ᠲᠤᠭᠤᠷᠢᠭ ᠤᠨ ᠨᠠᠮ ᠤᠨ ᠬᠤᠷᠢᠶ᠎ᠠ ᠨᠢᠭᠡᠳᠦᠭᠡᠷ ᠬᠤᠭᠤᠴᠠᠭᠠᠨ ᠤ 140 ᠤᠳᠠᠭᠠᠨ ᠤ ᠪᠠᠶᠢᠩᠭᠤ ᠶᠢᠨ  ᠬᠤᠷᠢᠶᠠᠨ ᠤ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/27
         4 ᠰᠠᠷ᠎ᠠ ᠶᠢᠨ 25 ᠤ ᠡᠳᠦᠷ᠂  ᠲᠤᠭᠤᠷᠢᠭ ᠤᠨ ᠨᠠᠮ ᠤᠨ  ᠬᠤᠷᠢᠶ᠎ᠠ  ᠨᠢᠭᠡᠳᠦᠭᠡᠷ ᠬᠤᠭᠤᠴᠠᠭᠠᠨ ᠤ 140 ᠤᠳᠠᠭᠠᠨ ᠤ ᠪᠠᠶᠢᠩᠭᠤ ᠶᠢᠨ  ᠬᠤᠷᠢᠶᠠᠨ ᠤ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
        ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠪᠠ  ᠃  ᠬᠤᠷᠠᠯ   ᠠᠴᠠ ᠲᠡᠷᠢᠭᠦᠯᠡᠭᠴᠢ ᠸᠠᠩ ᠶᠠᠩ ᠤᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠠᠰᠠᠭᠤᠳᠠᠯ ᠢ ᠰᠢᠢᠳᠪᠦᠷᠢᠯᠡᠵᠦ᠂ ᠠᠵᠢᠯ ᠢᠶᠠᠨ ᠰᠠᠶᠢᠵᠢᠷᠠᠭᠤᠯᠬᠤ ᠬᠡᠷᠡᠭᠲᠡᠢ᠃ ᠤᠯᠤᠰ ᠲᠦᠷᠦ ᠶᠢᠨ  ᠰᠢᠢᠳᠪᠦᠷᠢᠲᠦ  ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂  ᠨᠤᠲᠤᠭ ᠳᠡᠪᠢᠰᠬᠡᠷ ᠢᠶᠠᠨ ᠬᠠᠮᠠᠭᠠᠯᠠᠬᠤ ᠡᠭᠦᠷᠭᠡ ᠲᠠᠢ ᠪᠠᠶᠢᠬᠤ ᠤᠯᠤᠰ ᠲᠦᠷᠦ ᠶᠢᠨ ᠤᠬᠠᠮᠰᠠᠷ ᠪᠣᠯᠤᠨ ᠠᠮᠤᠷ ᠲᠦᠪᠰᠢᠨ ᠪᠠᠶᠢᠬᠤ ᠦᠶ᠎ᠡ ᠳᠡᠭᠡᠨ ᠰᠡᠷᠡᠮᠵᠢᠯᠡᠬᠦ   ᠲᠦᠭᠰᠢᠭᠦᠷᠢ ᠶᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ  ᠭᠡᠵᠤ ᠴᠢᠬᠤᠯᠠᠴᠢᠯᠠᠪᠠ᠃         ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠶᠢᠴᠢᠯᠠᠯᠳᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ ᠃ ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢᠶᠠᠷ ᠠᠵᠤ ᠠᠬᠤᠢ ᠶᠢᠨ ᠠᠵᠢᠯ ᠤᠨ ᠭᠤᠣᠯ ᠲᠠᠯᠠᠪᠤᠷ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠨ ᠪᠡᠯᠡ ᠣᠷᠣᠭᠤᠯᠬᠤ ᠳᠤ ᠭᠠᠷᠳᠠᠴᠠ ᠲᠠᠢ᠂ ᠠᠯᠤᠰ ᠬᠡᠳᠤ ᠶᠢᠨ ᠬᠥᠭᠵᠢᠯᠲᠡ ᠳᠤ ᠰᠡᠯᠭᠦᠬᠦ ᠬᠦᠴᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ  ᠃ ᠨᠡᠩ ᠪᠣᠳᠠᠲᠠᠢ ᠠᠷᠭ᠎ᠠ  ᠬᠡᠮᠵᠢᠶ᠎ᠡ  ᠪᠠᠷ ᠲᠦᠷᠦᠯ ᠵᠦᠢᠯ ᠳᠤ ᠦᠢᠯᠡᠴᠢᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯᠧᠮᠧᠨ᠋ᠲ ᠢ ᠰᠢᠯᠢᠳᠡᠭᠵᠢᠭᠦᠯᠵᠦ᠂ ᠤᠶᠤᠨ ᠴᠢᠳᠠᠯ ᠢᠶᠠᠨ ᠲᠦᠷᠦᠯ ᠵᠦᠢᠯ ᠤᠨ ᠲᠣᠭᠤᠷᠢᠨ ᠳᠤ  ᠲᠦᠪᠯᠡᠷᠡᠵᠦ  ᠂ ᠡᠬᠢ ᠪᠠᠶᠠᠯᠢᠭ   ᠢ ᠲᠦᠷᠦᠯ ᠵᠦᠢᠯ ᠤᠨ ᠲᠣᠭᠤᠷᠢᠨ ᠳᠤ  ᠳᠤᠬᠢᠷᠠᠭᠤᠯᠤᠨ  ᠂  ᠲᠦᠷᠦᠯ ᠵᠦᠢᠯ ᠤᠨ ᠲᠣᠭᠤᠷᠢᠨ ᠳᠤ ᠠᠵᠢᠯᠯᠠᠬᠤ ᠶᠢ ᠪᠡᠶᠡᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠮᠵᠢ ᠪᠠᠷ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠩᠭ᠎ᠠ ᠬᠦᠴᠦᠲᠡᠢ ᠲᠤᠯᠭᠠᠭᠤᠷᠢᠯᠠᠯ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ  ᠃         ᠬᠤᠷᠠᠯ ᠠᠴᠠ ᠬᠢᠶ᠎ᠠ ᠪᠠᠭᠰᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ  ᠢᠲᠡᠭᠡᠯ ᠵᠤᠷᠢᠭ ᠢᠶᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ  ᠪᠤᠳᠠᠲᠠᠢ ᠳᠤ ᠬᠡᠷᠡᠭᠵᠢᠭᠦᠯᠬᠦ ᠬᠠᠷᠠᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠤᠯᠠᠮ ᠨᠢᠭᠡ ᠠᠯᠬᠤᠮ ᠲᠥᠪᠯᠡᠷᠡᠭᠦᠯᠵᠦ᠂ ᠠᠷᠭ᠎ᠠ ᠬᠡᠮᠵᠢᠶ᠎ᠡ  ᠶᠢᠨ ᠲᠤᠬᠢᠷᠠᠭᠤᠯᠤᠯᠳᠠ ᠶᠢ ᠨᠠᠷᠢᠯᠢᠬᠵᠢᠭᠤᠯᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠡᠲᠡᠭᠡᠳ ᠢ ᠲᠤᠪᠤᠶᠢᠯᠭᠠᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨᠬᠦ ᠭᠦᠨᠵᠡᠭᠡᠶᠢᠷᠡᠭᠦᠯᠬᠦ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ  ᠠᠵᠢᠯ  ᠬᠢᠵᠦ  ᠦᠭᠬᠦᠨ᠎ᠡ︾ ᠭᠡᠬᠦ  ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠪᠣᠳᠠᠲᠠᠢ ᠠᠳᠬᠤᠵᠤ᠂ ᠠᠷᠠᠳ ᠤᠨ ᠲᠥᠯᠥᠭᠡ ᠪᠣᠳᠠᠲᠠᠢ  ᠠᠵᠢᠯ ᠬᠢᠬᠦ ᠶᠢ  ᠪᠤᠳᠠᠲᠤ  ᠪᠠᠶᠢᠳᠠᠯ  ᠲᠠᠢ ᠤᠶᠠᠯᠳᠤᠭᠤᠯᠬᠤ᠂ ᠣᠨᠣᠪᠴᠢᠲᠠᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠷᠭᠡᠨ ᠤᠯᠠᠨ ᠰᠠᠭᠤᠭᠠᠯᠢ ᠠᠷᠠᠳ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠯᠤᠭᠰᠠᠨ ᠦᠷ᠎ᠡ ᠪᠦᠲᠦᠭᠡᠯ ᠢ ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ  ᠃         ᠬᠤᠷᠠᠯ ᠠᠴᠠ ︽ᠨᠠᠮ ᠤᠨ  ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠨ ᠰᠤᠷᠤᠯᠴᠠᠵᠤ᠂ ︽ᠬᠢᠶ᠎ᠠ ᠪᠠᠭᠰᠢ ᠲᠣᠭᠤᠷᠢᠭ ᠤᠨ ᠨᠠᠮ ᠤᠨ  ᠬᠤᠷᠢᠶ᠎ᠠ   ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠰᠤᠷᠤᠯᠴᠠᠯᠭ᠎ᠠ ᠶᠢᠨ ᠲᠥᠯᠥᠪᠯᠡᠭᠡ︾ ᠶᠢ ᠰᠤᠳᠤᠯᠤᠨ ᠶᠠᠷᠢᠯᠴᠠᠪᠠ᠃
ᠢᠷᠡᠯᠲᠡ᠄ ᠲᠤᠰ ᠰᠦᠯᠵᠢᠶ᠎ᠡ