ᠺᠠᠩ ᠰᠢᠨ ᠵᠡᠭᠡᠯᠢ ᠭᠤᠳᠤᠮᠵᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/5/17
 1.jpg       
           ᠺᠠᠩ ᠰᠢᠨ ᠵᠡᠭᠡᠯᠢ ᠭᠤᠳᠤᠮᠵᠢ ᠨᠢ ᠬᠢᠶ᠎ᠠ ᠪᠠᠭᠰᠢ ᠲᠣᠭᠤᠷᠢᠭ ᠤᠨ ᠵᠡᠭᠦᠨ ᠪᠡᠶ᠎ᠡ ᠳᠤ ᠪᠠᠶᠢᠷᠢᠯᠠᠵᠤ᠂  ᠵᠡᠭᠦᠨᠰᠢ ᠪᠠᠨ ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤ ᠲᠠᠢ ᠵᠠᠯᠭᠠᠯᠳᠣᠨ᠂ ᠡᠮᠤᠨᠡᠰᠢ ᠪᠠᠨ ᠡᠵᠡᠨ ᠬᠤᠷᠤᠭ᠎ᠠ ᠬᠤᠰᠢᠭᠤᠨ ᠤ ᠤᠯᠠᠭᠠᠨᠮᠦ᠋ᠷᠡᠨ ᠪᠠᠯᠭᠠᠰᠤ ᠲᠠᠢ ᠵᠠᠬ᠎ᠠ ᠨᠡᠶᠢᠯᠡᠵᠦ᠂  ᠪᠠᠷᠠᠭᠤᠨᠰᠢ  ᠪᠠᠨ ᠬᠢᠶ᠎ᠠ ᠪᠠᠭᠰᠢ ᠵᠡᠭᠡᠯᠢ ᠭᠤᠳᠤᠮᠵᠢ ᠲᠠᠢ ᠬᠦᠷᠰᠢᠯᠡᠨ᠂ ᠣᠮᠠᠷᠠᠰᠢ ᠪᠠᠨ ᠳ᠋ᠦᠩᠱᠧᠩ ᠲᠣᠭᠤᠷᠢᠭ ᠤᠨ ᠬᠠᠨᠲᠠᠶ ᠪᠠᠯᠭᠠᠰᠤ ᠲᠠᠢ ᠬᠥᠷᠰᠢᠯᠡᠵᠦ ᠪᠠᠶᠢᠨ᠎ᠠ᠃ 2016 ᠣᠨ ᠳᠤ ᠬᠢᠶ᠎ᠠ ᠪᠠᠭᠰᠢ ᠵᠡᠭᠡᠯᠢ ᠭᠤᠳᠤᠮᠵᠢ ᠠᠴᠠ ᠬᠡᠰᠡᠭ ᠣᠷᠣᠨ ᠨᠣᠳᠤᠭ ᠢ ᠬᠤᠪᠢᠶᠠᠷᠢᠯᠠᠨ ᠭᠠᠷᠭᠠᠵᠤ᠂ ᠺᠠᠩ ᠰᠢᠨ ᠵᠡᠭᠡᠯᠢ ᠭᠤᠳᠤᠮᠵᠢ ᠶᠢ ᠵᠢᠩᠬᠢᠨᠢ ᠪᠠᠷ ᠪᠠᠶᠢᠭᠤᠯᠬᠤ ᠪᠠᠷ ᠵᠥᠪᠰᠢᠶᠡᠷᠡᠪᠠ᠃ 155.99 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠲᠠᠢ᠂ 2.3 ᠲᠦᠮᠡ ᠭᠠᠷᠤᠶ ᠬᠥᠮᠦᠨ ᠠᠮᠠ ᠳᠤ ᠦᠢᠯᠡᠴᠢᠯᠡᠵᠦ ᠪᠠᠶᠢᠨ᠎ᠠ᠃ ᠶᠤᠸᠠᠢ ᠾᠧ ᠨᠡᠶᠢᠭᠡᠮ ᠲᠣᠭᠤᠷᠢᠭ᠂ ᠭᠡᠳᠡᠷᠭᠡ ᠨᠡᠶᠢᠭᠡᠮ ᠲᠣᠭᠤᠷᠢᠭ 2 ᠨᠡᠶᠢᠭᠡᠮ ᠲᠣᠭᠤᠷᠢᠭ ᠢ ᠬᠠᠷᠢᠶᠠᠯᠠᠪᠠ᠃ ᠶᠤᠸᠠᠢ ᠾᠧ ᠨᠡᠶᠢᠭᠡᠮ ᠲᠣᠭᠤᠷᠢᠭ 2018 ᠣᠨ ᠳᠤ ᠪᠠᠶᠢᠭᠤᠯᠤᠭᠳᠠᠵᠤ᠂ ︽  ᠠᠶᠢᠯ ᠠᠶᠢᠮᠠᠭ ᠢᠶᠠᠷ ᠢᠶᠠᠨ ᠡᠶ᠎ᠡ ᠨᠠᠶᠢᠷᠲᠠᠢ ᠶᠠᠪᠤᠯᠴᠠᠵᠤ᠂ ᠠᠮᠢᠳᠤᠷᠠᠯ ᠪᠠᠶᠠᠷ ᠴᠡᠩᠬᠡᠯ ᠢᠶᠠᠷ ᠪᠢᠯᠬᠠᠨ᠎ᠠ︾ ᠭᠡᠬᠦ ᠤᠳᠬ᠎ᠠ ᠪᠠᠷ ᠨᠡᠷᠡᠶᠢᠳᠴᠡᠢ᠃ ᠭᠡᠳᠡᠷᠭᠡ ᠨᠡᠶᠢᠭᠡᠮ ᠲᠣᠭᠤᠷᠢᠭ 2018 ᠣᠨ ᠤ 4 ᠰᠠᠷ᠎ᠠ ᠳᠤ ᠪᠠᠶᠢᠭᠤᠯᠤᠭᠳᠠᠪᠠ᠃ ︽ᠭᠡᠳᠡᠷᠭᠡ︾ ᠪᠣᠯ ᠮᠣᠩᠭᠤᠯ ᠬᠡᠯᠡ᠂ ᠠᠷᠤᠭᠰᠢ ︵ᠬᠤᠶᠢᠰᠢ︶ ᠪᠠᠨ ᠰᠤᠨᠤᠭᠰᠠᠨ ᠬᠥᠲᠥᠯ ᠬᠡᠰᠡᠨ ᠤᠳᠬ᠎ᠠ ᠲᠠᠢ᠂ ᠡᠮᠦᠨ᠎ᠡ ᠪᠡᠶ᠎ᠡ ᠪᠠᠷ ᠢᠶᠠᠨ ᠥᠨᠳᠥᠷ ᠬᠤᠶᠢᠳᠤ ᠪᠡᠶ᠎ᠡ ᠪᠠᠷ ᠢᠶᠠᠨ ᠳᠣᠤᠷ᠎ᠠ ᠪᠠᠶᠢᠳᠠᠭ ᠰᠡᠭᠦᠳᠡᠷ ᠲᠠᠢ ᠬᠥᠲᠥᠯ ᠤᠨ ᠭᠠᠵᠠᠷ ᠤᠨ ᠪᠠᠶᠢᠴᠠ ᠠᠴᠠ ᠢᠩᠭᠢᠵᠦ ᠨᠡᠷᠡᠯᠡᠭᠳᠡᠭᠰᠡᠨ ᠶᠤᠮ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠣᠷᠳᠣᠰ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠰᠢᠨᠵᠢᠯᠡᠭᠡ ᠮᠡᠷᠭᠡᠵᠢᠯ ᠵᠡᠭᠡᠯᠢ ᠶᠢᠨ L1-1 ᠳ᠋ᠦ᠋ᠭᠡᠷ ᠨᠣᠮᠧᠷ ᠲᠤ ᠰᠠᠭᠤᠷᠢᠰᠢᠵᠤ ᠪᠠᠶᠢᠨ᠎ᠠ᠃ ᠣᠷᠳᠣᠰ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠬᠠᠮᠢᠶᠠᠷᠤᠯᠲᠠ ᠶᠢᠨ ᠵᠥᠪᠯᠡᠯ᠂ ᠣᠷᠳᠣᠰ ᠬᠤᠲᠠ ᠶᠢᠨ ᠪᠠᠳᠤᠯᠭᠠᠳᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠥᠪ᠂  ᠣᠷᠳᠣᠰ ᠬᠤᠲᠠ ᠶᠢᠨ ᠳᠡᠭᠡᠳᠦ ᠵᠡᠷᠭᠡ ᠶᠢᠨ ᠪᠠᠯᠠ ᠣᠷᠣᠭᠤᠯᠤᠯᠲᠠ ᠶᠢᠨ ᠬᠤᠯᠪᠤᠯᠴᠠᠯ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠨᠧᠩ ᠬᠢᠶ᠎ᠠ ᠪᠠᠭᠰᠢ ᠶᠢᠨ ᠢᠯᠴᠢ  ᠴᠠᠬᠢᠯᠭᠠᠨ ᠤ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠲᠠᠢ ᠹᠠ ᠰᠢᠶᠠᠩ ᠠᠵᠤ ᠦᠢᠯᠡᠳᠪᠦᠷᠢ ᠠᠷᠠᠯᠵᠢᠶ᠎ᠠ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠂ ᠣᠷᠳᠣᠰ ᠬᠤᠲᠠ ᠶᠢᠨ ᠣᠷᠴᠢᠨ ᠠᠬᠤᠢ ᠶᠢ ᠬᠠᠮᠠᠭᠠᠯᠠᠬᠤ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠨᠢᠭᠡᠴᠢ ᠰᠠᠭᠤᠷᠢᠰᠢᠵᠤ ᠪᠤᠢ᠃
ᠢᠷᠡᠯᠲᠡ᠄ ᠳᠣᠰ ᠰᠦᠯᠵᠢᠶ᠎ᠡ