠᠷ ᠲᠠᠯᠳᠠᠯᠠᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠬᠦᠴᠦᠨ ᠢ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃       ᠵᠠᠭᠤ ᠲᠦᠴᠢᠨ ᠲᠣᠯᠣᠳᠣᠭᠠᠷ ᠵᠦᠢᠯ ᠭᠦᠨᠳᠦ ᠶᠡᠭᠡ ᠠᠳᠡᠭᠦᠷᠡᠯ ᠠᠴᠠ ᠪᠣᠯᠵᠦ ᠬᠢᠭᠰᠡᠡ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠤᠯ ᠥᠢᠯᠡ ᠠᠵᠢᠯᠯᠠᠭᠠᠳᠠᠨ ᠨᠢ ᠠᠷᠠᠳ ᠤᠨ ᠰᠢᠬᠦᠬᠦ ᠬᠤᠷᠢᠶ᠎ᠠ ᠪᠤᠶᠤ ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃       ᠵᠠᠭᠤ ᠲᠦᠴᠢᠨ ᠨᠠᠢᠮᠠᠳᠣᠭᠠᠷ ᠵᠦᠢᠯ ᠨᠢᠬᠡ ᠲᠠᠯ᠎ᠠ ᠨᠢ ᠮᠡᠭᠡᠯᠡᠬᠦ ᠠᠷᠭ᠎ᠠ ᠪᠠᠷᠢᠯ ᠢ ᠬᠡᠷᠡᠭᠯᠡᠵᠤ ᠪᠠᠶᠢᠭᠠᠳ ᠨᠦᠬᠦᠭᠡ ᠲᠠᠯ᠎ᠠ ᠪᠠᠷ ᠢᠶᠠᠨ ᠦᠨᠡᠨ ᠰᠠᠨᠠᠭ᠎ᠠ ᠶᠢ ᠨᠢ ᠵᠦᠷᠢᠴᠡᠭᠦᠯᠵᠤ ᠬᠢᠯᠬᠡᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠤᠯ ᠮᠡᠬᠡᠯᠡᠭᠳᠡᠭᠰᠡᠨ ᠲᠠᠯ᠎ᠠ ᠨᠢ ᠠᠷᠠᠳ ᠤᠨ ᠰᠢᠬᠦᠬᠦ ᠬᠤᠷᠢᠶ᠎ᠠ ᠪᠤᠶᠤ ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃      ᠵᠠᠭᠤ ᠲᠦᠴᠢ ᠶᠢᠰᠦᠳᠦᠭᠡᠷ ᠵᠦᠢᠯ ᠭᠤᠷᠪᠠᠳᠠᠬᠢ ᠬᠦᠮᠦᠨ ᠮᠡᠭᠡᠯᠡᠬᠦ ᠦᠢᠯᠡ ᠠᠵᠢᠯᠯᠠᠭ᠎ᠠ ᠬᠢᠵᠤ ᠪᠠᠶᠢᠭᠠᠳ ᠨᠢᠬᠡ ᠲᠠᠯ᠎ᠠ ᠶᠢᠨ ᠦᠨᠡᠨ ᠰᠠᠨᠠᠭ᠎ᠠ ᠶᠢ ᠵᠦᠷᠢᠴᠡᠬᠦᠯᠵᠤ ᠬᠢᠯᠬᠡᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠨᠦᠬᠦᠭᠡ ᠲᠠᠯ᠎ᠠ ᠨᠢ ᠲᠤᠰ ᠮᠡᠭᠡᠯᠡᠬᠦ ᠦᠢᠯᠡ ᠠᠵᠢᠯᠯᠠᠭ᠎ᠠ ᠶᠢ ᠮᠡᠳᠡᠭᠰᠡᠨ ᠪᠤᠶᠤ ᠮᠡᠳᠡᠭᠦ ᠶᠤᠰᠤᠳᠡᠢ ᠪᠠᠶᠢᠪᠠᠯ᠂  ᠮᠡᠬᠡᠯᠡᠭᠳᠡᠭᠰᠡᠨ ᠲᠠᠯ᠎ᠠ ᠨᠢ ᠠᠷᠠᠳ ᠤᠨ ᠰᠢᠬᠦᠬᠦ ᠬᠤᠷᠢᠶ᠎ᠠ ᠪᠤᠶᠤ ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃       ᠵᠠᠭᠤ ᠲᠠᠪᠢᠳᠤᠭᠠᠷ ᠵᠦᠢᠯ ᠨᠢᠬᠡ ᠲᠠᠯ᠎ᠠ ᠪᠤᠶᠤ ᠭᠤᠷᠪᠠᠳᠠᠬᠢ ᠬᠦᠮᠦᠨ ᠨᠢ ᠰᠦᠷᠳᠡᠬᠦᠯᠬᠦ ᠠᠷᠭ᠎ᠠ ᠪᠠᠷᠢᠯ ᠢ ᠬᠡᠷᠡᠭᠯᠡᠵᠤ ᠪᠠᠶᠢᠭᠠᠳ ᠨᠦᠬᠦᠭᠡ ᠲᠠᠯ᠎ᠠ ᠪᠠᠷ ᠢᠶᠠᠨ ᠦᠨᠡᠨ ᠰᠠᠨᠠᠭ᠎ᠠ ᠶᠢ ᠨᠢ ᠵᠦᠷᠢᠴᠡᠬᠦᠯᠵᠤ ᠬᠢᠯᠬᠡᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠤᠯ ᠰᠦᠷᠳᠡᠬᠦᠯᠦᠭᠳᠡᠭᠰᠡᠨ ᠲᠠᠯ᠎ᠠ ᠨᠢ ᠠᠷᠠᠳ ᠤᠨ ᠰᠢᠬᠦᠬᠦ ᠬᠤᠷᠢᠶ᠎ᠠ ᠪᠤᠶᠤ ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃       ᠵᠠᠭᠤ ᠲᠠᠪᠢᠨ ᠨᠢᠭᠡᠳᠦᠭᠡᠷ ᠵᠦᠢᠯ ᠨᠢᠬᠡ ᠲᠠᠯ᠎ᠠ ᠨᠢ ᠨᠦᠬᠦᠭᠡ ᠲᠠᠯ᠎ᠠ ᠶᠢᠨ ᠢᠶᠠᠨ ᠠᠶᠤᠯ ᠪᠡᠷᠬᠡᠰᠢᠶᠡᠯ ᠲᠠᠢ ᠪᠠᠶᠢᠳᠠᠯ ᠳᠤ ᠤᠷᠤᠰᠢᠬᠤ᠂ ᠮᠠᠭᠠᠳᠯᠠᠬᠤ ᠴᠢᠳᠠᠪᠤᠷᠢ ᠪᠠᠷ ᠮᠡᠭᠦᠰ ᠪᠠᠶᠢᠬᠤ ᠵᠡᠷᠬᠡ ᠪᠠᠶᠢᠳᠠᠯ ᠢ ᠠᠰᠢᠬᠯᠠᠵᠤ ᠪᠠᠶᠢᠭᠠᠳ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠠᠶᠢᠭᠤᠯᠣᠭᠳᠠᠬᠤ ᠦᠶ᠎ᠡ ᠳᠤᠨᠢ ᠢᠯᠡᠳᠳᠡ ᠭᠤᠣᠯᠴᠢ ᠪᠤᠰᠤ ᠪᠤᠯᠭᠠᠭᠰᠠᠨ ᠪᠠᠶᠢᠪᠠᠯ᠂ ᠬᠤᠬᠢᠷᠠᠯ ᠠᠮᠰᠠᠭᠴᠢ ᠲᠠᠯ᠎ᠠ ᠨᠢ ᠠᠷᠠᠳ ᠤᠨ ᠰᠢᠬᠦᠬᠦ ᠬᠤᠷᠢᠶ᠎ᠠ ᠪᠤᠶᠤ ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃       ᠵᠠᠭᠤ ᠲᠠᠪᠢᠨ ᠬᠤᠶᠠᠳᠣᠭᠠᠷ ᠵᠦᠢᠯ ᠲᠤᠤᠷ᠎ᠠ ᠵᠢᠬᠰᠡᠭᠠᠬᠰᠡᠠ ᠪᠠᠶᠢᠳᠡᠯ ᠤᠨ ᠨᠢᠭᠡ ᠨᠢ ᠪᠠᠶᠢᠪᠡᠯ᠂ ᠬᠦᠴᠦᠠ ᠤᠢᠭᠡᠢ ᠪᠤᠯᠭᠠᠬᠤ ᠡᠷᠭᠡ ᠤᠰᠡᠳᠦᠨ᠎ᠡ᠄         ︵ᠨᠢᠬᠡ︶ ᠲᠤᠬᠠᠢ ᠶᠢᠨ ᠬᠦᠮᠦᠠ ᠬᠦᠴᠦᠠ ᠤᠢᠭᠡᠢ ᠪᠤᠯᠭᠠᠬᠤ ᠤᠴᠢᠷ ᠰᠢᠯᠳᠡᠭᠠᠠ ᠢ ᠮᠡᠳᠡᠭᠰᠡᠠ ᠪᠤᠶᠦ ᠮᠡᠳᠡᠬᠦ ᠶᠤᠰᠦᠳᠡᠢ ᠡᠳᠦᠷ ᠠᠴᠠ ᠡᠬᠢᠯᠡᠠ ᠨᠢᠭᠡ ᠵᠢᠯ ᠤᠨ ᠲᠤᠳᠦᠷ᠎ᠠ᠂ ᠬᠦᠨᠳᠤ ᠶᠡᠭᠡ ᠠᠳᠡᠭᠦᠷᠡᠯ ᠤᠨ ᠲᠤᠬᠠᠢ ᠶᠢᠨ ᠬᠦᠮᠦᠠ ᠬᠦᠴᠦᠠ ᠤᠢᠭᠡᠢ ᠪᠤᠯᠭᠠᠬᠤ ᠤᠴᠢᠷ ᠰᠢᠯᠳᠡᠭᠠᠠ ᠢ ᠮᠡᠳᠡᠭᠰᠡᠠ ᠪᠤᠶᠦ ᠮᠡᠳᠡᠬᠦ ᠶᠤᠰᠦᠳᠡᠢ ᠡᠳᠦᠷ ᠠᠴᠠ ᠡᠬᠢᠯᠡᠠ ᠶᠡᠷᠡᠨ ᠡᠳᠦᠷ ᠤᠨ ᠲᠤᠳᠦᠷ᠎ᠠ ᠬᠦᠴᠦᠠ ᠤᠢᠭᠡᠢ ᠪᠤᠯᠭᠠᠬᠤ ᠡᠷᠭᠡ ᠪᠠᠨ ᠦᠯᠦ ᠭᠡᠷᠡᠭᠵᠢᠬᠦᠯᠦᠭᠰᠡᠠ︔       ︵ᠬᠤᠶᠠᠷ︶ ᠲᠤᠬᠠᠢ ᠶᠢᠨ ᠬᠦᠮᠦᠨ ᠰᠦᠷᠳᠡᠬᠦᠯᠦᠭᠳᠡᠬᠡᠳ᠂ ᠰᠦᠷᠳᠡᠬᠦᠯᠦᠭᠰᠡᠨ ᠦᠢᠯᠡ ᠠᠵᠢᠯᠯᠠᠭ᠎ᠠ ᠲᠠᠭᠤᠰᠤᠭᠰᠠᠨ ᠡᠳᠦᠷ ᠠᠴᠠ ᠡᠬᠢᠯᠡᠨ ᠨᠢᠭᠡ ᠵᠢᠯ ᠤᠨ ᠲᠤᠳᠤᠷ᠎ᠠ ᠬᠦᠴᠦᠠ ᠤᠢᠭᠡᠢ ᠪᠤᠯᠭᠠᠬᠤ ᠡᠷᠭᠡ ᠪᠠᠨ ᠦᠯᠦ ᠭᠡᠷᠡᠭᠵᠢᠬᠦᠯᠦᠭᠰᠡᠠ︔       ︵ᠭᠤᠷᠪᠠ︶ ᠲᠤᠬᠠᠢ ᠶᠢᠨ ᠬᠦᠮᠦᠨ ᠬᠦᠴᠦᠠ ᠤᠢᠭᠡᠢ ᠪᠤᠯᠭᠠᠬᠤ ᠤᠴᠢᠷ ᠰᠢᠯᠳᠡᠭᠠᠠ ᠢ ᠮᠡᠳᠡᠭᠰᠡᠠ ᠤ ᠲᠠᠷᠠᠭ᠎ᠠ ᠬᠦᠴᠦᠠ ᠤᠢᠭᠡᠢ ᠪᠤᠯᠭᠠᠬᠤ ᠡᠷᠭᠡ ᠪᠠᠨ ᠬᠠᠶᠠᠬᠤ ᠪᠠᠷ ᠲᠤᠳᠦᠷᠬᠠᠢ ᠢᠯᠡᠦᠡᠭᠡᠭᠰᠡᠠ ᠪᠤᠶᠦ ᠤᠢᠪᠡᠷ ᠤᠨ ᠤᠢᠢᠯᠠ ᠠᠵᠢᠯᠯᠠᠭ᠎ᠠ ᠪᠠᠷ ᠢᠶᠠᠨ ᠢᠯᠡᠷᠬᠡᠶᠢᠯᠡᠭᠰᠡᠨ᠃       ᠲᠤᠬᠠᠢ ᠶᠢᠨ ᠬᠦᠮᠦᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠡᠬᠦᠰᠦᠭᠰᠡᠨ ᠡᠳᠦᠷ ᠠᠴᠠ ᠡᠬᠢᠯᠡᠨ ᠲᠠᠪᠤᠨ ᠵᠢᠯ ᠤᠨ ᠲᠤᠳᠤᠷ᠎ᠠ ᠬᠦᠴᠦᠠ ᠤᠢᠭᠡᠢ ᠪᠤᠯᠭᠠᠬᠤ ᠡᠷᠭᠡ ᠪᠠᠨ ᠭᠡᠷᠡᠭᠵᠢᠬᠦᠯᠦᠭᠰᠡᠠ ᠤᠢᠭᠡᠢ ᠪᠠᠶᠢᠪᠠᠯ᠂ ᠬᠦᠴᠦᠠ ᠤᠢᠭᠡᠢ ᠪᠤᠯᠭᠠᠬᠤ ᠡᠷᠭᠡ ᠨᠢ ᠤᠰᠡᠳᠦᠨ᠎ᠡ᠃       ᠵᠠᠭᠤ ᠲᠠᠪᠢᠨ ᠭᠤᠷᠪᠠᠳᠣᠭᠠᠷ ᠵᠦᠢᠯ ᠬᠠᠣᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠲᠣᠭᠳᠠᠭᠠᠯ ᠳᠠᠬᠢ ᠠᠯᠪᠠᠳᠠᠯᠭ᠎ᠠ ᠶᠢᠨ ᠴᠢᠨᠠᠷᠳᠠᠢ ᠲᠣᠭᠳᠠᠭᠠᠯ ᠠᠴᠠ ᠵᠦᠷᠢᠴᠡᠭᠰᠡᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠭᠦᠴᠦᠨ ᠦᠭᠡᠢ᠃ ᠭᠡᠪᠡᠴᠦ ᠲᠡᠷᠡ ᠠᠯᠪᠠᠳᠠᠯᠭ᠎ᠠ ᠶᠢᠨ ᠴᠢᠨᠠᠷᠳᠠᠢ ᠲᠣᠭᠳᠠᠭᠠᠯ ᠨᠢ ᠲᠣᠰ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠠ ᠠᠵᠢᠯᠯᠠᠭ᠎ᠠ ᠶᠢ ᠭᠦᠴᠦᠨ ᠦᠭᠡᠢ ᠪᠣᠯᠬᠤ ᠳᠤ ᠬᠦᠷᠦᠭᠦᠯᠦᠭᠰᠡᠨ ᠪᠠᠶᠢᠪᠠᠯ ᠡᠭᠦᠨ ᠳᠤ ᠪᠠᠭᠳᠠᠬᠤ ᠦᠭᠡᠢ᠃       ᠨᠡᠶᠢᠳᠡ ᠶᠢᠨ ᠡᠮᠭᠢ ᠵᠢᠷᠣᠮ ᠪᠠ ᠰᠠᠶᠢᠨ ᠰᠠᠶᠢᠬᠠᠨ ᠭᠡᠪ ᠵᠠᠩᠰᠢᠯ ᠠᠴᠠ ᠵᠦᠷᠢᠴᠡᠭᠰᠡᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠭᠦᠴᠦᠨ ᠦᠭᠡᠢ᠃       ᠵᠠᠭᠤ ᠲᠠᠪᠢᠨ ᠲᠦᠷᠪᠡᠳᠦᠭᠡᠷ ᠵᠦᠢᠯ ᠦᠢᠯᠡ ᠠᠵᠢᠯᠯᠠᠭᠠᠳᠠᠨ ᠬᠢᠬᠡᠳ ᠬᠠᠷᠢᠴᠠᠩᠭᠤᠢ ᠬᠦᠮᠦᠨ ᠤ ᠮᠡᠭᠤ ᠰᠡᠨᠠᠭ᠎ᠠ ᠲᠠᠢ ᠪᠠᠷ ᠰᠦᠯᠪᠡᠭᠡᠯᠳᠦᠨ ᠪᠤᠰᠤᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠬᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠥᠴᠥᠨ ᠥᠭᠡᠢ᠃       ᠵᠠᠭᠤ ᠲᠠᠪᠢᠨ ᠲᠠᠪᠣᠳᠣᠭᠠᠷ ᠵᠦᠢᠯ ᠬᠥᠴᠥᠨ ᠥᠭᠡᠢ ᠪᠤᠶᠤ ᠬᠦᠴᠦᠨ ᠦᠬᠡᠢ ᠪᠤᠯᠭᠠᠭᠳᠠᠭᠰᠨᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠡᠬᠢᠯᠡᠭᠰᠡᠨ ᠠᠴᠠ ᠪᠠᠨ ᠠᠪᠤᠭᠠᠳ ᠬᠠᠣᠯᠢ ᠴᠠᠭᠠᠵᠠ ᠶᠢᠨ ᠭᠢᠵᠠᠭᠠᠷᠯᠠᠬᠤ ᠭᠦᠴᠦᠨ ᠦᠭᠡᠢ᠃       ᠵᠠᠭᠤ ᠲᠠᠪᠢᠨ ᠵᠢᠷᠭᠤᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠨᠢᠭᠡ ᠭᠡᠰᠡᠭ ᠨᠢ ᠬᠦᠴᠦᠠ ᠤᠢᠭᠡᠢ ᠨᠢ ᠪᠤᠰᠤᠤᠠ ᠭᠡᠰᠡᠭ ᠤᠨ ᠬᠦᠴᠦᠠ ᠲᠠᠢ ᠪᠠᠶᠢᠬᠤ ᠶᠢ ᠨᠦᠯᠦᠭᠡᠯᠡᠬᠦ ᠤᠢᠭᠡᠢ ᠪᠤᠯ ᠪᠤᠰᠤᠤᠠ ᠭᠡᠰᠡᠭ ᠨᠢ ᠮᠦᠠ ᠯᠡ ᠬᠦᠴᠦᠠ ᠲᠠᠢ᠃      ᠵᠠᠭᠤ ᠲᠠᠪᠢᠨ ᠲᠣᠯᠣᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠠ ᠤᠢᠭᠡᠢ᠂ ᠬᠦᠴᠦᠨ ᠦᠬᠡᠢ ᠪᠤᠯᠭᠠᠭᠳᠠᠭᠰᠠᠨ ᠪᠤᠶᠤ ᠲᠡᠬᠦᠨ ᠤ ᠬᠦᠴᠦᠨ ᠲᠠᠢ ᠪᠤᠯᠬᠤ ᠦᠬᠡᠢ ᠶᠢ ᠲᠤᠭᠳᠠᠭᠠᠭᠰᠠᠨ ᠤ ᠳᠠᠷᠠᠭ᠎ᠠ᠂ ᠦᠢᠯᠡ ᠠᠵᠢᠯᠯᠠᠭᠠᠳᠠᠨ ᠲᠣᠰ ᠦᠢᠯᠡ ᠠᠵᠢᠯᠯᠠᠭ᠎ᠠ ᠠᠴᠠ ᠪᠤᠯᠵᠤ ᠤᠯᠤᠭᠰᠠᠨ ᠡᠳ᠋ ᠬᠦᠷᠦᠩᠬᠡ ᠶᠢ ᠪᠤᠴᠡᠭᠠᠬᠤ ᠭᠡᠷᠡᠭᠳᠡᠢ︔ ᠪᠤᠴᠡᠭᠠᠵᠦ ᠲᠠᠶᠢᠯᠭᠦ ᠤᠢᠭᠡᠢ ᠪᠤᠶᠦ ᠪᠤᠴᠡᠭᠠᠬᠤ ᠴᠢᠬᠤᠯᠠ ᠤᠢᠭᠡᠢ ᠪᠤᠯ ᠦᠨ᠎ᠡ ᠨᠤᠭᠤᠯᠤᠨ ᠪᠤᠳᠦᠵᠦ ᠲᠦᠯᠦᠬᠦ ᠭᠡᠷᠡᠭᠳᠡᠢ᠃ ᠤᠰᠤᠯ ᠲᠠᠢ ᠲᠠᠯ᠎ᠠ ᠨᠢ ᠨᠦᠬᠦᠭᠡ ᠲᠠᠯ᠎ᠠ ᠶᠢᠨ ᠢᠶᠠᠨ ᠡᠬᠦᠠ ᠠᠴᠠ ᠪᠤᠯᠦᠬᠰᠡᠠ ᠬᠤᠬᠢᠷᠡᠯ ᠢ ᠲᠦᠯᠦᠬᠦ ᠭᠡᠷᠡᠭᠳᠡᠢ︔ ᠡᠯ᠎ᠡ ᠲᠠᠯ᠎ᠠ ᠨᠢ ᠴᠦᠮ ᠤᠰᠤᠯ ᠲᠠᠢ ᠪᠠᠶᠢᠪᠡᠯ᠂ ᠲᠤᠰ ᠲᠤᠰ ᠲᠠᠭᠠᠨ ᠵᠤᠬᠢᠴᠡᠩᠭᠤᠢ ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠡᠯ᠂ ᠲᠡᠷᠠ ᠲᠤᠬᠳᠡᠭᠠᠯ ᠶᠤᠰᠤᠭᠠᠷ ᠶᠠᠪᠤᠭᠤᠯᠤᠨ᠎ᠠ᠃                                            ︵ᠦᠷᠭᠦᠯᠵᠢᠯᠡᠯ ᠪᠤᠢ︶
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ