ᠬᠢᠶ᠎ᠠ ᠪᠠᠭᠰᠢ ᠵᠡᠭᠡᠯᠢ ᠭᠤᠳᠤᠮᠵᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/5/17
哈巴格希.jpg
       ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠠᠷᠢᠶᠠᠳᠦ ᠣᠷᠣᠨ ᠤ ᠶᠡᠷᠦᠩᠬᠡᠢ ᠲᠠᠯᠠᠪᠠᠢ ᠨᠢ 185.27 ᠲᠡᠭᠰᠢ ᠳᠥᠷᠪᠡᠯᠵᠢᠨ ᠺᠢᠯᠤᠮᠧᠲᠷ᠂ ᠬᠠᠷᠢᠶᠠᠨ ᠳᠤ ᠰᠢᠨ ᠪᠧᠢ ᠨᠡᠶᠢᠭᠡᠮ ᠲᠣᠭᠤᠷᠢᠭ᠂ ᠳᠠᠷᠬᠠᠨ ᠨᠡᠶᠢᠭᠡᠮ ᠲᠣᠭᠤᠷᠢᠭ᠂ ᠬᠢᠶ᠎ᠠ ᠪᠠᠭᠰᠢ ᠨᠡᠶᠢᠭᠡᠮ ᠲᠣᠭᠤᠷᠢᠭ ᠵᠡᠷᠭᠡ ᠭᠤᠷᠪᠠᠨ ᠨᠡᠶᠢᠭᠡᠮ ᠲᠣᠭᠤᠷᠢᠭ ᠲᠠᠢ᠂ ᠬᠢᠶ᠎ᠠ ᠪᠠᠭᠰᠢ ᠵᠡᠭᠡᠯᠢ ᠭᠤᠳᠤᠮᠵᠢ 10 ᠰᠠᠭᠤᠭᠠᠯᠢ ᠠᠷᠠᠳ ᠤᠨ ᠲᠣᠭᠤᠷᠢᠭ ᠲᠤ ᠦᠢᠯᠡᠴᠢᠯᠡᠨ ᠬᠠᠮᠢᠶᠠᠷᠴᠤ᠂ ᠬᠠᠷᠢᠶ᠎ᠠ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 11575 ᠬᠥᠮᠦᠨ᠂ ᠨᠡᠭᠦᠳᠡᠯ ᠬᠥᠮᠦᠨ ᠠᠮᠠ ᠪᠠᠷᠤᠭ 5000 ᠬᠥᠮᠦᠨ᠂  ᠦᠢᠯᠡᠴᠢᠯᠡᠵᠦ ᠪᠠᠶᠢᠭ᠎ᠠ ᠶᠡᠷᠦᠩᠬᠡᠢ ᠬᠥᠮᠦᠨ ᠠᠮᠠ ᠪᠠᠷᠤᠭ 1.7 ᠲᠦᠮᠡᠨ ᠬᠥᠮᠦᠨ ᠪᠤᠢ᠃ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ ᠠᠮᠢ ᠠᠬᠤᠶ ᠶᠢᠨ ᠨᠡᠭᠦᠳᠡᠯᠯᠡᠬᠦ ᠠᠵᠢᠯ ᠢ ᠬᠡᠷᠡᠭᠵᠢᠭᠦᠯᠬᠦ ᠪᠠᠷ ᠳᠠᠮᠵᠢᠨ᠂ ᠤᠢᠢᠷ᠎ᠠ ᠶᠢᠨ ᠵᠢᠯ ᠤᠳ ᠲᠤ᠂ ᠬᠥᠳᠡᠭᠡ ᠲᠣᠰᠬᠤᠨ ᠤ ᠬᠥᠮᠦᠨ ᠠᠮᠠ ᠶᠢ ᠨᠡᠶᠢᠳᠡ 3653 ᠡᠷᠦᠬᠡ 8013 ᠬᠦᠮᠦᠨ ᠰᠢᠯᠵᠢᠭᠦᠯᠵᠦ᠂ ᠡᠭᠦᠨ ᠤ ᠳᠣᠲᠣᠷ᠎ᠠ ᠭᠠᠵᠠᠷ ᠰᠢᠷᠣᠶ ᠳᠠᠳᠠᠪᠤᠷᠢᠯᠠᠭᠰᠠᠨ ᠨᠡᠭᠦᠳᠡᠯᠴᠢᠨ 2047 ᠡᠷᠦᠬᠡ 4320 ᠬᠥᠮᠦᠨ᠂ ᠠᠮᠢ ᠠᠬᠤᠶ ᠶᠢᠨ ᠨᠡᠭᠦᠳᠡᠯᠴᠢᠨ 1606 ᠡᠷᠦᠬᠡ 3693 ᠬᠥᠮᠦᠨ᠂ ᠪᠦᠬᠦ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠶᠢᠨ 98 % ᠶᠢ ᠡᠵᠡᠯᠡᠨ᠎ᠡ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ 12 ᠨᠠᠮ ᠤᠨ ᠵᠣᠬᠢᠶᠠᠨ ᠪᠠᠶᠢᠭᠤᠯᠤᠯᠲᠠ ᠲᠠᠢ᠂ ᠰᠢᠭᠤᠳ ᠬᠠᠮᠢᠶᠠᠷᠬᠤ ᠨᠠᠮ ᠤᠨ ᠭᠡᠰᠢᠭᠦᠨ ᠨᠡᠶᠢᠳᠡ 246 ᠬᠥᠮᠦᠨ ᠪᠤᠢ᠃ ᠬᠢᠶ᠎ᠠ ᠪᠠᠭᠰᠢ ᠵᠡᠭᠡᠯᠢ ᠭᠤᠳᠤᠮᠵᠢ ᠨᠢ ᠬᠢᠶ᠎ᠠ ᠪᠠᠭᠰᠢ ᠲᠣᠭᠤᠷᠢᠭ ᠤᠨ ᠲᠣᠮᠢᠯᠠᠭᠰᠠᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠭᠤᠣᠯ ᠲᠤᠰᠢᠶᠠᠯ ᠬᠠᠷᠢᠭᠤᠴᠠᠯᠭ᠎ᠠ ᠪᠣᠯ᠄ ᠲᠣᠭᠤᠷᠢᠭ ᠤᠨ ᠨᠠᠮ ᠤᠨ ᠬᠤᠷᠢᠶᠠᠨ ᠤ ᠡᠷᠬᠡ ᠣᠯᠭᠤᠯᠲᠠ ᠶᠢ ᠦᠨᠳᠦᠰᠦᠯᠡᠨ᠂ ᠵᠡᠭᠡᠯᠢ ᠭᠤᠳᠤᠮᠵᠢ ᠶᠢᠨ ᠬᠠᠷᠢᠶᠠᠨ ᠤ ᠤᠯᠤᠰ ᠲᠦᠷᠦ᠂ ᠠᠵᠤ ᠠᠬᠤᠶ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠪᠠ ᠨᠠᠮ ᠤᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠬᠠᠤᠯᠢ ᠲᠣᠭᠲᠠᠭᠠᠯ ᠢ ᠦᠨᠳᠦᠰᠦᠯᠡᠨ᠂ ᠵᠣᠬᠢᠴᠠᠩᠭᠤᠶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠢᠶᠠᠨ ᠬᠦᠢᠴᠡᠳᠭᠡᠵᠦ᠂  ᠣᠳᠣ ᠵᠡᠭᠡᠯᠢ ᠭᠤᠳᠤᠮᠵᠢ ᠳᠤ ᠨᠡᠶᠢᠲᠡ 70 ᠺᠠᠳ᠋ᠷ ᠠᠵᠢᠯᠲᠠᠨ ᠠᠵᠢᠯᠴᠢᠨ ᠲᠠᠢ᠃       ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠠᠷᠢᠶᠠᠳᠦ ᠣᠷᠣᠨ ᠵᠡᠭᠦᠨᠰᠢ ᠪᠠᠨ ᠠᠪᠠᠭ᠋ᠠᠢ ᠴᠠᠶᠢᠳᠠᠮ ᠳᠤ ᠬᠦᠷᠴᠦ ᠺᠠᠩ ᠰᠢᠨ ᠵᠡᠭᠡᠯᠢ ᠭᠤᠳᠤᠮᠵᠢ ᠲᠠᠢ ᠵᠠᠬ᠎ᠠ ᠨᠡᠶᠢᠯᠡᠵᠦ᠂ ᠪᠠᠷᠠᠭᠤᠨᠰᠢ ᠪᠠᠨ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠴᠢᠤᠸᠠᠨ ᠱᠧᠩ ᠵᠢᠦ ᠲᠣᠰᠬᠤᠨ ᠲᠠᠢ ᠵᠠᠯᠭᠠᠯᠳᠤᠵᠤ᠂ ᠡᠮᠦᠨᠡᠰᠢ ᠪᠠᠨ ᠬᠢᠶ᠎ᠠ ᠪᠠᠭᠰᠢ ᠲᠣᠭᠤᠷᠢᠭ ᠤᠨ ᠶᠡᠭᠡ ᠵᠤᠤ ᠵᠡᠭᠡᠯᠢ ᠳᠤ ᠬᠦᠷᠴᠦ᠂ ᠤᠮᠠᠷᠠᠰᠢ ᠪᠠᠨ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ  ᠭᠠᠵᠠᠷ ᠲᠠᠢ ᠵᠠᠬ᠎ᠠ ᠨᠡᠶᠢᠯᠡᠵᠦ ᠪᠠᠶᠢᠨ᠎ᠠ᠃ 210 ᠤᠯᠤᠰ ᠤᠨ ᠵᠠᠮ᠂ ᠳ᠋ᠦᠩ ᠺᠠᠩ ᠲᠦᠷᠭᠡᠨ ᠵᠠᠮ ᠡᠮᠦᠨᠡᠰᠢ ᠤᠮᠠᠷᠠᠰᠢ ᠭᠤᠯᠳᠤ ᠪᠠᠷ  ᠨᠡᠪᠳᠡᠷᠡᠨ᠂ ᠷᠦᠩ ᠡᠦ ᠳᠡᠭᠡᠳᠦ ᠬᠤᠷᠳᠤᠨ ᠳᠡᠷᠭᠡᠨ ᠤ ᠵᠠᠮ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠵᠦ᠂ ᠣᠷᠳᠣᠰ ᠤᠨ ᠨᠢᠰᠬᠡᠯ ᠤᠨ ᠪᠠᠭᠤᠳᠠᠯ ᠲᠠᠢ ᠭᠤᠤᠯ ᠠᠯᠤᠰᠯᠠᠨ ᠨᠢᠭᠤᠷᠯᠠᠵᠤ᠂ ᠵᠠᠮ ᠬᠠᠷᠢᠯᠴᠠᠭ᠎ᠠ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠳᠠᠪᠠᠭᠤᠯᠢᠭ ᠭᠠᠵᠠᠷ ᠵᠦᠶ ᠶᠢᠨ ᠪᠠᠶᠢᠷᠢᠯᠠᠯ ᠲᠠᠢ ᠃     ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠠᠷᠢᠶᠠᠳᠦ ᠣᠷᠣᠨ ᠳᠤ 1 ᠬᠦᠷᠢᠶᠡᠯᠡᠩ ︵ᠺᠠᠩ ᠪᠸᠢ  ᠦᠢᠯᠡᠰ ᠴᠣᠭᠴᠠᠯᠠᠬᠤ ᠬᠦᠷᠢᠶᠡᠯᠡᠩ︶᠂ 241 ᠠᠵᠤ ᠠᠬᠤᠶᠢᠯᠠᠯ᠂ 167 ᠬᠤᠪᠢ ᠶᠢᠨ  ᠦᠢᠯᠡᠳᠪᠦᠷᠢ ᠬᠤᠳᠠᠯᠳᠤᠭᠠᠨ ᠤ ᠡᠷᠦᠬᠡ᠂ 6 ᠰᠤᠷᠭᠠᠭᠤᠯᠢ᠂ 23 ᠵᠠᠰᠠᠭ ᠵᠠᠬᠢᠷᠭᠠᠨ ᠤ ᠠᠵᠢᠯ  ᠦᠢᠯᠡᠰ ᠤᠨ ᠨᠢᠭᠡᠴᠢ᠂ 2 ᠪᠠᠩᠬᠢ ᠪᠣᠶ᠃ ᠬᠤᠲᠠ ᠶᠢᠨ ᠣᠷᠣᠯᠠᠨ ᠪᠠᠶᠢᠭᠤᠯᠬᠤ ᠲᠥᠪ᠂ ᠣᠷᠳᠣᠰ ᠤᠨ ᠬᠢᠯᠢ ᠶᠢᠨ ᠪᠣᠭᠤᠮᠲᠠ᠂ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠤᠷ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠬᠢᠶ᠎ᠠ ᠪᠠᠭᠰᠢ ᠬᠤᠪᠢᠶᠠᠷᠢ ᠲᠣᠪᠴᠢᠶ᠎ᠠ ᠵᠡᠷᠭᠡ ᠨᠢᠭᠡᠴᠢ ᠪᠤᠢ᠃ ᠬᠠᠷᠢᠶᠠᠲᠤ ᠣᠷᠣᠨ ᠳᠤ ᠺᠠᠩ ᠵᠧᠨ ᠪᠠᠯᠭᠠᠰᠤ᠂ ᠶᠡᠭᠡ ᠣᠪᠣᠭ᠎ᠠ᠂ ᠴᠢᠩ ᠴᠦᠨ ᠱᠠᠨ ᠠᠭᠤᠯᠠ᠂  ᠯᠧᠢ ᠵᠢᠶᠠ ᠫᠥᠸᠧ ᠣᠰᠣᠷᠬᠠᠭ ᠭᠠᠵᠠᠷ ᠵᠡᠷᠭᠡ ᠣᠯᠠᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠶ᠃
ᠢᠷᠡᠯᠲᠡ᠄ ᠲᠤᠰ ᠰᠦᠯᠵᠢᠶ᠎ᠡ