ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ  ᠳᠤᠪᠴᠢᠶᠠᠨ ᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/5/14
          ᠤᠳᠤᠷᠢᠳᠬᠤ ᠪᠠᠭ               ᠴᠢᠨ ᠶᠦᠩ ᠫᠢᠩ             ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ            ᠸᠠᠩ ᠶᠠᠨ ᠯᠢ                ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ   ︵ᠲᠤᠰᠢᠶᠠᠯ ᠡᠭᠦᠷᠭᠡᠯᠡᠪᠡ︶               ᠸᠠᠩ  ᠲᠢᠶᠧ ᠵᠢᠶᠦ᠋ᠨ          ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ               ᠵᠠᠩ ᠯᠤ᠋   ᠢ                ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ               ᠭᠦᠸᠧ ᠢᠦᠶ ᠰᠢᠶᠠᠩ           ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ               ᠯᠧᠢ ᠶᠦᠩ ᠰᠢᠶᠠ             ᠨᠠᠮ ᠤᠨ ᠬᠤᠷᠢᠶᠠᠨ ᠤ ᠭᠡᠰᠢᠭᠦᠨ᠂ ᠶᠡᠷᠦᠩᠬᠡᠶ ᠨᠢᠭᠲᠠᠯᠠᠨ ᠪᠣᠳᠣᠭᠴᠢ               ᠦ᠋ ᠭᠠᠢ ᠰᠢᠶᠠᠩ              ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ   ᠳᠤᠭᠤᠶᠢᠯᠠᠩ ᠤᠨ ᠳᠠᠷᠤᠭ᠎ᠠ           ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ  ᠳᠤᠪᠴᠢᠶᠠᠨ ᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ  ᠳᠤᠪᠴᠢᠶᠠᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄           ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃           ︵ᠬᠤᠶᠠᠷ︶ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠥᠬᠦᠢ ᠭᠠᠶᠢᠯᠢ  ᠶᠢᠨ ᠪᠤᠰᠤ ᠣᠷᠣᠯᠭ᠎ᠠ  ᠶᠢᠨ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ  ᠵᠢᠷᠤᠮᠵᠢᠭᠰᠠᠨ  ᠪᠢᠴᠢᠭ  ᠮᠠᠲ᠋ᠧᠷᠢᠶᠠᠯ  ᠢ ᠲᠤᠤᠱᠯᠠᠭᠤᠯᠤᠨ ᠬᠡᠷᠡᠭᠵᠢᠭᠦᠯᠬᠦ  ᠶᠢ ᠬᠠᠷᠢᠭᠤᠴᠠᠵᠤ᠂ ᠪᠣᠳᠠᠲᠠᠶ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠨ᠎ᠠ᠃ ᠤᠯᠤᠰ ᠠᠴᠠ ᠲᠣᠭᠲᠠᠭᠠᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃           ︵ᠭᠤᠷᠪᠠ︶ ᠲᠤᠰ  ᠳᠤᠪᠴᠢᠶᠠᠨ ᠤ ᠭᠠᠶᠢᠯᠢ ᠲᠠᠲᠠᠪᠤᠷᠢ᠂ ᠨᠡᠶᠢᠭᠡᠮ  ᠤᠨ ᠳᠠᠭᠠᠳᠬᠠᠯ  ᠤᠨ ᠵᠠᠷᠤᠳᠠᠯ ᠪᠣᠯᠤᠨ ᠬᠤᠯᠪᠣᠭᠳᠠᠯ ᠪᠥᠬᠦᠢ ᠭᠠᠶᠢᠯᠢ ᠶᠢᠨ ᠪᠤᠰᠤ ᠣᠷᠣᠯᠭ᠎ᠠ ᠶᠢᠨ ᠤᠷᠲᠤᠪᠲᠤᠷ ᠪᠠ ᠤᠷᠳᠤ ᠬᠤᠭᠤᠴᠠᠭᠠᠨ  ᠤ ᠲᠥᠯᠥᠪᠵᠢᠭᠦᠯᠭᠡ ᠶᠢ ᠬᠠᠷᠢᠭᠤᠴᠠᠨ ᠰᠤᠳᠤᠯᠤᠨ ᠲᠣᠭᠲᠠᠭᠠᠵᠤ᠂ ᠭᠠᠶᠢᠯᠢ ᠲᠠᠲᠠᠪᠤᠷᠢ᠂ ᠨᠡᠶᠢᠭᠡᠮ  ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠥᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠰᠦᠪ  ᠤᠨ ᠬᠠᠷᠠᠯᠲᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠰ  ᠳᠤᠪᠴᠢᠶᠠᠨ ᠤ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠨᠢᠭᠡᠳᠦᠯᠲᠡᠶ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠣᠷᠣᠯᠭ᠎ᠠ ᠶᠢᠨ  ᠵᠠᠳᠠᠯᠤᠨ  ᠳᠦᠰᠦᠬᠡᠯᠡᠬᠦ   ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃           ︵ᠳᠥᠷᠪᠡ︶ ᠭᠠᠶᠢᠯᠢ ᠲᠠᠲᠠᠪᠤᠷᠢ ᠶᠢᠨ ᠠᠵᠤ ᠠᠬᠤᠶ ᠶᠢᠨ ᠵᠠᠳᠠᠯᠤᠯᠲᠠ ᠪᠠ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ  ᠨᠦᠯᠦᠭᠡᠯᠡᠯ ᠤᠨ ᠵᠠᠳᠠᠯᠤᠯᠲᠠ ᠬᠢᠬᠦ ᠶᠢ ᠬᠠᠷᠢᠭᠤᠴᠠᠨ ᠥᠷᠨᠢᠭᠦᠯᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ  ᠳᠤᠪᠴᠢᠶᠠᠨ ᠤ ᠣᠷᠳᠣᠰ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠢᠳᠪᠦᠷᠢᠲᠤ ᠪᠣᠳᠣᠯᠭ᠎ᠠ ᠶᠢᠨ ᠯᠠᠪᠯᠠᠯᠲᠠ ᠬᠠᠩᠭᠠᠨ᠎ᠠ᠃           ︵ᠲᠠᠪᠤ︶  ᠬᠠᠷᠢᠶᠠᠲᠤ ᠣᠷᠣᠨ ᠤ ᠪᠠᠨ ᠳᠣᠲᠣᠷᠠᠬᠢ ᠡᠯ᠎ᠡ ᠵᠤᠶᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠥᠬᠦᠶ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ︵ᠰᠦᠢᠳᠬᠡᠯ︶ ᠶᠢᠨ ᠢᠷᠡᠯᠳᠡ ᠶᠢ ᠬᠢᠨᠠᠨ  ᠡᠵᠡᠮᠰᠢᠬᠦ  ᠪᠠ ᠲᠦᠭᠰᠢᠭᠦᠷᠢ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠮᠤ ᠠᠵᠤ ᠠᠬᠤᠶᠢᠯᠠᠯ ᠪᠠ ᠪᠠᠶᠢᠭᠠᠯᠢ ᠬᠥᠮᠦᠨ ᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃           ︵ᠵᠢᠷᠭᠤᠭ᠎ᠠ︶ ᠲᠣᠰ  ᠳᠤᠪᠴᠢᠶᠠᠨ ᠤ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ    ᠰᠦᠢᠳᠬᠡᠯ ᠪᠠ ᠬᠤᠯᠪᠣᠭᠳᠠᠯ ᠪᠥᠬᠦᠶ ᠭᠠᠶᠢᠯᠢ ᠶᠢᠨ ᠪᠤᠰᠤ ᠣᠷᠣᠯᠭ᠎ᠠ ᠶᠢᠨ  ᠦᠢᠯᠡᠴᠢᠯᠡᠭᠡᠨ ᠤ  ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠠᠶᠢᠯᠢ ᠲᠤᠰᠢᠶᠠᠬᠤ ᠦᠢᠯᠡᠴᠢᠯᠡᠭᠡ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠬᠤᠯᠪᠣᠭᠳᠠᠯ ᠪᠥᠬᠦᠶ ᠭᠠᠶᠢᠯᠢ ᠶᠢᠨ ᠪᠤᠰᠤ ᠣᠷᠣᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ  ᠰᠢᠢᠳᠬᠡᠯ ᠤᠨ  ᠭᠡᠷᠡᠴᠢᠯᠡᠯᠲᠡ  ᠰᠣᠨᠣᠰᠬᠤ᠂ ᠵᠠᠰᠠᠭ  ᠵᠠᠬᠢᠷᠭ᠎ᠠ  ᠪᠠᠷ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ  ᠵᠦᠢᠯᠡᠰ  ᠢ ᠡᠭᠦᠷᠭᠡᠯᠡᠨ᠎ᠡ᠃           ︵ᠲᠤᠯᠤᠭ᠎ᠠ︶  ᠬᠠᠷᠢᠶᠠᠲᠤ ᠣᠷᠣᠨ  ᠤ ᠪᠠᠨ ᠳᠣᠲᠣᠷᠠᠬᠢ ᠤᠯᠤᠰ ᠤᠨ ᠬᠤᠭᠤᠷᠣᠨᠳᠣᠬᠢ ᠭᠠᠶᠢᠯᠢ ᠲᠠᠲᠠᠪᠤᠷᠢ ᠪᠣᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠪᠠᠶᠢᠴᠠᠭᠠᠯᠲᠠ ᠪᠣᠯᠤᠨ ᠭᠠᠳᠠᠭᠠᠳᠤ  ᠭᠠᠷᠭᠠᠯᠲᠠ  ᠶᠢᠨ ᠭᠠᠶᠢᠯᠢ ᠶᠢ ᠪᠤᠴᠠᠭᠠᠬᠤ ᠶᠠᠪᠤᠳᠠᠯ  ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ᠃           ︵ᠨᠠᠢᠮᠠ︶ ᠥᠷᠳᠡᠭ ᠨᠡᠮᠡᠭᠳᠡᠯ  ᠤᠨ ᠭᠠᠶᠢᠯᠢ ᠶᠢᠨ ᠲᠤᠰᠬᠠᠶ ᠪᠠᠷᠢᠮᠲᠠ᠂ ᠡᠩ ᠤᠨ ᠪᠠᠷᠢᠮᠲᠠ ᠪᠣᠯᠤᠨ ᠪᠤᠰᠤᠳ ᠡᠯ᠎ᠡ ᠲᠥᠷᠥᠯ ᠤᠨ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ  ᠪᠠᠷᠢᠮᠲᠠ ᠲᠡᠮᠳᠡᠭ ᠤᠨ ᠬᠠᠮᠢᠶᠠᠷᠤᠯᠲᠠ ᠶᠢ ᠬᠠᠷᠢᠭᠤᠴᠠᠨ᠎ᠠ᠃           ︵ᠶᠢᠰᠦ︶ ᠲᠣᠰ  ᠳᠤᠪᠴᠢᠶᠠᠨ ᠤ  ᠪᠠᠨ ᠡᠯ᠎ᠡ ᠵᠤᠶᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠬᠤᠯᠪᠣᠭᠳᠠᠯ ᠪᠥᠬᠦᠶ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃           ︵ᠠᠷᠪᠠ︶ ᠲᠣᠰ  ᠳᠤᠪᠴᠢᠶᠠᠨ ᠤ  ᠪᠠᠨ ᠳᠣᠲᠣᠭᠠᠳᠤ ᠶᠢᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠲᠣᠰ  ᠳᠤᠪᠴᠢᠶᠠᠨ ᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠵᠢᠴᠢ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠢ  ᠰᠢᠪᠠᠳᠠᠨ  ᠪᠠᠶᠢᠴᠠᠭᠠᠵᠤ  ᠰᠢᠪᠠᠳᠠᠨ   ᠭᠦᠢᠴᠡᠳᠬᠡᠬᠦ ᠶᠢ ᠥᠷᠨᠢᠭᠦᠯᠵᠦ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢ ᠬᠢᠨᠠᠨ  ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃           ︵ᠠᠷᠪᠠᠨ ᠨᠢᠭᠡ︶ ᠲᠤᠰ ᠲᠣᠪᠴᠢᠶᠠᠨ  ᠤ ᠦᠨᠳᠦᠰᠦᠨ ᠱᠠᠲᠤᠨ  ᠤ ᠪᠠᠶᠢᠭᠤᠯᠤᠯᠲᠠ ᠪᠣᠯᠤᠨ ᠺᠠᠳ᠋ᠷ᠟  ᠤᠨ ᠡᠩᠨᠡᠭᠡᠨ  ᠤ ᠪᠠᠶᠢᠭᠤᠯᠤᠯᠲᠠ ᠶᠢᠨ ᠠᠵᠢᠯ  ᠢ ᠬᠠᠷᠢᠭᠤᠴᠠᠵᠤ᠂ ᠤᠳᠤᠷᠢᠳᠬᠤ ᠪᠠᠭ ᠪᠣᠯᠤᠨ ᠪᠡᠯᠡᠳᠬᠡᠯ  ᠺᠠᠳ᠋ᠷ ᠤᠨ ᠡᠩᠨᠡᠭᠡᠨ  ᠤ ᠪᠠᠶᠢᠭᠤᠯᠤᠯᠲᠠ ᠶᠢ ᠴᠢᠩᠭᠠᠳᠬᠠᠨ᠂ ᠭᠠᠶᠢᠯᠢ ᠶᠢᠨ ᠶᠠᠪᠤᠳᠠᠯ ᠤᠨ ᠴᠢᠳᠠᠪᠤᠷᠢᠲᠠᠨ ᠬᠥᠮᠦᠵᠢᠭᠦᠯᠬᠦ ᠪᠠ  ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠲᠤᠰ  ᠳᠤᠪᠴᠢᠶᠠᠨ ᠤ  ᠪᠠᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃           ︵ᠠᠷᠪᠠᠨ ᠬᠤᠶᠠᠷ︶ ᠲᠣᠰ  ᠳᠤᠪᠴᠢᠶᠠᠨ ᠤ  ᠪᠠᠨ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃           ︵ᠠᠷᠪᠠᠨ ᠭᠤᠷᠪᠠ︶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠳᠤᠪᠴᠢᠶᠠᠨ ᠤ ᠣᠷᠳᠣᠰ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃              ᠬᠠᠷᠢᠯᠴᠠᠬᠤ ᠬᠠᠶ᠋ᠢᠭ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠠᠭᠠᠨᠮᠦ᠋ᠷᠡᠨ ᠵᠡᠭᠡᠯᠢ ᠬᠢᠭᠡᠳ  ᠬᠤ᠋ ᠪᠢᠨ ᠵᠠᠮ ᠤᠨ ᠠᠭᠤᠯᠵᠠᠷ ᠠᠴᠠ ᠪᠠᠷᠠᠭᠤᠨ ᠡᠮᠦᠨᠡᠰᠢ 150 ᠮᠧᠲᠷ           ᠠᠵᠢᠯᠯᠠᠬᠤ ᠴᠠᠭ᠄ ᠠᠵᠢᠯᠯᠠᠬᠤ ᠡᠳᠦᠷ᠂ ᠦᠳᠡ ᠶᠢᠨ ᠡᠮᠦᠨᠡᠬᠢ 9᠄ 00 — 12᠄ 00 ᠦᠳᠡ ᠶᠢᠨ ᠬᠤᠶᠢᠨᠠᠬᠢ 14᠄ 00 — 17᠄ 30           ᠬᠠᠷᠢᠯᠴᠠᠬᠤ ᠤᠲᠠᠰᠤ᠄ 0477 — 8397658  
ᠢᠷᠡᠯᠲᠡ᠄ ᠲᠤᠰ ᠰᠦᠯᠵᠢᠶ᠎ᠡ