ᠪᠥᠭᠦ ᠬᠤᠳᠠ ᠶᠢᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠬᠠᠪᠤᠷ ᠤᠨ ᠤᠯᠠᠷᠢᠯ ᠤᠨ ᠲᠤᠰᠬᠠᠢ ᠲᠦᠷᠤᠯ ᠤᠨ ᠠᠵᠢᠯᠯᠠᠭᠠᠨ ᠤ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/7
        ᠦᠢᠷ᠎ᠠ ᠶᠢᠨ ᠡᠳᠤᠷ᠂ ᠪᠥᠭᠦ ᠬᠤᠳᠠ ᠶᠢᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠬᠠᠪᠤᠷ ᠤᠨ ᠤᠯᠠᠷᠢᠯ ᠤᠨ ᠲᠤᠰᠬᠠᠢ ᠲᠦᠷᠤᠯ ᠤᠨ ᠠᠵᠢᠯᠯᠠᠭᠠᠨ ᠤ ᠪᠠᠶᠢᠷᠢᠯᠠᠭᠤᠯᠤᠯᠳᠠ ᠶᠢᠨ ᠬᠤᠷᠠᠯ ᠭᠢᠶ᠎ᠠ ᠪᠠᠭᠰᠢ ᠲᠤᠭᠤᠷᠢᠭ ᠲᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠲᠠᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠤᠢ ᠰᠢᠨ ᠹᠠᠨᠭ᠌ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ ᠬᠤᠳᠠ ᠶᠢᠨ ᠲᠠᠳ᠋ ᠲᠠᠷᠤᠭ᠎ᠠ ᠱᠢ ᠶᠠᠨ ᠵᠢᠶᠧ ᠬᠤᠷᠠᠯ ᠢ ᠡᠷᠭᠢᠯᠡᠪᠠ᠃           ᠬᠤᠷᠠᠯ ᠠᠴᠠ ᠵᠢᠭᠠᠬᠤ ᠳᠠᠭᠠᠨ᠂ ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠣᠯ ᠭᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠭᠤᠣᠯᠳᠠᠯᠭ᠎ᠠ ᠲᠠᠢ ᠠᠭᠤᠯᠭ᠎ᠠ ᠪᠤᠯᠬᠤ ᠪᠦᠭᠡᠳ ᠴᠢᠬᠤᠯᠠ ᠠᠷᠭ᠎ᠠ ᠭᠡᠮᠵᠢᠶ᠎ᠠ ᠪᠠᠶᠢᠵᠤ ᠥᠷᠭᠡᠨ ᠤᠯᠠᠨ ᠮᠠᠯᠴᠢᠨ ᠲᠠᠷᠢᠶᠠᠴᠢᠳ ᠲᠤ ᠪᠤᠶᠠᠨ ᠵᠢᠷᠭᠠᠯ ᠡᠳ᠋ᠯᠡᠭᠦᠯᠭᠦ ᠶᠠᠪᠤᠳᠠᠯ ᠪᠤᠯᠤᠨ᠎ᠠ᠃ ᠡᠯ᠎ᠡ ᠱᠠᠳᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠭᠦᠯᠦᠨ ᠨᠠᠷᠢᠨ ᠬᠢᠨᠠᠮᠠᠭᠠᠢ ᠲᠤᠬᠢᠷᠠᠭᠤᠯᠤᠨ ᠪᠠᠶᠢᠷᠢᠯᠠᠭᠤᠯᠵᠤ ᠠᠵᠢᠯᠯᠠᠭ᠎ᠠ ᠪᠠᠨ ᠲᠦᠷᠭᠡᠨ ᠦᠷᠨᠢᠭᠦᠯᠦᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠦᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠭᠤᠶᠤᠵᠢᠭᠤᠯᠤᠯᠳᠠ ᠶᠢ ᠴᠢᠩᠭ᠎ᠠ ᠠᠳᠬᠤᠵᠤ ᠬᠦᠳᠡᠭᠡ ᠲᠤᠰᠬᠤᠨ ᠤ ᠲᠦᠷᠢ ᠲᠦᠷᠬᠦ ᠶᠢ ᠰᠠᠶᠢᠵᠢᠷᠠᠭᠤᠯᠤᠨ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠦᠴᠦᠨ ᠳᠤ ᠲᠦᠰᠢᠭᠯᠡᠨ ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠠ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠤ ᠲᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ ᠦᠨᠳᠦᠰᠦᠨ ᠵᠠᠷᠤᠳᠠᠯ ᠢ ᠪᠠᠳᠤᠯᠠᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠳᠤᠳᠬᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠭᠢᠭᠡᠳ ᠬᠢᠨᠠᠨ ᠪᠠᠶᠢᠴᠠᠭᠠᠯᠳᠠ ᠪᠠᠨ ᠴᠢᠩᠭᠠᠳᠬᠠᠵᠤ ᠴᠡᠪᠡᠷ ᠲᠡᠭᠰᠢ ᠤᠷᠤᠰᠢᠨ ᠰᠠᠭᠤᠷᠢᠰᠢᠬᠤ ᠣᠷᠴᠢᠨ ᠲᠣᠭᠤᠷᠢᠨ ᠢᠶᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠠᠢ᠃          ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠪᠤᠷ ᠤᠨ ᠤᠯᠠᠷᠢᠯ ᠤᠨ ᠲᠤᠰᠬᠠᠢ ᠠᠵᠢᠯᠯᠠᠭ᠎ᠠ ᠶᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ᠂ ᠬᠠᠳᠤᠨ ᠭᠤᠣᠯ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ ᠲᠠᠷᠣᠢ ᠲᠦᠷᠭᠡᠨ ᠢᠶᠠᠷ ᠬᠥᠳᠡᠯᠦᠯᠴᠡᠵᠦ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ ᠭᠡᠵᠡᠢ᠃
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ