| | | | | | ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠠᠷᠢᠶᠠᠳᠦ ᠣᠷᠣᠨ ᠤ ᠶᠡᠷᠦᠩᠬᠡᠢ ᠲᠠᠯᠠᠪᠠᠢ ᠨᠢ 185.27 ᠲᠡᠭᠰᠢ ᠳᠥᠷᠪᠡᠯᠵᠢᠨ ᠺᠢᠯᠤᠮᠧᠲᠷ᠂ ᠬᠠᠷᠢᠶᠠᠨ ᠳᠤ | ᠰᠢᠨ ᠪᠧᠢ ᠨᠡᠶᠢᠭᠡᠮ ᠲᠣᠭᠤᠷᠢᠭ᠂ ᠳᠠᠷᠬᠠᠨ ᠨᠡᠶᠢᠭᠡᠮ ᠲᠣᠭᠤᠷᠢᠭ᠂ ᠬᠢᠶ᠎ᠠ ᠪᠠᠭᠰᠢ ᠨᠡᠶᠢᠭᠡᠮ ᠲᠣᠭᠤᠷᠢᠭ ᠵᠡᠷᠭᠡ ᠭᠤᠷᠪᠠᠨ ᠨᠡᠶᠢᠭᠡᠮ ᠲᠣᠭᠤᠷᠢᠭ ᠲᠠᠢ᠂ ᠬᠢᠶ᠎ᠠ ᠪᠠᠭᠰᠢ | ᠵᠡᠭᠡᠯᠢ ᠭᠤᠳᠤᠮᠵᠢ 10 ᠰᠠᠭᠤᠭᠠᠯᠢ ᠠᠷᠠᠳ ᠤᠨ ᠲᠣᠭᠤᠷᠢᠭ ᠲᠤ ᠦᠢᠯᠡᠴᠢᠯᠡᠨ ᠬᠠᠮᠢᠶᠠᠷᠴᠤ᠂ ᠬᠠᠷᠢᠶ᠎ᠠ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ | 11575 ᠬᠥᠮᠦᠨ᠂ ᠨᠡᠭᠦᠳᠡᠯ ᠬᠥᠮᠦᠨ ᠠᠮᠠ ᠪᠠᠷᠤᠭ 5000 ᠬᠥᠮᠦᠨ᠂ ᠦᠢᠯᠡᠴᠢᠯᠡᠵᠦ ᠪᠠᠶᠢᠭ᠎ᠠ ᠶᠡᠷᠦᠩᠬᠡᠢ ᠬᠥᠮᠦᠨ ᠠᠮᠠ ᠪᠠᠷᠤᠭ 1.7 ᠲᠦᠮᠡᠨ ᠬᠥᠮᠦᠨ | ᠪᠤᠢ᠃ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ ᠠᠮᠢ ᠠᠬᠤᠶ ᠶᠢᠨ ᠨᠡᠭᠦᠳᠡᠯᠯᠡᠬᠦ ᠠᠵᠢᠯ ᠢ ᠬᠡᠷᠡᠭᠵᠢᠭᠦᠯᠬᠦ ᠪᠠᠷ ᠳᠠᠮᠵᠢᠨ᠂ ᠤᠢᠢᠷ᠎ᠠ ᠶᠢᠨ ᠵᠢᠯ ᠤᠳ ᠲᠤ | ᠂ ᠬᠥᠳᠡᠭᠡ ᠲᠣᠰᠬᠤᠨ ᠤ ᠬᠥᠮᠦᠨ ᠠᠮᠠ ᠶᠢ ᠨᠡᠶᠢᠳᠡ 3653 ᠡᠷᠦᠬᠡ 8013 ᠬᠦᠮᠦᠨ ᠰᠢᠯᠵᠢᠭᠦᠯᠵᠦ᠂ ᠡᠭᠦᠨ ᠤ ᠳᠣᠲᠣᠷ᠎ᠠ ᠭᠠᠵᠠᠷ ᠰᠢᠷᠣᠶ ᠳᠠᠳᠠᠪᠤᠷᠢᠯᠠᠭᠰᠠᠨ | ᠨᠡᠭᠦᠳᠡᠯᠴᠢᠨ 2047 ᠡᠷᠦᠬᠡ 4320 ᠬᠥᠮᠦᠨ᠂ ᠠᠮᠢ ᠠᠬᠤᠶ ᠶᠢᠨ ᠨᠡᠭᠦᠳᠡᠯᠴᠢᠨ 1606 ᠡᠷᠦᠬᠡ 3693 ᠬᠥᠮᠦᠨ᠂ ᠪᠦᠬᠦ ᠡᠷᠦᠬᠡ ᠠᠮᠠ ᠶᠢᠨ ᠬᠠᠷᠢᠶ᠎ᠠ ᠲᠠᠢ | ᠬᠥᠮᠦᠨ ᠠᠮᠠ ᠶᠢᠨ 98 % ᠶᠢ ᠡᠵᠡᠯᠡᠨ᠎ᠡ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ 12 ᠨᠠᠮ ᠤᠨ ᠵᠣᠬᠢᠶᠠᠨ ᠪᠠᠶᠢᠭᠤᠯᠤᠯᠲᠠ ᠲᠠᠢ᠂ ᠰᠢᠭᠤᠳ | ᠬᠠᠮᠢᠶᠠᠷᠬᠤ ᠨᠠᠮ ᠤᠨ ᠭᠡᠰᠢᠭᠦᠨ ᠨᠡᠶᠢᠳᠡ 246 ᠬᠥᠮᠦᠨ ᠪᠤᠢ᠃ ᠬᠢᠶ᠎ᠠ ᠪᠠᠭᠰᠢ ᠵᠡᠭᠡᠯᠢ ᠭᠤᠳᠤᠮᠵᠢ ᠨᠢ ᠬᠢᠶ᠎ᠠ ᠪᠠᠭᠰᠢ ᠲᠣᠭᠤᠷᠢᠭ ᠤᠨ ᠲᠣᠮᠢᠯᠠᠭᠰᠠᠨ ᠪᠠᠶᠢᠭᠤᠯᠭ᠎ᠠ | ᠪᠣᠯᠤᠭᠰᠠᠨ ᠤ ᠬᠤᠪᠢ ᠳᠤ᠂ ᠭᠤᠣᠯ ᠲᠤᠰᠢᠶᠠᠯ ᠬᠠᠷᠢᠭᠤᠴᠠᠯᠭ᠎ᠠ ᠪᠣᠯ᠄ ᠲᠣᠭᠤᠷᠢᠭ ᠤᠨ ᠨᠠᠮ ᠤᠨ ᠬᠤᠷᠢᠶᠠᠨ ᠤ ᠡᠷᠬᠡ ᠣᠯᠭᠤᠯᠲᠠ ᠶᠢ ᠦᠨᠳᠦᠰᠦᠯᠡᠨ᠂ ᠵᠡᠭᠡᠯᠢ | ᠭᠤᠳᠤᠮᠵᠢ ᠶᠢᠨ ᠬᠠᠷᠢᠶᠠᠨ ᠤ ᠤᠯᠤᠰ ᠲᠦᠷᠦ᠂ ᠠᠵᠤ ᠠᠬᠤᠶ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠪᠠ ᠨᠠᠮ ᠤᠨ ᠪᠠᠶᠢᠭᠤᠯᠤᠯᠲᠠ ᠵᠡᠷᠭᠡ ᠠᠵᠢᠯ ᠢ | ᠬᠠᠷᠢᠭᠤᠴᠠᠨ᠎ᠠ᠃ ᠬᠠᠤᠯᠢ ᠲᠣᠭᠲᠠᠭᠠᠯ ᠢ ᠦᠨᠳᠦᠰᠦᠯᠡᠨ᠂ ᠵᠣᠬᠢᠴᠠᠩᠭᠤᠶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠢᠶᠠᠨ ᠬᠦᠢᠴᠡᠳᠭᠡᠵᠦ᠂ | ᠣᠳᠣ ᠵᠡᠭᠡᠯᠢ ᠭᠤᠳᠤᠮᠵᠢ ᠳᠤ ᠨᠡᠶᠢᠲᠡ 70 ᠺᠠᠳ᠋ᠷ ᠠᠵᠢᠯᠲᠠᠨ ᠠᠵᠢᠯᠴᠢᠨ ᠲᠠᠢ᠃ | ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠠᠷᠢᠶᠠᠳᠦ ᠣᠷᠣᠨ ᠵᠡᠭᠦᠨᠰᠢ ᠪᠠᠨ ᠠᠪᠠᠭ᠋ᠠᠢ ᠴᠠᠶᠢᠳᠠᠮ ᠳᠤ ᠬᠦᠷᠴᠦ ᠺᠠᠩ ᠰᠢᠨ ᠵᠡᠭᠡᠯᠢ ᠭᠤᠳᠤᠮᠵᠢ ᠲᠠᠢ ᠵᠠᠬ᠎ᠠ ᠨᠡᠶᠢᠯᠡᠵᠦ᠂ | ᠪᠠᠷᠠᠭᠤᠨᠰᠢ ᠪᠠᠨ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠴᠢᠤᠸᠠᠨ ᠱᠧᠩ ᠵᠢᠦ ᠲᠣᠰᠬᠤᠨ ᠲᠠᠢ ᠵᠠᠯᠭᠠᠯᠳᠤᠵᠤ᠂ ᠡᠮᠦᠨᠡᠰᠢ ᠪᠠᠨ ᠬᠢᠶ᠎ᠠ ᠪᠠᠭᠰᠢ | ᠲᠣᠭᠤᠷᠢᠭ ᠤᠨ ᠶᠡᠭᠡ ᠵᠤᠤ ᠵᠡᠭᠡᠯᠢ ᠳᠤ ᠬᠦᠷᠴᠦ᠂ ᠤᠮᠠᠷᠠᠰᠢ ᠪᠠᠨ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠲᠤᠨᠤᠭ ᠲᠥᠬᠦᠭᠡᠷᠦᠮᠵᠢ ᠦᠢᠯᠡᠳᠬᠦ | ᠰᠠᠭᠤᠷᠢᠨ ᠭᠠᠵᠠᠷ ᠲᠠᠢ ᠵᠠᠬ᠎ᠠ ᠨᠡᠶᠢᠯᠡᠵᠦ ᠪᠠᠶᠢᠨ᠎ᠠ᠃ 210 ᠤᠯᠤᠰ ᠤᠨ ᠵᠠᠮ᠂ ᠳ᠋ᠦᠩ ᠺᠠᠩ ᠲᠦᠷᠭᠡᠨ ᠵᠠᠮ ᠡᠮᠦᠨᠡᠰᠢ ᠤᠮᠠᠷᠠᠰᠢ ᠭᠤᠯᠳᠤ ᠪᠠᠷ ᠨᠡᠪᠳᠡᠷᠡᠨ᠂ | ᠷᠦᠩ ᠡᠦ ᠳᠡᠭᠡᠳᠦ ᠬᠤᠷᠳᠤᠨ ᠳᠡᠷᠭᠡᠨ ᠤ ᠵᠠᠮ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠵᠦ᠂ ᠣᠷᠳᠣᠰ ᠤᠨ ᠨᠢᠰᠬᠡᠯ ᠤᠨ ᠪᠠᠭᠤᠳᠠᠯ ᠲᠠᠢ ᠭᠤᠤᠯ ᠠᠯᠤᠰᠯᠠᠨ | ᠨᠢᠭᠤᠷᠯᠠᠵᠤ᠂ ᠵᠠᠮ ᠬᠠᠷᠢᠯᠴᠠᠭ᠎ᠠ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠳᠠᠪᠠᠭᠤᠯᠢᠭ ᠭᠠᠵᠠᠷ ᠵᠦᠶ ᠶᠢᠨ ᠪᠠᠶᠢᠷᠢᠯᠠᠯ ᠲᠠᠢ ᠃ | ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠠᠷᠢᠶᠠᠳᠦ ᠣᠷᠣᠨ ᠳᠤ 1 ᠬᠦᠷᠢᠶᠡᠯᠡᠩ ︵ᠺᠠᠩ ᠪᠸᠢ ᠦᠢᠯᠡᠰ ᠴᠣᠭᠴᠠᠯᠠᠬᠤ ᠬᠦᠷᠢᠶᠡᠯᠡᠩ︶᠂ 241 ᠠᠵᠤ | ᠠᠬᠤᠶᠢᠯᠠᠯ᠂ 167 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 6 ᠰᠤᠷᠭᠠᠭᠤᠯᠢ᠂ 23 ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ᠂ 2 | ᠪᠠᠩᠬᠢ ᠪᠣᠶ᠃ ᠬᠤᠲᠠ ᠶᠢᠨ ᠣᠷᠣᠯᠠᠨ ᠪᠠᠶᠢᠭᠤᠯᠬᠤ ᠲᠥᠪ᠂ ᠣᠷᠳᠣᠰ ᠤᠨ ᠬᠢᠯᠢ ᠶᠢᠨ ᠪᠣᠭᠤᠮᠲᠠ᠂ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠤᠷ᠂ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ | ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ | ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠡᠭᠡᠭᠡᠪᠦᠷᠢ ᠶᠢᠨ ᠬᠠᠮᠢᠶᠠᠷᠤᠯᠲᠠ ᠶᠢᠨ | ᠬᠢᠶ᠎ᠠ ᠪᠠᠭᠰᠢ ᠬᠤᠪᠢᠶᠠᠷᠢ ᠲᠣᠪᠴᠢᠶ᠎ᠠ ᠵᠡᠷᠭᠡ ᠨᠢᠭᠡᠴᠢ ᠪᠤᠢ᠃ ᠬᠠᠷᠢᠶᠠᠲᠤ ᠣᠷᠣᠨ ᠳᠤ ᠺᠠᠩ ᠵᠧᠨ ᠪᠠᠯᠭᠠᠰᠤ᠂ ᠶᠡᠭᠡ ᠣᠪᠣᠭ᠎ᠠ᠂ ᠴᠢᠩ ᠴᠦᠨ ᠱᠠᠨ ᠠᠭᠤᠯᠠ᠂ | ᠯᠧᠢ ᠵᠢᠶᠠ ᠫᠥᠸᠧ ᠣᠰᠣᠷᠬᠠᠭ ᠭᠠᠵᠠᠷ ᠵᠡᠷᠭᠡ ᠣᠯᠠᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠶ᠃ |