ᠯᠢ ᠳ᠋ᠦᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/4/9
 
           4 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠣᠳᠣᠯᠪᠠ᠃ ᠲᠣᠭᠤᠷᠢᠭ ᠤᠨ ᠤᠳᠤᠷᠢᠳᠤᠯᠭ᠎ᠠ ᠶᠠᠩ ᠴᠠᠩ ᠴᠢᠩ᠂ ᠸᠠᠩ ᠷᠦᠢ ᠰᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃            ᠯᠢ ᠳ᠋ᠦᠩ ᠤᠷᠢᠳ ᠬᠤᠵᠢᠳ ᠲᠠᠢ ᠰᠢᠶᠠᠩ ᠵᠢᠶᠠ ᠶᠤᠸᠠᠨ᠂ ᠪᠢ ᠱᠦᠢ ᠬᠤᠸᠠ ᠶᠤᠸᠠᠨ᠂ ᠱᠧᠨ ᠬᠤᠸᠠ C-8 ᠰᠠᠭᠤᠭᠠᠯᠢ ᠲᠣᠭᠤᠷᠢᠭ ᠪᠣᠯᠤᠨ ᠸᠠᠨ ᠯᠢ ᠤᠯᠠᠨ ᠤᠯᠤᠰ ᠤᠨ ᠠᠷᠠᠯᠵᠢᠶ᠎ᠠ ᠬᠤᠳᠠᠯᠳᠣᠭᠠᠨ ᠤ ᠬᠤᠳᠠᠬᠠᠨ ᠤ E ᠲᠣᠭᠤᠷᠢᠭ᠂ ᠪᠥᠸᠧ ᠢᠦᠢ ᠵᠢᠦ ᠰᠢᠨ ᠨᠡᠶᠢᠲᠡ ᠶᠢᠨ ᠰᠠᠭᠤᠴᠠ᠂ ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠲᠠᠢ ᠬᠤᠸᠠ ᠶᠢᠨ ᠵᠢᠶᠠᠩ ᠪᠠᠭᠤᠳᠠᠯ᠂ ᠿᠢ ᠰᠢᠩ ᠤᠯᠠᠨ ᠤᠯᠤᠰ ᠤᠨ ᠠᠯᠳᠠᠨ ᠰᠠᠭᠤᠳᠠᠯ᠂ ᠬᠤᠳᠠ ᠶᠢᠨ ᠠᠵᠢᠯᠴᠢᠨ ᠤ ᠰᠣᠶᠣᠯ ᠤᠨ ᠣᠷᠳᠣᠨ᠂  ᠯᠠᠩ ᠵᠢᠩ ᠪᠠᠭᠤᠳᠠᠯ ︵ᠬᠤᠶᠠᠳᠤᠭᠠᠷ ᠬᠤᠭᠤᠴᠠᠭ᠎ᠠ︶᠂ ᠲᠣᠭᠤᠷᠢᠭ ᠤᠨ ᠠᠷᠪᠠᠨ ᠳᠥᠷᠪᠡᠳᠦᠭᠡᠷ ᠬᠡᠦᠬᠡᠳ ᠤᠨ ᠴᠡᠴᠡᠷᠯᠢᠭ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠣᠬᠠᠢ ᠶᠢᠨ ᠲᠠᠯᠠᠪᠠᠢ ᠳᠤ ᠭᠦᠨᠵᠡᠭᠡᠶᠢᠷᠡᠵᠦ ᠂ ᠠᠬᠢᠴᠠ ᠶᠢ  ᠱᠠᠯᠠᠪᠳᠠᠭᠤᠯᠤᠨ᠂ ᠠᠰᠠᠭᠤᠳᠠᠯ ᠢ ᠪᠠᠶᠢᠴᠠᠭᠠᠵᠤ᠂ ᠠᠷᠭ᠎ᠠ ᠰᠥᠪᠡᠭᠴᠢᠯᠡᠨ᠂ ᠬᠦᠴᠢᠷ ᠠᠰᠠᠭᠤᠳᠠᠯ ᠢ ᠰᠢᠢᠳᠪᠦᠷᠢᠯᠡᠪᠡ᠃            ᠯᠢ ᠳ᠋ᠦᠩ᠂ ᠭᠤᠤᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠠ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠴᠠᠭ ᠤᠨ ᠦᠵᠡᠯᠲᠡ᠂ ᠶᠠᠰᠤ ᠴᠢᠨᠠᠷ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠬᠤᠭᠤᠴᠠᠭ᠎ᠠ ᠪᠠᠨ  ᠲᠤᠬᠢᠷᠠᠮᠵᠢᠳᠠᠢ ᠪᠠᠶᠢᠷᠢᠯᠠᠭᠤᠯᠤᠨ᠂ ᠪᠠᠷᠢᠯᠭ᠎ᠠ ᠶᠢᠨ ᠰᠢᠵᠢᠷ ᠠᠯᠲᠠᠨ ᠴᠠᠭ ᠢ ᠠᠮᠵᠢᠨ᠂ ᠲᠥᠷᠥᠯ  ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃  ᠲᠦᠭᠦᠷᠵᠢᠭᠦᠯᠦᠭᠰᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ  ᠲᠦᠭᠦᠷ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠶ ᠃ ᠲᠦᠷᠦᠯ ᠵᠦᠢᠯ ᠤᠨ ᠡᠵᠡᠩᠨᠡᠯᠲᠡ ᠪᠠ ᠠᠷᠠᠯᠵᠢᠶᠠᠴᠢᠨ ᠤᠷᠢᠬᠤ ᠠᠵᠢᠯ ᠢ ᠴᠢᠩᠭᠠᠳᠬᠠᠵᠤ᠂ ᠭᠤᠣᠯᠯᠠᠭᠴᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠨᠡᠩ ᠤᠯᠠᠨ  ᠨᠡᠷ᠎ᠡ ᠲᠡᠮᠳᠡᠭ᠂ ᠠᠵᠤ ᠦᠢᠯᠡᠰ᠂ ᠡᠵᠡᠩᠨᠡᠯᠲᠡ ᠶᠢᠨ ᠪᠠᠶᠢᠳᠠᠯ ᠲᠥᠯᠥᠪ ᠢ ᠣᠷᠣᠭᠤᠯᠤᠨ ᠠᠪᠴᠢᠷᠠᠬᠤ ᠳᠤ ᠰᠠᠶᠢᠨ ᠰᠠᠭᠤᠷᠢ ᠲᠠᠯᠪᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ  ᠢ ᠴᠠᠭ ᠢᠮᠠᠭᠲᠠ ᠴᠢᠩᠭᠠᠷᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠦᠬᠦᠢ ᠬᠥᠮᠦᠰ ᠢ ᠪᠣᠯᠪᠠᠰᠤᠷᠠᠭᠤᠯᠬᠤ ᠡᠷᠴᠢᠮ ᠢ  ᠴᠢᠩᠭᠠᠷᠠᠭᠤᠯᠤᠨ᠂ ᠪᠦᠬᠦ ᠲᠠᠯ᠎ᠠ ᠶᠢᠨ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠴᠡᠭᠴᠡᠯᠡᠨ ᠵᠠᠰᠠᠬᠤ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨᠬᠦ ᠨᠠᠷᠢᠯᠢᠭ ᠪᠣᠳᠠᠲᠠᠢ ᠬᠢᠨ᠂ ᠲᠦᠷᠦᠯ ᠵᠦᠢᠯ ᠤᠨ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠤᠰ ᠰᠦᠯᠵᠢᠶ᠎ᠡ