ᠬᠢᠶ᠎ᠠ ᠪᠠᠭᠰᠢ ᠲᠣᠭᠤᠷᠢᠭ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠤᠨ ᠠᠵᠢᠯᠯᠠᠭ᠎ᠠ ᠨᠢ ᠰᠤᠷᠤᠭᠴᠢᠳ ᠤᠨ ᠵᠣᠯ ᠵᠢᠷᠭᠠᠯᠲᠤ ᠦᠰᠦᠨ ᠪᠤᠶᠢᠵᠢᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/5/27
        ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠶᠡᠷᠦ ᠠᠴᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠣᠨᠴᠠᠯᠢᠭ ᠲᠠᠢ ᠪᠠᠷ ᠬᠥᠭᠵᠢᠭᠦᠯᠬᠦ᠂ ᠲᠥᠷᠥᠯ ᠬᠤᠪᠢᠶᠠᠨ ᠵᠢᠯᠣᠭᠤᠳᠬᠤ︾ ᠰᠡᠳᠬᠢᠴᠡ ᠶᠢᠨ ᠬᠥᠮᠦᠵᠢᠯ ᠤᠨ ᠵᠠᠷᠴᠢᠮ ᠢ ᠦᠨᠳᠦᠰᠦᠯᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ᠂ ᠰᠡᠳᠬᠢᠴᠡ ᠶᠢᠨ ᠬᠥᠭᠵᠢᠯᠲᠡ ᠶᠢᠨ ᠣᠨᠴᠠᠯᠢᠭ ᠪᠠ ᠵᠢᠮ᠎ᠡ ᠶᠣᠰᠣ ᠲᠠᠢ ᠤᠶᠠᠯᠳᠤᠭᠤᠯᠤᠨ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠮᠠᠨ ᠤ ᠲᠣᠭᠤᠷᠢᠭ ᠤᠨ ᠰᠤᠷᠤᠭᠴᠢᠳ ᠤᠨ ᠪᠡᠶ᠎ᠡ ᠰᠡᠳᠬᠢᠯ ᠤᠨ ᠪᠥᠬᠦ ᠲᠠᠯ᠎ᠠ ᠶᠢᠨ᠂ ᠡᠶ᠎ᠡ ᠵᠣᠬᠢᠴᠠᠯ ᠲᠠᠢ᠂ ᠡᠷᠡᠭᠦᠯ ᠢᠶᠠᠷ ᠬᠥᠭᠵᠢᠬᠦ ᠶᠢ ᠠᠬᠢᠭᠤᠯᠵᠤ ᠪᠠᠶᠢᠨ᠎ᠠ᠃         ᠨᠢᠭᠡ᠂ ᠨᠠᠷᠠᠲᠤ ᠪᠠᠭᠰᠢ ᠶᠢ ᠣᠷᠣᠭᠤᠯᠵᠤ᠂ ᠲᠣᠭᠲᠠᠴᠠ ᠶᠢ ᠰᠢᠨ᠎ᠡ ᠪᠠᠷ ᠡᠭᠦᠳᠣᠨ᠂ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠤᠨ ᠠᠵᠢᠯᠯᠠᠭ᠎ᠠ  ᠶᠢᠨ ᠰᠢᠨ᠎ᠡ ᠪᠠᠶᠢᠳᠠᠯ ᠢ ᠡᠭᠦᠳᠪᠡ᠃
          ᠬᠤᠶᠠᠷ᠂ ᠰᠤᠷᠤᠭᠴᠢᠳ ᠲᠤ ᠰᠠᠭᠤᠷᠢᠯᠠᠨ᠂ ᠭᠦᠨᠵᠡᠭᠡᠶ ᠰᠤᠳᠤᠯᠵᠤ᠂ ᠬᠢᠴᠢᠶᠡᠯ ᠤᠨ ᠰᠢᠰᠲ᠋ᠧᠮ ᠢ  ᠲᠡᠭᠦᠯᠳᠡᠷᠵᠢᠭᠦᠯᠪᠡ᠃
         ᠭᠤᠷᠪᠠ᠂ ᠬᠡᠯᠪᠡᠷᠢ ᠮᠠᠶᠠᠭ ᠢ ᠰᠢᠨ᠎ᠡ ᠪᠠᠷ ᠡᠭᠦᠳᠴᠦ᠂ ᠢᠳᠡᠪᠬᠢᠲᠡᠶ ᠪᠠᠷ ᠵᠣᠬᠢᠶᠠᠨ ᠪᠠᠶᠢᠭᠤᠯᠣᠨ᠂ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠤᠨ ᠥᠪᠡᠷᠮᠢᠴᠡ ᠣᠨᠴᠠᠯᠢᠭᠲᠤ ᠠᠵᠢᠯᠯᠠᠭ᠎ᠠ ᠶᠢ  ᠪᠠᠶᠠᠯᠢᠭᠵᠢᠭᠤᠯᠪᠠ᠃
 
ᠢᠷᠡᠯᠲᠡ᠄ ᠲᠣᠰ ᠰᠥᠯᠵᠢᠶ᠎ᠡ