ᠪᠢᠨ ᠾᠧ ᠵᠡᠭᠡᠯᠢ ᠭᠤᠳᠤᠮᠵᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/5/17
滨河.jpg
        ᠬᠢᠶ᠎ᠠ ᠪᠠᠭᠰᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢ 2010 ᠣᠨ ᠤ 5 ᠰᠠᠷ᠎ᠠ ᠳᠤ ᠪᠠᠶᠢᠭᠤᠯᠬᠤ ᠪᠠᠷ ᠪᠡᠯᠡᠳᠬᠡᠵᠦ᠂ 2011 ᠣᠨ ᠤ 7 ᠰᠠᠷ᠎ᠠ ᠳᠤ ᠵᠢᠩᠬᠢᠨᠢ ᠪᠠᠷ ᠴᠤᠬᠤᠯᠠᠪᠤᠷᠢᠯᠠᠨ ᠬᠠᠷᠢᠭᠤᠯᠪᠠ᠂ ᠬᠠᠷᠢᠶᠠᠯᠠᠬᠤ ᠬᠡᠪᠴᠢᠶ᠎ᠡ ᠨᠢ ᠤᠮᠠᠷᠠᠰᠢ ᠣᠷᠳᠣᠰ ᠶᠡᠭᠡ ᠵᠡᠭᠡᠯᠢ ᠲᠠᠢ ᠬᠠᠪᠢᠳᠠᠨ᠂ ᠡᠮᠦᠨᠡᠰᠢ ᠤᠯᠠᠭᠠᠨᠮᠦ᠋ᠷᠡᠨ ᠨᠠᠭᠤᠷ ᠲᠠᠢ ᠬᠠᠪᠢᠳᠠᠵᠤ᠂ ᠵᠡᠭᠦᠨᠰᠢ ᠲᠣᠷᠣᠨ᠎ᠠ ᠵᠠᠮ ᠲᠠᠢ ᠵᠠᠯᠭᠠᠯᠳᠣᠨ᠂ ᠪᠠᠷᠠᠭᠤᠨᠰᠢ ᠬᠤ᠋ ᠪᠢᠨ ᠵᠠᠮ ᠲᠠᠢ ᠵᠠᠯᠭᠠᠯᠳᠤᠵᠤ᠂ ᠬᠠᠷᠢᠶᠠᠲᠤ ᠣᠷᠣᠨ ᠤ ᠶᠡᠷᠦᠩᠬᠡᠶ ᠲᠠᠯᠠᠪᠠᠶ ᠨᠢ 17.36 ᠲᠡᠭᠰᠢ ᠳᠥᠷᠪᠡᠯᠵᠢᠨ ᠺᠢᠯᠣᠮᠧᠲᠷ᠃ ᠵᠡᠭᠡᠯᠢ ᠭᠤᠳᠤᠮᠵᠢ ᠶᠢᠨ ᠬᠠᠷᠢᠶᠠᠨ ᠳᠤ ᠺᠠᠩ ᠴᠧᠩ᠂ ᠨᠢᠩ ᠰᠢᠨ᠂ ᠰᠢᠩ ᠸᠠᠩ᠂ ᠬᠦᠭᠡᠲᠠᠯ᠎ᠠ 4 ᠨᠡᠶᠢᠭᠡᠮ ᠲᠣᠭᠤᠷᠢᠭ ᠲᠠᠢ᠃ ᠨᠡᠶᠢᠲᠡ 22 ᠰᠠᠭᠤᠭᠠᠯᠢ ᠠᠷᠠᠳ ᠤᠨ ᠲᠣᠭᠤᠷᠢᠭ᠂ 9187 ᠡᠷᠦᠬᠡ  ᠲᠠᠢ᠂ ᠨᠢᠭᠡᠨᠲᠡ 7433 ᠡᠷᠦᠬᠡ ᠣᠷᠣᠨ ᠰᠠᠭᠤᠵᠦ᠂ ᠣᠷᠣᠵᠤ ᠰᠠᠭᠤᠭᠰᠠᠨ ᠨᠣᠷᠮ᠎ᠠ ᠨᠢ 81% ᠳᠤ ᠬᠥᠷᠪᠡ᠃  ᠶᠡᠷᠦᠩᠬᠡᠶ ᠬᠥᠮᠦᠨ ᠠᠮᠠ ᠨᠢ 2.7 ᠲᠦᠮᠡ ᠭᠠᠷᠤᠶ ᠪᠠᠶᠢᠵᠤ᠂ ᠡᠭᠦᠨ ᠳᠤ ᠪᠠᠶᠢᠩᠭᠤ ᠰᠠᠭᠤᠭ᠎ᠠ ᠬᠥᠮᠦᠨ ᠠᠮᠠ ᠨᠢ 2.2 ᠲᠦᠮᠡ ᠭᠠᠷᠤᠶ ᠪᠠᠶᠢᠨ᠎ᠠ᠃
ᠢᠷᠡᠯᠲᠡ᠄ ᠳᠣᠰ ᠰᠦᠯᠵᠢᠶ᠎ᠡ