ᠲᠡᠤᠬᠡ ᠶᠢᠨ ᠪᠠᠶᠢᠳᠠᠯ
ᠨᠡᠶᠢᠲᠡᠯᠡᠭᠰᠡᠨ ᠴᠠᠭ᠄
2021/4/28
  •            2000 ᠣᠨ ᠤ 12 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ
  • ᠂ ᠬᠢᠶ᠎ᠠ ᠪᠠᠭᠰᠢ ᠰᠤᠮᠤ ᠤᠨ ᠬᠢᠯᠢ ᠶᠢᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶ ᠲᠧᠭᠨᠢᠭ ᠮᠡᠷᠭᠡᠵᠢᠯ ᠤᠨ ᠨᠡᠭᠡᠭᠡᠯᠲᠡ ᠶᠢᠨ ᠣᠷᠣᠨ —
  • ᠴᠢᠩ ᠴᠦᠨ ᠱᠠᠨ ᠠᠵᠤ ᠠᠬᠤᠶ ᠲᠧᠭᠨᠢᠭ ᠮᠡᠷᠭᠡᠵᠢᠯ ᠤᠨ ᠨᠡᠭᠡᠭᠡᠯᠲᠡ ᠶᠢᠨ ᠣᠷᠣᠨ ᠢ ᠪᠠᠶᠢᠭᠤᠯᠪᠠ᠃ 2001 ᠣᠨ ᠤ 1 ᠰᠠᠷ᠎ᠠ ᠳᠤ᠂ ᠶᠡᠭᠡ ᠵᠣᠣ ᠠᠶᠢᠮᠠᠭ ᠤᠨ
  • ᠴᠢᠩ ᠴᠦᠨ ᠱᠠᠨ ᠠᠵᠤ ᠠᠬᠤᠶ ᠲᠧᠭᠨᠢᠭ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠠᠶᠢᠮᠠᠭ ᠤᠨ ᠵᠠᠬᠢᠷᠭ᠎ᠠ ᠶᠢᠨ
  • ᠲᠣᠮᠢᠯᠠᠭᠰᠠᠨ ᠪᠠᠶᠢᠭᠤᠯᠤᠮᠵᠢ᠂ ᠵᠢᠩᠬᠢᠨᠢ ᠭᠠᠵᠠᠷ ᠤᠨ ᠲᠠᠰ ᠤᠨ ᠨᠢᠭᠡᠴᠢ  ᠪᠤᠯᠪᠠ᠃
  •           2001 ᠣᠨ ᠤ 4 ᠰᠠᠷ᠎ᠠ ᠳᠤ᠂ ᠶᠡᠭᠡ ᠵᠣᠣ ᠠᠶᠢᠮᠠᠭ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠣᠷᠳᠣᠰ ᠬᠤᠲᠠ ᠪᠣᠯᠵᠦ᠂
  • ᠬᠢᠶ᠎ᠠ ᠪᠠᠭᠰᠢ ᠰᠤᠮᠤ ᠢ ᠮᠥᠨ ᠬᠦ ᠡᠵᠡᠨ ᠬᠤᠷᠤᠭ᠎ᠠ ᠬᠤᠰᠢᠭᠤᠨ ᠳᠤ ᠬᠠᠷᠢᠶᠠᠯᠠᠭᠤᠯᠪᠠ᠃ 2001 ᠣᠨ ᠤ 9 ᠰᠠᠷ᠎ᠠ ᠳᠤ᠂ ᠠᠶᠢᠮᠠᠭ ᠢ ᠬᠤᠳᠠ ᠪᠣᠯᠭᠠᠬᠤ ᠶᠢ
  • ᠳᠠᠭᠠᠯᠳᠣᠭᠤᠯᠣᠨ᠂ ᠶᠡᠭᠡ ᠵᠣᠣ ᠠᠶᠢᠮᠠᠭ ᠤᠨ ᠴᠢᠩ ᠴᠦᠨ ᠱᠠᠨ ᠠᠵᠤ ᠠᠬᠤᠶ ᠲᠧᠭᠨᠢᠭ ᠮᠡᠷᠭᠡᠵᠢᠯ ᠤᠨ ᠨᠡᠭᠡᠭᠡᠯᠲᠡ ᠶᠢᠨ ᠣᠷᠣᠨ ᠤᠷᠳᠤᠰ ᠬᠤᠳᠠ ᠶᠢᠨ ᠴᠢᠩ
  • ᠴᠦᠨ ᠱᠠᠨ ᠠᠵᠤ ᠠᠬᠤᠶ ᠲᠧᠭᠨᠢᠭ ᠮᠡᠷᠭᠡᠵᠢᠯ ᠤᠨ ᠨᠡᠭᠡᠭᠡᠯᠲᠡ ᠶᠢᠨ ᠣᠷᠣᠨ ᠭᠡᠵᠦ ᠨᠡᠷ᠎ᠡ ᠪᠠᠨ ᠬᠠᠯᠠᠪᠠ᠃ 2003 ᠣᠨ ᠤ 7 ᠰᠠᠷ᠎ᠠ ᠳᠤ᠂ ᠥᠪᠥᠷ ᠮᠣᠩᠭᠤᠯ ᠤᠨ
  • ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠵᠡᠨ ᠬᠤᠷᠤᠭ᠎ᠠ ᠬᠤᠰᠢᠭᠤᠨ ᠤ ᠬᠢᠶ᠎ᠠ ᠪᠠᠭᠰᠢ ᠰᠤᠮᠤ ᠶᠢᠨ ᠪᠦᠬᠦᠯᠢ
  • ᠪᠠᠶᠢᠭᠤᠯᠤᠮᠵᠢ ᠶᠢᠨ ᠳᠦᠷᠢᠮ ᠢ ᠳ᠋ᠦᠩᠱᠧᠩ ᠲᠣᠭᠤᠷᠢᠭ ᠲᠤ ᠬᠤᠪᠢᠶᠠᠷᠢᠯᠠᠨ ᠣᠷᠣᠭᠤᠯᠪᠠ᠃ 2004 ᠣᠨ ᠤ 4 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ
  • ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠣᠷᠳᠣᠰ ᠬᠤᠲᠠ ᠶᠢᠨ ᠴᠢᠩ ᠴᠦᠨ ᠱᠠᠨ ᠠᠵᠤ ᠠᠬᠤᠶ ᠲᠧᠭᠨᠢᠭ ᠮᠡᠷᠭᠡᠵᠢᠯ ᠤᠨ
  • ᠨᠡᠭᠡᠭᠡᠯᠲᠡ ᠶᠢᠨ ᠣᠷᠣᠨ ᠢ ᠣᠷᠳᠣᠰ ᠬᠤᠲᠠ ᠶᠢᠨ ᠳ᠋ᠦᠩᠱᠧᠩ ᠤᠨ ᠬᠢᠶ᠎ᠠ ᠪᠠᠭᠰᠢ ᠰᠢᠨ᠎ᠡ ᠲᠣᠭᠤᠷᠢᠭ ᠭᠡᠵᠦ ᠬᠠᠯᠠᠪᠠ᠂ ᠣᠷᠳᠣᠰ ᠬᠤᠲᠠ ᠶᠢᠨ ᠴᠢᠩ ᠴᠦᠨ ᠱᠠᠨ
  • ᠠᠵᠤ ᠠᠬᠤᠶ ᠲᠧᠭᠨᠢᠭ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠵᠣᠬᠢᠴᠠᠩᠭᠤᠶ ᠪᠠᠷ ᠣᠷᠳᠣᠰ ᠬᠤᠲᠠ ᠵᠢᠨ‌‍ᠳᠦ᠋ᠩᠱᠧᠩ ᠤᠨ ᠬᠢᠶ᠎ᠠ
  • ᠪᠠᠭᠰᠢ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠭᠡᠵᠦ ᠬᠠᠯᠠᠪᠠ᠃ 2006 ᠣᠨ ᠤ 7 ᠰᠠᠷ᠎ᠠ ᠳᠤ᠂ ᠤᠷᠳᠤᠰ ᠬᠤᠳᠠ ᠶᠢᠨ ᠠᠷᠠᠳ ᠤᠨ ᠵᠠᠰᠠᠭ ᠤᠨ
  • ᠣᠷᠳᠣᠨ ᠬᠢᠶ᠎ᠠ ᠪᠠᠭᠰᠢ ᠰᠢᠨ᠎ᠡ ᠲᠣᠭᠤᠷᠢᠭ ᠲᠤ ᠨᠡᠭᠦᠵᠦ ᠰᠠᠭᠤᠷᠢᠰᠢᠪᠠ᠃ 2008 ᠣᠨ ᠤ 6 ᠰᠠᠷ᠎ᠠ ᠳᠤ᠂ ᠤᠷᠳᠤᠰ ᠬᠤᠳᠠ ᠶᠢᠨ ᠠᠷᠠᠳ ᠤᠨ ᠵᠠᠰᠠᠭ ᠤᠨ
  • ᠣᠷᠳᠣᠨ ᠠᠴᠠ ᠳ᠋ᠦᠩᠱᠧᠩ  ᠤᠨ ᠬᠢᠶ᠎ᠠ ᠪᠠᠭᠰᠢ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠣᠯ ᠶᠢ ᠬᠤᠰᠢᠭᠤ ᠲᠣᠭᠤᠷᠢᠭ ᠲᠠᠢ ᠬᠠᠷᠢᠴᠠᠭᠤᠯᠤᠨ
  • ᠦᠵᠡᠬᠦ ᠶᠢ ᠵᠥᠪᠰᠢᠶᠡᠷᠡᠪᠡ᠃ 2008 ᠣᠨ ᠤ 9 ᠰᠠᠷ᠎ᠠ ᠳᠤ᠂ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠳ᠋ᠦᠩᠱᠧᠩ ᠤᠨ ᠬᠢᠶ᠎ᠠ ᠪᠠᠭᠰᠢ
  • ᠰᠢᠨ᠎ᠡ ᠲᠣᠭᠤᠷᠢᠭ ᠢ ᠬᠢᠶ᠎ᠠ ᠪᠠᠭᠰᠢ ᠰᠢᠨ᠎ᠡ ᠲᠣᠭᠤᠷᠢᠭ ᠭᠡᠵᠦ ᠬᠠᠯᠠᠬᠤ ᠶᠢ ᠵᠥᠪᠰᠢᠶᠡᠷᠡᠪᠡ᠃  2008 ᠣᠨ ᠤ 12 ᠰᠠᠷ᠎ᠠ ᠳᠤ᠂ ᠣᠷᠳᠣᠰ ᠬᠤᠲᠠ ᠶᠢᠨ
  • ᠠᠷᠠᠳ ᠤᠨ ᠵᠠᠰᠠᠭ ᠤᠨ ᠣᠷᠳᠣᠨ ᠤ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠲᠣᠪᠴᠢᠯᠠᠯ ᠳᠤ ᠳ᠋ᠦᠩᠱᠧᠩ ᠲᠣᠭᠤᠷᠢᠭ ᠤᠨ ᠬᠢᠶ᠎ᠠ ᠪᠠᠭᠰᠢ ᠰᠤᠮᠤ ᠶᠢᠨ
  • ᠪᠦᠬᠦᠯᠢ ᠪᠠᠶᠢᠭᠤᠯᠤᠮᠵᠢ ᠶᠢᠨ ᠳᠦᠷᠢᠮ ᠢ ᠬᠢᠶ᠎ᠠ ᠪᠠᠭᠰᠢ ᠰᠢᠨ᠎ᠡ ᠲᠣᠭᠤᠷᠢᠭ ᠲᠤ ᠲᠤᠰᠢᠶᠠᠨ ᠥᠭᠴᠦ ᠣᠷᠣᠯᠠᠨ ᠬᠠᠮᠢᠶᠠᠷᠤᠭᠤᠯᠵᠤ᠂ ᠬᠢᠶ᠎ᠠ ᠪᠠᠭᠰᠢ ᠰᠢᠨ᠎ᠡ ᠲᠣᠭᠤᠷᠢᠭ
  • ᠪᠠ ᠡᠵᠡᠨ ᠬᠤᠷᠤᠭ᠎ᠠ ᠬᠤᠰᠢᠭᠤ ᠲᠦᠷ ᠴᠠᠭ ᠤᠯᠭᠠᠨᠮᠦ᠋ᠷᠡᠨ ᠭᠤᠤᠯ ᠢᠶᠠᠷ ᠵᠠᠭᠠᠭ ᠪᠣᠯᠭᠠᠨ᠎ᠠ ᠭᠡᠵᠦ ᠲᠣᠳᠣᠷᠬᠠᠶ ᠲᠣᠭᠲᠠᠭᠠᠵᠠᠶ᠃
  •             2016 ᠣᠨ ᠤ 6  ᠰᠠᠷ᠎ᠠ ᠶᠢᠨ 8 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ
  • ᠪᠠᠶᠢᠭᠤᠯᠬᠤ ᠶᠢ ᠵᠢᠩᠬᠢᠨᠢ ᠪᠠᠷ ᠵᠥᠪᠰᠢᠶᠡᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 103 ᠳ᠋ᠤᠭᠠᠷ ᠰᠢᠶᠠᠨ ᠤ ᠱᠠᠲᠤᠨ ᠤ ᠵᠠᠰᠠᠭ ᠵᠠᠬᠢᠷᠭᠠᠨ ᠤ
  • ᠣᠷᠣᠨ ᠪᠣᠯᠤᠭᠰᠠᠨ ᠪᠠᠶᠢᠨ᠎ᠠ᠃
  •             2017 ᠣᠨ ᠤ 12 ᠰᠠᠷ᠎ᠠ ᠶᠢᠨ 12 ᠤᠨ ᠡᠳᠦᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
  • ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃
              01.jpg    
              02.jpg
             03.jpg
                              
        ᠢᠷᠡᠯᠲᠡ᠄ ᠲᠣᠰ ᠰᠥᠯᠵᠢᠶ᠎ᠠ