ᠬᠢᠶ᠎ᠠ ᠪᠠᠭᠰᠢ ᠲᠣᠭᠤᠷᠢᠭ ᠤᠨ ᠤᠯᠠᠭᠠᠨᠮᠦ᠋ᠷᠡᠨ ᠨᠠᠭᠤᠷ ᠤᠨ ᠳᠠᠭᠤᠤ ᠬᠥᠭᠵᠢᠮ ᠲᠠᠢ ᠣᠷᠬᠢᠯᠤᠯᠳᠣ ᠪᠤᠯᠠᠭ 2021 ᠣᠨ ᠤ 5 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠨᠡᠭᠡᠭᠡᠨ᠎ᠡ
ᠨᠡᠶᠢᠲᠡᠯᠡᠭᠰᠡᠨ ᠴᠠᠭ᠄
2021/4/27
     ᠬᠢᠶ᠎ᠠ ᠪᠠᠭᠰᠢ ᠲᠣᠭᠤᠷᠢᠭ ᠤᠨ ᠤᠯᠠᠭᠠᠨᠮᠦ᠋ᠷᠡᠨ ᠨᠠᠭᠤᠷ ᠤᠨ ᠳᠠᠭᠤᠤ ᠬᠥᠭᠵᠢᠮ ᠲᠠᠢ ᠣᠷᠬᠢᠯᠤᠯᠳᠣ ᠪᠤᠯᠠᠭ 2021 ᠣᠨ ᠤ 5 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠨᠡᠭᠡᠭᠡᠨ᠎ᠡ᠂ ᠣᠲᠣ ᠨᠡᠭᠡᠭᠡᠬᠦ ᠴᠠᠭ ᠢ ᠳᠣᠤᠷᠠᠬᠢ ᠮᠡᠲᠦ ᠵᠠᠷᠯᠠᠶ᠎ᠠ᠄      5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 5 ᠤ ᠡᠳᠦᠷ      ᠦᠳᠡ ᠶᠢᠨ ᠡᠮᠦᠨ᠎ᠡ 10᠄ 30 — 11᠄ 30      ᠦᠳᠡ ᠶᠢᠨ ᠬᠤᠶᠢᠨ᠎ᠠ 15᠄ 30 — 16᠄ 30      ᠦᠳᠡᠰᠢ 20:00 — 21:00      5 ᠰᠠᠷ᠎ᠠ ᠶᠢᠨ 6 ᠤ ᠡᠳᠦᠷ ᠠᠴᠠ ᠡᠬᠢᠯᠡᠨ      ᠦᠳᠡᠰᠢ ᠪᠣᠯᠭᠠᠨ 20:00-21:00      ︵ᠬᠡᠷᠪᠡ ᠣᠨᠴᠠᠭᠠᠶ ᠴᠠᠭ ᠠᠭᠤᠷ ᠲᠣᠬᠢᠶᠠᠯᠳᠤᠪᠠᠯ ᠨᠡᠭᠡᠭᠡᠬᠦ ᠥᠬᠡᠶ︶      ᠰᠠᠨᠠᠭᠤᠯᠤᠮᠵᠢ      ᠬᠥᠮᠦᠨ ᠤ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠳᠣᠭᠳᠠᠭᠠᠭᠰᠠᠨ ᠬᠡᠪᠴᠢᠶᠠᠨ  ᠳᠤ ᠪᠣᠯᠪᠠᠰᠤᠨ ᠢᠶᠠᠷ ᠲᠣᠭᠤᠷᠢᠨ ᠦᠵᠡᠵᠦ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠨᠡᠶᠢᠲᠡ ᠶᠢᠨ ᠡᠮᠬᠢ ᠵᠢᠷᠤᠮ ᠂ ᠬᠠᠮᠢᠶᠠᠷᠤᠯᠲᠠ ᠲᠣᠭᠲᠠᠭᠠᠯ ᠢ ᠵᠢᠷᠤᠮᠯᠠᠨ᠂ ᠣᠷᠬᠢᠯᠤᠯᠳᠣ ᠪᠤᠯᠠᠭ ᠤᠨ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠵᠤ᠂ ᠨᠠᠰᠤᠲᠠᠶᠢᠴᠤᠳ ᠪᠠ ᠬᠡᠤᠬᠡᠳ ᠢᠶᠠᠨ ᠬᠠᠷᠠᠭᠠᠯᠵᠠᠨ᠂ ᠪᠤᠯᠠᠭ ᠤᠨ ᠤᠰᠤᠨ ᠳᠤ ᠨᠠᠭᠠᠳᠬᠤ ᠶᠢ ᠴᠢᠩᠭ᠎ᠠ ᠴᠠᠭᠠᠵᠠᠯᠠᠨ᠎ᠠ᠃      ᠲᠠᠷᠠᠭᠠᠴᠢ ᠶᠢᠨ ᠨᠡᠭᠡᠭᠡᠯᠲᠡ ᠶᠢᠨ ᠴᠠᠭ ᠲᠤ ᠲᠣᠬᠢᠷᠠᠭᠤᠯᠤᠯᠲᠠ ᠬᠢᠪᠡᠯ᠂ ᠬᠢᠶ᠎ᠠ ᠪᠠᠭᠰᠢ  ᠨᠡᠶᠢᠳᠡᠯᠡᠯ ᠪᠤᠶᠤ ᠬᠢᠶ᠎ᠠ ᠪᠠᠭᠰᠢ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ ᠤᠨ ᠸᠢᠴᠠᠲ ᠤᠨ ᠨᠡᠶᠢᠲᠡ ᠶᠢᠨ ᠳ᠋ᠤᠭᠠᠷ ᠳᠡᠭᠡᠷ᠎ᠡ ᠮᠡᠳᠡᠭᠳᠡᠨ᠎ᠡ᠃
ᠢᠷᠡᠯᠲᠡ᠄ ᠲᠤᠰ ᠰᠦᠯᠵᠢᠶ᠎ᠡ