ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ ︵ᠦᠷᠬᠦᠯᠵᠢᠯᠡᠯ︶
ᠨᠡᠶᠢᠲᠡᠯᠡᠭᠰᠡᠨ ᠴᠠᠭ᠄
2021/5/12
   ︵ᠦᠷᠬᠦᠯᠵᠢᠯᠡᠯ︶      ᠲᠦᠷᠪᠡᠳᠦᠭᠡᠷ ᠭᠡᠰᠡᠭ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠨᠦᠬᠦᠴᠡᠯ ᠪᠠ ᠬᠤᠭᠤᠴᠠᠭ᠎ᠠ ᠳᠠᠭᠠᠯᠳᠤᠭᠤᠯᠬᠤ      ᠵᠠᠭᠤ ᠲᠠᠪᠢᠨ ᠨᠠᠢᠮᠠᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠨᠦᠬᠦᠴᠡᠯ ᠳᠠᠭᠠᠯᠳᠤᠭᠤᠯᠵᠦ ᠪᠤᠯᠤᠨ᠎ᠠ᠂ ᠬᠡᠪᠡᠴᠤ ᠲᠡᠬᠦᠨ ᠤ ᠰᠢᠨᠵᠢ ᠴᠢᠨᠠᠷ ᠢ ᠦᠨᠳᠦᠰᠦᠯᠡᠪᠡᠯ ᠨᠦᠬᠦᠴᠡᠯ ᠳᠠᠭᠠᠯᠳᠤᠭᠤᠯᠵᠤ ᠪᠤᠯᠬᠤ ᠦᠬᠡᠢ ᠨᠢ ᠡᠬᠦᠨ ᠳᠤ ᠪᠠᠭᠳᠠᠬᠤ ᠦᠬᠡᠢ᠃ ᠬᠦᠴᠦᠠ ᠲᠠᠢ ᠪᠤᠯᠬᠤ ᠨᠦᠬᠦᠴᠡᠯ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠨᠦᠬᠦᠴᠡᠯ ᠪᠦᠷᠢᠯᠳᠦᠭᠰᠡᠨ ᠴᠠᠭ ᠠᠴᠠ ᠬᠦᠴᠦᠨ ᠲᠠᠢ ᠪᠤᠯᠤᠨ᠎ᠠ᠃ ᠴᠤᠴᠡᠯᠬᠤ ᠨᠦᠬᠦᠴᠡᠯ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠨᠦᠬᠦᠴᠡᠯ ᠪᠦᠷᠢᠯᠳᠦᠭᠰᠡᠠ ᠴᠠᠬ ᠠᠴᠠ ᠬᠦᠴᠦᠠ ᠤᠢᠭᠡᠢ ᠪᠤᠯᠦᠨ᠎ᠡ᠃     ᠵᠠᠭᠤ ᠲᠠᠪᠢ ᠶᠢᠰᠦᠳᠦᠭᠡᠷ ᠵᠦᠢᠯ ᠨᠦᠬᠦᠴᠡᠯ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ᠂ ᠲᠤᠬᠠᠢ ᠶᠢᠨ ᠬᠦᠮᠦᠨ ᠦᠪᠡᠷ ᠤᠨ ᠠᠰᠢᠭ ᠲᠤᠰᠠ ᠶᠢᠨ ᠢᠶᠠᠨ ᠲᠦᠯᠦᠬᠡ ᠨᠦᠬᠦᠴᠡᠯ ᠪᠦᠷᠢᠯᠳᠦᠬᠦ ᠶᠢ ᠵᠦᠢ ᠪᠤᠰᠦ ᠪᠠᠷ ᠬᠤᠷᠢᠬᠯᠡᠬᠰᠡᠠ ᠪᠠᠶᠢᠪᠡᠯ ᠨᠦᠬᠦᠴᠡᠯ ᠪᠦᠷᠢᠯᠳᠦᠭᠰᠡᠠ ᠢᠶᠠᠷ ᠦᠵᠡᠨ᠎ᠠ︔ ᠨᠦᠬᠦᠴᠡᠯ ᠪᠦᠷᠢᠯᠳᠦᠬᠦ ᠶᠢ ᠵᠦᠢ ᠪᠤᠰᠦ ᠪᠠᠷ ᠠᠬᠢᠭᠤᠯᠦᠬᠰᠡᠠ ᠪᠠᠶᠢᠪᠡᠯ ᠨᠦᠬᠦᠴᠡᠯ ᠦᠯᠦ ᠪᠦᠷᠢᠯᠳᠦᠭᠰᠡᠠ ᠢᠶᠠᠷ ᠦᠵᠡᠨ᠎ᠠ᠃     ᠵᠠᠭᠤ ᠵᠢᠷᠠᠳᠤᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠬᠤᠭᠤᠴᠠᠭ᠎ᠠ ᠳᠠᠭᠠᠯᠳᠤᠭᠤᠯᠵᠦ ᠪᠤᠯᠤᠨ᠎ᠠ᠂ ᠬᠡᠪᠡᠴᠤ ᠲᠡᠬᠦᠨ ᠤ ᠰᠢᠨᠵᠢ ᠴᠢᠨᠠᠷ ᠢ ᠦᠨᠳᠦᠰᠦᠯᠡᠪᠡᠯ ᠬᠤᠭᠤᠴᠠᠭ᠎ᠠ ᠳᠠᠭᠠᠯᠳᠤᠭᠤᠯᠵᠤ ᠪᠤᠯᠬᠤ ᠦᠬᠡᠢ ᠨᠢ ᠡᠬᠦᠨ ᠳᠤ ᠪᠠᠭᠳᠠᠬᠤ ᠦᠬᠡᠢ᠃ ᠬᠦᠴᠦᠠ ᠲᠠᠢ ᠪᠤᠯᠬᠤ ᠬᠤᠭᠤᠴᠠᠭ᠎ᠠ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠤᠭᠤᠴᠠᠭ᠎ᠠ ᠲᠤᠯᠦᠬᠰᠡᠠ ᠴᠠᠬ ᠠᠴᠠ ᠬᠦᠴᠦᠠ ᠲᠠᠢ ᠪᠤᠯᠦᠨ᠎ᠡ᠃ ᠲᠡᠭᠤᠰᠬᠤ ᠬᠤᠭᠤᠴᠠᠭ᠎ᠠ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠤᠭᠤᠴᠠᠭ᠎ᠠ ᠲᠦᠬᠦᠷᠦᠭᠰᠡᠠ ᠴᠠᠬ ᠠᠴᠠ ᠬᠦᠴᠦᠠ ᠤᠢᠭᠡᠢ ᠪᠤᠯᠦᠨ᠎ᠡ᠃     ᠲᠤᠯᠤᠳᠤᠭᠠᠷ ᠪᠦᠯᠦᠭ ᠤᠷᠦᠯᠡᠬᠤ    ᠨᠢᠬᠡᠳᠦᠬᠡᠷ ᠬᠡᠰᠡᠭ ᠡᠩ ᠤᠨ ᠲᠤᠬᠳᠡᠭᠠᠯ      ᠵᠠᠭᠤ ᠵᠢᠷᠠᠠ ᠨᠢᠭᠡᠳᠦᠭᠡᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠤᠷᠤᠯᠠᠭᠴᠢ ᠪᠠᠷ ᠲᠡᠮᠵᠢᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠵᠤ ᠪᠤᠯᠤᠨ᠎ᠠ᠃ ᠬᠠᠤᠯᠢ ᠴᠠᠭᠠᠵᠠ ᠶᠢᠨ ᠲᠤᠭᠳᠠᠭᠠᠯ᠂ ᠲᠤᠬᠠᠢ ᠶᠢᠨ ᠬᠦᠮᠦᠨ ᠤ ᠪᠤᠯᠵᠤᠯ ᠪᠤᠶᠤ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠰᠢᠨᠵᠢ ᠴᠢᠨᠠᠷ ᠶᠤᠰᠤᠭᠠᠷ ᠪᠤᠯ ᠲᠤᠰ ᠬᠦᠮᠦᠨ ᠨᠢ ᠦᠪᠡᠷ ᠢᠶᠠᠨ ᠬᠢᠬᠦ ᠶᠤᠰᠤᠳᠡᠢ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠤᠷᠤᠯᠠᠵᠤ ᠪᠤᠯᠬᠤ ᠦᠬᠡᠢ᠃     ᠵᠠᠭᠤ ᠵᠢᠷᠠᠨ ᠬᠤᠶᠠᠳᠣᠭᠠᠷ ᠵᠦᠢᠯ ᠤᠷᠤᠯᠠᠭᠴᠢ ᠶᠢᠨ ᠤᠷᠤᠯᠠᠬᠤ ᠡᠷᠬᠡ ᠶᠢᠨ ᠬᠡᠪᠴᠢᠶᠡᠨ ᠲᠤᠳᠤᠷ᠎ᠠ ᠪᠠᠨ ᠤᠷᠤᠯᠠᠭᠳᠠᠭᠴᠢ ᠶᠢᠨ ᠨᠡᠷ᠎ᠡ ᠪᠠᠷ ᠭᠢᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠤᠷᠤᠯᠠᠭᠳᠠᠭᠴᠢ ᠳᠤ ᠬᠦᠴᠦᠨ ᠲᠠᠢ ᠪᠤᠯᠤᠨ᠎ᠠ᠃     ᠵᠠᠭᠤ ᠵᠢᠷᠠᠨ ᠭᠤᠷᠪᠠᠳᠣᠭᠠᠷ ᠵᠦᠢᠯ ᠤᠷᠤᠯᠠᠬᠤ ᠳᠤ ᠨᠠᠶᠢᠳᠠᠯᠭ᠎ᠠ ᠪᠠᠷ ᠤᠷᠤᠯᠠᠬᠤ ᠪᠠ ᠬᠠᠤᠯᠢ ᠶᠢᠨ ᠲᠤᠭᠳᠠᠭᠠᠯ ᠢᠶᠠᠷ ᠤᠷᠤᠯᠠᠬᠤ ᠪᠠᠭᠳᠠᠨ᠎ᠠ᠃    ᠨᠠᠶᠢᠳᠠᠯᠭ᠎ᠠ ᠶᠢᠨ ᠤᠷᠤᠯᠠᠭᠴᠢ ᠨᠢ ᠤᠷᠤᠯᠠᠭᠳᠠᠭᠴᠢ ᠶᠢᠨ ᠨᠠᠶᠢᠳᠠᠭᠰᠠᠨ ᠶᠤᠰᠤᠭᠠᠷ ᠤᠷᠤᠯᠠᠬᠤ ᠡᠷᠬᠡ ᠪᠠᠨ ᠬᠡᠷᠡᠭᠵᠢᠭᠦᠯᠦᠨ᠎ᠡ᠃ ᠬᠠᠤᠯᠢ ᠪᠠᠷ ᠲᠤᠭᠳᠠᠭᠠᠭᠰᠠᠨ ᠤᠷᠤᠯᠠᠭᠴᠢ ᠨᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠤᠷᠤᠯᠠᠬᠤ ᠡᠷᠬᠡ ᠪᠠᠨ ᠬᠡᠷᠡᠭᠵᠢᠭᠦᠯᠦᠨ᠎ᠡ᠃     ᠵᠠᠭᠤ ᠵᠢᠷᠠᠨ ᠲᠦᠷᠪᠡᠳᠦᠭᠡᠷ ᠵᠦᠢᠯ ᠤᠷᠤᠯᠠᠭᠴᠢ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠪᠤᠶᠤ ᠪᠦᠷᠢᠨ ᠪᠣᠰᠣ ᠬᠦᠢᠴᠡᠳᠭᠡᠭᠰᠡᠨ ᠠᠴᠠ ᠪᠤᠯᠵᠦ ᠤᠷᠤᠯᠠᠭᠳᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ ᠤᠷᠤᠯᠠᠭᠴᠢ ᠬᠢᠬᠡᠳ ᠬᠠᠷᠢᠴᠠᠩᠭᠤᠢ ᠬᠦᠮᠦᠨ ᠮᠡᠭᠤ ᠰᠡᠨᠠᠭ᠎ᠠ ᠲᠠᠢ ᠪᠠᠷ ᠰᠦᠯᠪᠡᠭᠡᠯᠳᠦᠨ ᠤᠷᠤᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠬᠰᠠᠨ ᠪᠠᠶᠢᠪᠠᠯ᠂ ᠤᠷᠤᠯᠠᠭᠴᠢ ᠬᠢᠬᠡᠳ ᠬᠠᠷᠢᠴᠠᠩᠭᠤᠢ ᠬᠦᠮᠦᠨ ᠬᠤᠯᠪᠤᠯᠳᠤᠭᠰᠠᠨ ᠬᠠᠷᠢᠭᠤᠴᠡᠯᠭ᠎ᠠ ᠡᠭᠦᠷᠭᠡᠯᠡᠬᠦ ᠬᠡᠷᠡᠭᠳᠡᠢ᠃     ᠬᠤᠶᠠᠳᠤᠭᠠᠷ ᠬᠡᠰᠡᠭ ᠨᠠᠶᠢᠳᠠᠯᠭ᠎ᠠ ᠪᠠᠷ ᠣᠷᠤᠯᠠᠬᠤ     ᠵᠠᠭᠤ ᠵᠢᠷᠠᠠ ᠲᠠᠪᠣᠳᠣᠭᠠᠷ ᠵᠦᠢᠯ ᠨᠠᠶᠢᠳᠠᠯᠭ᠎ᠠ ᠪᠠᠷ ᠤᠷᠤᠯᠠᠬᠤ ᠡᠷᠬᠡ ᠤᠯᠭᠤᠬᠤ ᠳᠤ ᠪᠢᠴᠢᠭ ᠤᠨ ᠬᠡᠯᠪᠡᠷᠢ ᠶᠢ ᠬᠡᠷᠡᠭᠯᠡᠬᠦ ᠳᠤ ᠬᠦᠷᠪᠡᠯ᠂ ᠡᠷᠬᠡ ᠤᠯᠭᠤᠬᠤ ᠨᠠᠶᠢᠳᠠᠯᠭ᠎ᠠ ᠶᠢᠨ ᠪᠢᠴᠢᠭ ᠲᠤ ᠤᠷᠤᠯᠠᠭᠴᠢ ᠶᠢᠨ ᠤᠪᠤᠭ ᠨᠡᠷ᠎ᠡ ᠪᠤᠶᠤ ᠨᠡᠷᠡᠶᠢᠳᠦᠯ᠂ ᠤᠷᠤᠯᠠᠬᠤ ᠤᠴᠢᠷ ᠶᠠᠪᠤᠳᠠᠯ᠂ ᠡᠷᠬᠡ ᠶᠢᠨ ᠬᠡᠪᠴᠢᠶ᠎ᠡ ᠪᠤᠯᠤᠨ ᠬᠤᠭᠤᠴᠠᠭ᠎ᠠ ᠶᠢ ᠲᠤᠳᠤᠷᠬᠠᠢ ᠲᠡᠮᠳᠡᠭᠯᠡᠬᠦ ᠶᠢᠨ ᠬᠠᠮᠳᠤ ᠤᠷᠤᠯᠠᠭᠳᠠᠭᠴᠢ ᠭᠠᠷ ᠤᠨ ᠦᠰᠦᠭ ᠵᠢᠷᠤᠬᠤ ᠪᠤᠶᠤ ᠳᠠᠮᠠᠭ᠎ᠠ ᠲᠠᠷᠤᠭᠰᠠᠨ ᠪᠠᠶᠢᠬᠤ ᠬᠡᠷᠡᠭᠳᠠᠢ᠃      ᠵᠠᠭᠤ ᠵᠢᠷᠠᠨ ᠵᠢᠷᠭᠤᠳᠣᠭᠠᠷ ᠵᠦᠢᠯ ᠬᠡᠳᠦᠨ ᠬᠥᠮᠥᠨ ᠮᠦᠨ ᠨᠢᠭᠡ ᠣᠷᠣᠯᠠᠬᠤ ᠤᠴᠢᠷ ᠶᠠᠪᠤᠳᠠᠯ ᠤᠨ ᠤᠷᠤᠯᠠᠭᠴᠢ ᠪᠤᠯᠤᠭᠰᠠᠨ ᠪᠠᠶᠢᠪᠠᠯ᠂ ᠣᠷᠤᠯᠠᠬᠤ ᠡᠷᠬᠡ ᠶᠢ ᠬᠠᠮᠲᠤ ᠪᠠᠷ ᠬᠡᠷᠡᠭᠵᠢᠭᠦᠯᠬᠦ ᠬᠡᠷᠡᠭᠳᠡᠢ᠂ ᠬᠡᠪᠡᠴᠤ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠬᠡᠢ᠃     ᠵᠠᠭᠤ ᠵᠢᠷᠠᠨ ᠲᠣᠯᠣᠳᠣᠭᠠᠷ ᠵᠦᠢᠯ ᠤᠷᠤᠯᠠᠭᠴᠢ ᠨᠢ ᠤᠷᠤᠯᠠᠬᠤ ᠤᠴᠢᠷ ᠶᠠᠪᠤᠳᠠᠯ ᠤᠨ ᠬᠠᠤᠯᠢ ᠠᠴᠠ ᠵᠦᠷᠢᠴᠡᠬᠦ ᠶᠢ ᠮᠡᠳᠡᠬᠦ ᠪᠤᠶᠤ ᠮᠡᠳᠡᠬᠦ ᠶᠤᠰᠤᠳᠡᠢ ᠪᠠᠶᠢᠳᠠᠯ᠎ᠠ ᠪᠠᠨ ᠮᠦᠨ ᠯᠡ ᠤᠷᠤᠯᠠᠬᠤ ᠦᠢᠯᠡ ᠠᠵᠢᠯᠯᠠᠭ᠎ᠠ ᠶᠢ ᠭᠢᠭᠰᠡᠨ᠂ ᠡᠰᠡᠬᠦᠯ᠎ᠡ ᠤᠷᠤᠯᠠᠭᠳᠠᠭᠴᠢ ᠨᠢ ᠤᠷᠤᠯᠠᠭᠴᠢ ᠶᠢᠨ ᠤᠷᠤᠯᠠᠬᠤ ᠦᠢᠯᠡ ᠠᠵᠢᠯᠯᠠᠭ᠎ᠠ ᠶᠢᠨ ᠬᠠᠤᠯᠢ ᠠᠴᠠ ᠵᠦᠷᠢᠴᠡᠬᠦ ᠶᠢ ᠮᠡᠳᠡᠬᠦ ᠪᠤᠶᠤ ᠮᠡᠳᠡᠬᠦ ᠶᠤᠰᠤᠳᠡᠢ ᠪᠠᠶᠢᠳᠠᠯ᠎ᠠ ᠪᠠᠨ ᠡᠰᠡᠷᠭᠦᠴᠡᠬᠦ ᠪᠠᠷ ᠢᠯᠡᠷᠬᠡᠶᠢᠯᠡᠭᠰᠡᠨ ᠦᠭᠡᠢ ᠪᠠᠶᠢᠪᠠᠯ᠂ ᠤᠷᠤᠯᠠᠭᠳᠠᠭᠴᠢ ᠪᠤᠯᠤᠨ ᠤᠷᠤᠯᠠᠭᠴᠢ ᠬᠤᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃     ᠵᠠᠭᠤ ᠵᠢᠷᠠᠨ ᠨᠠᠢᠮᠠᠳᠣᠭᠠᠷ ᠵᠦᠢᠯ ᠣᠷᠣᠯᠠᠭᠴᠢ ᠦᠪᠡᠷ ᠤᠨ ᠪᠡᠶ᠎ᠡ ᠲᠠᠢ ᠪᠠᠨ ᠣᠷᠣᠯᠠᠭᠳᠠᠭᠴᠢ ᠶᠢᠨ ᠨᠠᠷ᠎ᠠ ᠪᠠᠷ ᠢᠷᠬᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠵᠤ ᠪᠤᠯᠬᠤ ᠦᠬᠡᠢ᠂ ᠬᠡᠪᠡᠴᠤ ᠣᠷᠣᠯᠠᠭᠳᠠᠭᠴᠢ ᠶᠢᠨ ᠵᠦᠪᠰᠢᠶᠡᠷᠡᠭᠰᠡᠨ ᠪᠣᠶᠣ ᠨᠡᠭᠡᠮᠵᠢᠯᠡᠠ ᠵᠦᠪᠰᠢᠶᠡᠷᠡᠭᠰᠡᠠ ᠨᠢ ᠡᠬᠦᠨ ᠳᠤ ᠪᠠᠭᠳᠠᠬᠤ ᠦᠬᠡᠢ ᠃    ᠣᠷᠣᠯᠠᠭᠴᠢ ᠦᠪᠡᠷ ᠤᠨ ᠵᠡᠷᠭᠡ ᠪᠠᠷ ᠤᠷᠤᠯᠠᠵᠤ ᠪᠠᠶᠢᠭ᠎ᠠ ᠪᠤᠰᠤᠳ ᠬᠦᠮᠦᠨ ᠲᠠᠢ ᠤᠷᠤᠯᠠᠭᠳᠠᠭᠴᠢ ᠶᠢᠨ ᠨᠡᠷ᠎ᠡ ᠪᠠᠷ ᠢᠷᠬᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠵᠤ ᠪᠤᠯᠬᠤ ᠦᠬᠡᠢ᠂ ᠬᠡᠪᠡᠴᠤ ᠣᠷᠣᠯᠠᠭᠳᠠᠵᠦ ᠪᠠᠶᠢᠭ᠎ᠠ ᠬᠤᠶᠠᠷ ᠲᠠᠯ᠎ᠠ ᠶᠢᠨ ᠵᠦᠪᠰᠢᠶᠡᠷᠡᠭᠰᠡᠨ ᠪᠣᠶᠣ ᠨᠡᠭᠡᠮᠵᠢᠯᠡᠠ ᠵᠦᠪᠰᠢᠶᠡᠷᠡᠭᠰᠡᠠ ᠨᠢ ᠡᠬᠦᠨ ᠳᠤ ᠪᠠᠭᠳᠠᠬᠤ ᠦᠬᠡᠢ᠃     ᠵᠠᠭᠤ ᠵᠢᠷᠠ ᠶᠢᠰᠦᠳᠦᠭᠡᠷ ᠵᠦᠢᠯ ᠤᠷᠤᠯᠠᠭᠴᠢ ᠭᠤᠷᠪᠡᠳᠠᠬᠢ ᠬᠦᠮᠦᠨ ᠳᠤ ᠰᠢᠯᠵᠢᠬᠦᠯᠦᠨ ᠨᠠᠶᠢᠳᠠᠵᠤ ᠤᠷᠤᠯᠠᠭᠤᠯᠬᠤ ᠴᠢᠬᠤᠯᠠᠳᠡᠢ ᠪᠠᠶᠢᠪᠠᠯ ᠂ ᠣᠷᠣᠯᠠᠭᠳᠠᠭᠴᠢ ᠪᠠᠷ ᠵᠦᠪᠰᠢᠶᠡᠷᠡᠬᠦᠯᠬᠦ ᠪᠤᠶᠤ ᠨᠡᠭᠡᠮᠵᠢᠯᠡᠨ ᠵᠦᠪᠰᠢᠶᠡᠷᠡᠬᠦᠯᠬᠦ ᠬᠡᠷᠡᠭᠳᠡᠢ᠃   ᠰᠢᠯᠵᠢᠬᠦᠯᠤᠨ ᠨᠠᠶᠢᠳᠠᠵᠤ ᠤᠷᠤᠯᠠᠭᠤᠯᠬᠤ ᠶᠢ ᠤᠷᠤᠯᠠᠭᠳᠠᠭᠴᠢ ᠪᠠᠷ ᠵᠦᠪᠰᠢᠶᠡᠷᠡᠬᠦᠯᠦᠭᠰᠡᠠ ᠪᠤᠶᠤ ᠨᠡᠭᠡᠮᠵᠢᠯᠡᠨ ᠵᠦᠪᠰᠢᠶᠡᠷᠡᠬᠦᠯᠦᠭᠰᠡᠡ ᠪᠠᠶᠢᠪᠡᠯ᠂ ᠤᠷᠤᠯᠠᠭᠳᠠᠭᠴᠢ ᠨᠢ ᠰᠢᠯᠵᠢᠬᠦᠯᠦᠠ ᠨᠠᠶᠢᠳᠠᠭᠰᠠᠠ ᠭᠤᠷᠪᠡᠳᠡᠬᠢ ᠬᠦᠮᠦᠠ ᠳᠤ ᠤᠷᠤᠯᠠᠭᠰᠠᠨ ᠤᠴᠢᠷ ᠶᠡᠪᠦᠳᠡᠯ ᠤᠨ ᠲᠤᠬᠠᠢ ᠰᠢᠭᠤᠦᠠ ᠵᠢᠭᠠᠪᠦᠷᠢ ᠤᠢᠭ᠍ᠴᠦ ᠪᠤᠯᠦᠨ᠎ᠡ᠂ ᠤᠷᠤᠯᠠᠭᠴᠢ ᠨᠢ ᠵᠦᠪᠭᠡᠠ ᠭᠤᠷᠪᠡᠳᠡᠬᠢ ᠬᠦᠮᠦᠠ ᠢ ᠰᠤᠩᠭᠤᠨ ᠬᠡᠷᠡᠭᠯᠡᠭᠰᠡᠡ ᠶᠡᠪᠦᠳᠡᠯ ᠵᠢᠴᠢ ᠭᠤᠷᠪᠡᠳᠡᠬᠢ ᠬᠦᠮᠦᠠ ᠳᠤ ᠪᠡᠭᠤᠯᠭᠠᠬᠰᠡᠡ ᠵᠢᠭᠠᠪᠦᠷᠢ ᠳᠠᠭᠠᠨ ᠬᠠᠷᠢᠭᠤᠴᠡᠯᠭ᠎ᠠ ᠡᠬᠦᠷᠭᠡᠯᠡᠨ᠎ᠡ᠃   ᠰᠢᠯᠵᠢᠬᠦᠯᠤᠨ ᠨᠡᠶᠢᠳᠡᠵᠤ ᠤᠷᠤᠯᠠᠭᠤᠯᠬᠤ ᠶᠢ ᠤᠷᠤᠯᠠᠭᠳᠠᠭᠴᠢ ᠪᠠᠷ ᠵᠦᠪᠰᠢᠶᠡᠷᠡᠬᠦᠯᠦᠭᠰᠡᠠ ᠤᠢᠭᠡᠢ ᠪᠤᠶᠤ ᠨᠡᠭᠡᠮᠵᠢᠯᠡᠨ ᠵᠦᠪᠰᠢᠶᠡᠷᠡᠬᠦᠯᠦᠭᠰᠡᠡ ᠦᠭᠡᠢ ᠪᠠᠶᠢᠪᠡᠯ᠂ ᠤᠷᠤᠯᠠᠭᠴᠢ ᠨᠢ ᠰᠢᠯᠵᠢᠬᠦᠯᠦᠠ ᠨᠠᠶᠢᠳᠠᠭᠰᠠᠠ ᠭᠤᠷᠪᠡᠳᠡᠬᠢ ᠬᠦᠮᠦᠠ ᠤ ᠤᠢᠢᠯᠠ ᠠᠵᠢᠯᠯᠠᠭ᠎ᠠ ᠳᠤ ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ︔ ᠭᠡᠪᠡᠴᠦ ᠪᠡᠴᠢᠮ ᠪᠠᠶᠢᠳᠡᠯ ᠤᠨ ᠲᠤᠤᠷ᠎ᠠ ᠤᠷᠤᠯᠠᠭᠴᠢ ᠨᠢ ᠤᠷᠤᠯᠠᠭᠳᠠᠭᠴᠢ ᠶᠢᠨ ᠠᠰᠢᠬ ᠲᠤᠰᠠ ᠶᠢ ᠬᠠᠮᠡᠭᠠᠯᠡᠬᠤ ᠭᠡᠷᠡᠭᠴᠡᠭᠡ ᠠᠴᠠ ᠪᠤᠯᠵᠦ ᠭᠤᠷᠪᠠᠳᠠᠬᠢ ᠬᠦᠮᠤᠨ ᠳᠤ ᠰᠢᠯᠵᠢᠬᠦᠯᠦᠠ ᠨᠡᠶᠢᠳᠡᠵᠤ ᠤᠷᠤᠯᠠᠭᠤᠯᠤᠭᠰᠠᠠ ᠨᠢ ᠡᠬᠦᠠ ᠳᠤ ᠪᠠᠭᠳᠡᠬᠤ ᠤᠢᠭᠡᠢ᠃     ᠵᠡᠭᠤ ᠳᠠᠯᠨᠳᠣᠭᠠᠷ ᠵᠦᠢᠯ ᠬᠠᠦᠯᠢ ᠶᠢᠨ ᠬᠦᠮᠦᠠ ᠪᠤᠶᠦ ᠬᠠᠦᠯᠢ ᠶᠢᠨ ᠬᠦᠮᠦᠠ ᠪᠤᠰᠤ ᠵᠤᠬᠢᠶᠠᠨ ᠪᠠᠶᠢᠭᠤᠯᠤᠯᠳᠠ ᠶᠢᠨ ᠠᠵᠢᠯ ᠤᠨ ᠡᠬᠦᠷᠭᠡ ᠶᠢ ᠬᠦᠢᠴᠡᠳᠭᠡᠭᠦ ᠠᠵᠢᠯᠳᠠᠨ ᠡᠷᠭᠡ ᠲᠣᠰᠢᠶᠠᠯ ᠤᠨ ᠢᠶᠠᠨ ᠬᠡᠪᠴᠢᠶᠠᠨ ᠳᠠᠬᠢ ᠣᠴᠢᠷ ᠶᠠᠪᠣᠳᠠᠯ ᠢᠶᠠᠷ᠂ ᠬᠠᠤᠯᠢ ᠶᠢᠨ ᠬᠦᠮᠤᠨ ᠪᠤᠶᠤ ᠬᠠᠤᠯᠢ ᠶᠢᠨ ᠬᠦᠮᠤᠨ ᠪᠤᠰᠤ ᠵᠤᠬᠢᠶᠠᠠ ᠪᠠᠶᠢᠭᠤᠯᠤᠯᠳᠠ ᠶᠢᠨ ᠨᠡᠷ᠎ᠠ ᠪᠠᠷ ᠬᠢᠭᠰᠡᠨ ᠢᠷᠭᠡᠨ ᠤ ᠭᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠬᠠᠤᠯᠢ ᠶᠢᠨ ᠬᠦᠮᠤᠨ ᠪᠤᠶᠤ ᠬᠠᠤᠯᠢ ᠶᠢᠨ ᠬᠦᠮᠤᠨ ᠪᠤᠰᠤ ᠵᠤᠬᠢᠶᠠᠨ ᠪᠠᠶᠢᠭᠤᠯᠤᠯᠳᠠ ᠳᠤ ᠬᠦᠴᠤᠨ ᠲᠠᠢ ᠪᠤᠯᠤᠨ᠎ᠠ᠃ ᠬᠠᠤᠯᠢ ᠶᠢᠨ ᠬᠦᠮᠤᠨ ᠪᠤᠶᠤ ᠬᠠᠤᠯᠢ ᠶᠢᠨ ᠬᠦᠮᠤᠨ ᠪᠤᠰᠤ ᠵᠤᠬᠢᠶᠠᠨ ᠪᠠᠶᠢᠭᠤᠯᠤᠯᠳᠠ ᠶᠢᠨ ᠳᠡᠬᠦᠨ ᠤ ᠠᠵᠢᠯ ᠤᠨ ᠡᠬᠦᠷᠭᠡ ᠶᠢ ᠬᠦᠢᠴᠡᠳᠭᠡᠬᠦ ᠠᠵᠢᠯᠳᠠᠨ ᠤ ᠡᠷᠭᠡ ᠳᠤᠰᠢᠶᠠᠯ ᠤᠨ ᠭᠡᠪᠴᠢᠶ᠎ᠠ ᠶᠢᠨ ᠲᠤᠬᠠᠢ ᠬᠢᠵᠠᠭᠠᠷᠯᠠᠯ ᠨᠢ ᠰᠡᠶᠢᠠ ᠰᠡᠨᠡᠭᠠᠳᠤ ᠬᠠᠷᠢᠴᠠᠩᠭᠤᠢ ᠬᠦᠮᠤᠨ ᠲᠠᠢ ᠡᠰᠡᠷᠬᠦᠴᠡᠯᠳᠦᠵᠦ ᠪᠤᠯᠬᠤ ᠤᠢᠭᠡᠢ᠃ ︵ᠦᠷᠭᠦᠯᠵᠢᠯᠡᠯ ᠪᠤᠢ︶
ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ