ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠢ ᠴᠢᠩᠭ᠎ᠠ ᠵᠢᠷᠤᠮᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/5/8
                        ᠣᠷᠳᠣᠰ ᠬᠢᠶ᠎ᠠ ᠪᠠᠭᠰᠢ ᠪᠡᠶ᠎ᠡ ᠲᠠᠮᠢᠷ ᠲᠠᠷᠬᠠᠭᠠᠭᠰᠠᠨ ﹇2021﹈ 17 ᠳ᠋ᠤᠭᠠᠷ ᠲᠣᠭᠠᠲᠤ        ᠬᠢᠶ᠎ᠠ ᠪᠠᠭᠰᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠰᠣᠩᠭᠤᠬᠤ ᠦᠵᠡᠭᠳᠡᠯ ᠢ ᠨᠠᠮᠳᠠᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠂ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷᠵᠢᠭᠤᠨ ᠪᠥᠭᠡᠳ ᠲᠡᠩᠴᠡᠭᠦᠷᠢᠲᠡᠶ ᠬᠦᠭᠵᠢᠬᠦᠯᠲᠡ ᠶᠢ ᠳᠡᠭᠡᠭᠰᠢᠯᠡᠬᠦᠯᠬᠦ ᠶᠢᠨ ᠲᠥᠯᠥᠭᠡ᠂ ᠲᠣᠭᠤᠷᠢᠭ ᠤᠨ ᠰᠣᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠲᠣᠭᠲᠠᠭᠠᠭᠰᠠᠨ ᠢᠶᠠᠷ᠂ ᠡᠳᠦᠭᠡ ᠰᠣᠷᠣᠭᠴᠢ ᠡᠯᠰᠡᠬᠦ ᠠᠵᠢᠯ ᠢ ᠵᠢᠷᠤᠮᠵᠢᠭᠤᠯᠬᠤ ᠲᠤᠬᠠᠶ ᠳᠣᠤᠷᠠᠬᠢ ᠮᠡᠲᠦ ᠱᠠᠭᠠᠷᠳᠠᠯᠭ᠎ᠠ ᠳᠤᠷᠠᠳᠤᠶ᠎ᠠ᠄           1᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠰᠣᠷᠣᠭᠴᠢ ᠡᠯᠰᠡᠬᠦ ᠶᠢ  ᠡᠷᠡᠰ ᠴᠠᠭᠠᠵᠠᠯᠠᠨ᠎ᠠ ᠃          2᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠶ᠎ᠠ ᠲᠠᠢ ᠰᠣᠷᠣᠭᠴᠢ ᠲᠣᠭᠤᠷᠢᠭ ᠤᠨ ᠡᠯ᠎ᠡ ᠰᠤᠷᠭᠠᠭᠤᠯᠢ ᠶᠢᠨ ᠬᠤᠭᠤᠷᠣᠨᠳᠣ ᠰᠤᠷᠭᠠᠭᠤᠯᠢ ᠰᠢᠯᠵᠢᠬᠦ ᠶᠢ ᠡᠷᠡᠰ ᠴᠠᠭᠠᠵᠠᠯᠠᠨ᠎ᠠ ᠃          3᠂ ᠰᠤᠷᠭᠠᠭᠤᠯᠢ ᠶᠢᠨ  ᠠᠯᠢᠪᠠ ᠬᠡᠯᠪᠡᠷᠢ ᠶᠢᠨ ᠲᠣᠭᠲᠠᠭᠠᠯ ᠠᠴᠠ ᠵᠥᠷᠢᠴᠡᠨ ᠤᠷᠢᠳᠴᠢᠯᠠᠨ ᠰᠣᠷᠣᠭᠴᠢ ᠡᠯᠰᠡᠬᠦ᠂ ︽ᠣᠷᠦ᠋ᠢᠯᠠᠬᠤ︾ ᠰᠣᠷᠣᠭᠴᠢ ᠡᠯᠰᠡᠬᠦ ᠶᠢ ᠡᠷᠡᠰ ᠴᠠᠭᠠᠵᠠᠯᠠᠨ᠎ᠠ᠃          4᠂  ᠪᠦᠬᠦ ᠬᠤᠲᠠ ᠶᠢᠨ ᠪᠤᠰᠤᠳ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠭᠰᠡᠨ ᠰᠣᠷᠣᠭᠴᠢ  ᠪᠠ ᠰᠢᠯᠵᠢᠨ ᠰᠣᠷᠬᠤ ᠰᠣᠷᠣᠭᠴᠢ ᠡᠯᠰᠡᠬᠦ ᠶᠢ ᠡᠷᠡᠰ ᠴᠠᠭᠠᠵᠠᠯᠠᠨ᠎ᠠ᠃            ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠣᠷᠣᠭᠴᠢ ᠶᠢᠨ ᠰᠣᠷᠭᠠᠭᠤᠯᠢ ᠳᠤ ᠣᠷᠣᠬᠤ ᠪᠣᠭᠤᠮᠲᠠ ᠶᠢ ᠴᠢᠩᠭ᠎ᠠ ᠠᠳᠬᠤᠨ᠂ ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠡᠯᠰᠡᠭᠰᠡᠨ ᠰᠣᠷᠣᠭᠴᠢ ᠶᠢ ᠪᠠᠶᠢᠴᠠᠭᠠᠨ ᠲᠣᠳᠣᠯᠠᠪᠠᠯ᠂ ᠲᠣᠭᠤᠷᠢᠭ ᠤᠨ ᠰᠣᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠠᠴᠠ ᠰᠤᠷᠭᠠᠭᠤᠯᠢ ᠳᠤ ᠣᠷᠣᠬᠤ ︵ᠰᠤᠷᠭᠠᠭᠤᠯᠢ ᠰᠢᠯᠵᠢᠬᠦ︶ ᠬᠠᠮᠢᠶ᠎ᠠ ᠪᠥᠬᠦᠶ ᠭᠠᠷᠳᠠᠮ ᠢ ᠬᠦᠢᠴᠡᠳᠬᠡᠬᠦ ᠥᠬᠡᠶ ᠪᠥᠭᠡᠳ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ︔ ᠳᠤᠷ᠎ᠠ ᠪᠠᠷ ᠢᠶᠠᠨ ᠰᠤᠷᠭᠠᠭᠤᠯᠢ ᠰᠢᠯᠵᠢᠭᠰᠡᠨ ᠠᠴᠠ ᠪᠣᠯᠵᠣ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠪᠠᠨ ᠠᠯᠳᠠᠭᠰᠠᠨ ᠪᠤᠶᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ᠂ ᠳᠡᠭᠡᠳᠦ ᠰᠤᠷᠭᠠᠭᠤᠯᠢ ᠶᠢᠨ ᠰᠢᠯᠭᠠᠯᠲᠠ ᠠᠴᠠ ᠰᠠᠭᠠᠲᠠᠭᠠᠭᠰᠠᠨ ᠪᠣᠯ᠂ ᠰᠤᠷᠭᠠᠭᠤᠯᠢ  ᠰᠢᠯᠵᠢᠬᠦ ᠭᠤᠶᠤᠴᠢᠯᠠᠭᠴᠢ ᠪᠠ ᠬᠠᠮᠢᠶ᠎ᠠ ᠪᠥᠬᠦᠶ ᠭᠠᠷᠲᠠᠨ ᠬᠦᠢᠴᠡᠳᠬᠡᠭᠴᠢ ᠠᠴᠠ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠰᠤᠷᠭᠠᠭᠤᠯᠢ ᠶᠢᠨ ᠭᠤᠤᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ 
ᠢᠷᠡᠯᠲᠡ᠄ ᠲᠣᠰ ᠰᠥᠯᠵᠢᠶ᠎ᠠ